| | | ᠤᠶᠢᠯᠡᠴᠢᠯᠡᠭᠡᠨ ᠤ ᠤᠶᠢᠯᠡᠰ ᠲᠤᠭᠲᠠᠭᠤᠨ ᠢᠶᠠᠷ ᠨᠡᠮᠡᠭᠳᠡᠵᠦ᠂ ᠵᠢᠭᠤᠯᠴᠢᠯᠠᠯ ᠢᠶᠠᠷ ᠲᠠᠶᠢᠴᠢᠯᠠᠬᠤ ᠶᠢ | ᠦᠷᠭᠦᠯᠵᠢᠯᠡᠨ ᠴᠢᠩᠭᠠᠳᠬᠠᠭᠰᠠᠨ ᠪᠠᠶᠢᠨ᠎ᠠ᠃ 1—10 ᠰᠠᠷ᠎ᠠ ᠳᠤ ᠭᠤᠷᠪᠠᠲᠤᠭᠠᠷ ᠠᠵᠦ ᠤᠶᠢᠯᠡᠰ ᠤᠨ ᠨᠡᠮᠡᠭᠳᠡᠯ | ᠦᠷᠳᠡᠭ ᠢ ᠵᠢᠱᠢᠯᠳᠡ ᠪᠠᠷ 33 ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7% | ᠪᠠᠷ ᠨᠡᠮᠡᠭᠳᠡᠭᠰᠡᠨ ᠪᠠᠶᠢᠨ᠎ᠠ᠃ ᠨᠡᠶᠢᠭᠡᠮ ᠤᠨ ᠬᠡᠷᠡᠭᠯᠡᠭᠡᠨ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 29 | ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠭᠰᠡᠨ ᠪᠠᠶᠢᠨ᠎ᠠ᠃ | 10 ᠰᠠᠷ᠎ᠠ ᠶᠢᠨ ᠡᠴᠦᠰ ᠲᠤ ᠪᠦᠬᠦ ᠬᠤᠰᠢᠭᠤᠨ ᠤ ᠡᠯ᠎ᠡ ᠲᠦᠷᠦᠯ ᠤᠨ ᠵᠤᠭᠤᠰᠦᠨ ᠤ ᠬᠠᠳᠠᠭᠠᠯᠠᠭᠳᠠᠴᠠ ᠶᠢᠨ | ᠦᠯᠡᠳᠡᠪᠦᠷᠢ ᠨᠢ 76.2 ᠳ᠋ᠥ᠋ᠩᠰᠢᠭᠤᠷ ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 23% ᠪᠠᠷ | ᠨᠡᠮᠡᠭᠳᠡᠵᠦ᠂ ᠵᠢᠯ ᠤᠨ ᠡᠭᠢᠨ ᠤ ᠬᠢ ᠠᠴᠠ 8.3 ᠳ᠋ᠥ᠋ᠩᠰᠢᠭᠤᠷ ᠲᠦᠭᠦᠷᠢᠭ ᠨᠡᠮᠡᠭᠳᠡᠭᠰᠡᠨ ᠪᠠᠶᠢᠨ᠎ᠠ︔ ᠡᠯ᠎ᠡ | ᠲᠦᠷᠦᠯ ᠤᠨ ᠵᠢᠭᠡᠯᠡᠯᠭᠡ ᠶᠢᠨ ᠦᠯᠡᠳᠡᠪᠦᠷᠢ 80 ᠳ᠋ᠥ᠋ᠩᠰᠢᠭᠤᠷ ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠤ | ᠬᠢ ᠠᠴᠠ 27% ᠪᠠᠷ ᠨᠡᠮᠡᠭᠳᠡᠵᠦ᠂ ᠵᠢᠯ ᠤᠨ ᠡᠭᠢᠨ ᠤ ᠬᠢ ᠠᠴᠠ 12 ᠳ᠋ᠥ᠋ᠩᠰᠢᠭᠤᠷ ᠲᠦᠭᠦᠷᠢᠭ ᠨᠡᠮᠡᠭᠳᠡᠭᠰᠡᠨ | ᠪᠠᠶᠢᠨ᠎ᠠ᠃ | ᠵᠢᠭᠤᠯᠴᠢᠯᠠᠯ ᠤᠨ ᠤᠶᠢᠯᠡᠰ ᠤᠨ ᠰᠠᠭᠤᠷᠢ ᠲᠦᠭᠦᠭᠡᠷᠦᠮᠵᠢ ᠳᠠᠰᠤᠷᠠᠯᠲᠠ ᠦᠬᠡᠢ ᠳᠡᠭᠦᠯᠳᠡᠷᠵᠢᠭᠦᠯᠵᠦ᠂ | ᠭᠡᠰᠢᠭᠲᠡᠨ ᠴᠢᠯᠠᠭᠤᠨ ᠰᠢᠭᠤᠢ ᠶᠢᠨ ᠤᠯᠤᠰ ᠤᠨ 5A ᠳᠡᠰ ᠤᠨ ᠦᠵᠡᠮᠵᠢ ᠶᠢᠨ ᠤᠷᠤᠨ ᠨᠢᠭᠡᠨᠳᠡ ᠬᠤᠷᠢᠶᠠᠨ | ᠰᠢᠯᠭᠠᠬᠤ ᠱᠠᠲᠦᠨ ᠳᠤ ᠤᠷᠤᠵᠦ᠂ ᠤᠯᠤᠰ ᠤᠨ ᠪᠦᠬᠦ ᠤᠷᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠤᠷᠤᠨ᠂ ᠤᠯᠠᠭᠠᠨᠪᠤᠲᠤᠩ ᠤᠯᠤᠰ ᠤᠨ ᠳᠡᠰ ᠤᠨ ᠵᠢᠭᠤᠯᠴᠢᠯᠠᠯ ᠤᠨ ᠰᠡᠯᠡᠭᠦᠴᠡᠯ ᠤᠨ ᠤᠷᠤᠨ ᠢ ᠡᠭᠦᠲᠦᠨ | ᠪᠠᠶᠢᠭᠤᠯᠬᠤ ᠠᠵᠢᠯ ᠢ ᠶᠠᠭᠲ᠋ᠦ᠋ᠷᠭᠡᠳᠬᠡᠨ ᠠᠭᠢᠭᠤᠯᠵᠦ ᠪᠤᠢ᠃ ᠭᠤᠷᠪᠠᠲᠤᠭᠠᠷ ᠬᠤᠭᠤᠴᠠᠭᠠᠨ ᠤ ᠴᠠᠭᠠᠯᠵᠢ | ᠵᠢᠭᠠᠰᠦ ᠶᠢᠨ ᠨᠡᠭᠦᠳᠡᠯ ᠢ ᠰᠤᠨᠢᠷᠬᠠᠬᠤ ᠵᠢᠴᠢ ᠬᠤᠷᠴᠠ ᠤᠯᠠᠭᠠᠨ ᠴᠡᠴᠡᠭ ᠰᠤᠨᠢᠷᠬᠠᠬᠤ᠂ ᠭᠡᠰᠢᠭᠲᠡᠨ ᠲᠠᠯ᠎ᠠ | ᠨᠤᠲᠤᠭ ᠤᠨ ᠳᠠᠭᠤᠤ ᠭᠦᠭᠵᠢᠮ ᠤᠨ ᠨᠠᠶᠢᠷ ᠵᠡᠷᠭᠡ ᠭᠤᠤᠯ ᠰᠡᠲᠦᠪᠲᠦ ᠠᠵᠢᠯᠯᠠᠭᠠᠨ ᠢ ᠠᠮᠵᠢᠯᠲᠠ ᠲᠠᠢ ᠡᠷᠭᠢᠯᠡᠵᠦ᠂ | ᠦᠪᠡᠷᠲᠡᠭᠡᠨ ᠵᠠᠰᠠᠬᠤ ᠤᠷᠤᠨ ᠤ ᠠᠷᠪᠠᠨ ᠳᠠᠪᠤᠲᠤᠭᠠᠷ ᠬᠤᠭᠤᠴᠠᠭᠠᠨ ᠤ ᠮᠦᠰᠦ ᠴᠠᠰᠦᠨ ᠤ ᠨᠠᠶᠢᠷ ᠵᠢᠴᠢ | ᠨᠠᠢᠮᠠᠲᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠮᠤᠩᠭᠤᠯ ᠦᠨᠲᠦᠰᠦᠲᠡᠨ ᠤ ᠬᠤᠪᠴᠠᠰᠦ ᠵᠠᠰᠠᠯ ᠤᠨ | ᠤᠷᠠᠯᠢᠭ ᠤᠨ ᠨᠠᠶᠢᠷ ᠤᠨ ᠠᠵᠢᠯᠯᠠᠭᠠᠨ ᠤ ᠡᠷᠭᠢᠯᠡᠬᠦ ᠭᠠᠵᠠᠷ ᠢ ᠠᠮᠵᠢᠯᠲᠠ ᠲᠠᠢ ᠡᠷᠡᠮᠡᠯᠵᠡᠨ ᠤᠯᠤᠭᠰᠠᠨ ᠪᠠᠶᠢᠨ᠎ᠠ᠃ | 1—10 ᠰᠠᠷ᠎ᠠ ᠳᠤ ᠪᠦᠬᠦ ᠬᠤᠰᠢᠭᠤ ᠤᠯᠤᠰ ᠤᠨ ᠲᠤᠲᠤᠭᠠᠲᠦ ᠭᠠᠳᠠᠭᠠᠲᠦ ᠶᠢᠨ ᠵᠢᠭᠤᠯᠴᠢᠯᠠᠭᠰᠠᠳ ᠢ 474 | ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ ᠶᠢ 45.5 ᠳ᠋ᠥ᠋ᠩᠰᠢᠭᠤᠷ | ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11% ᠪᠠ 12.1% ᠪᠠᠷ ᠨᠡᠮᠡᠭᠳᠡᠭᠰᠡᠨ | ᠪᠠᠶᠢᠨ᠎ᠠ᠃ |