| | ᠭᠤᠤᠯᠳᠠᠯᠭ᠎ᠠ ᠲᠠᠢ ᠲᠦᠷᠦᠯ ᠵᠦᠢᠯ ᠢ ᠡᠮᠬᠢ ᠲᠢᠭᠯᠢᠮ ᠲᠠᠢ ᠠᠭᠢᠭᠤᠯᠵᠦ᠂ ᠠᠷᠠᠯᠵᠢᠶᠠᠴᠢᠨ ᠤᠷᠢᠵᠦ ᠪᠡᠯᠡ | ᠤᠷᠤᠭᠤᠯᠬᠤ ᠶᠢ ᠯᠠᠪᠳᠠᠭᠤᠨ ᠢᠶᠠᠷ ᠦᠷᠨᠢᠭᠦᠯᠦᠭᠰᠡᠨ ᠪᠠᠶᠢᠨ᠎ᠠ᠃ 2017 ᠤᠨ ᠳᠤ ᠮᠠᠨ ᠤ ᠬᠤᠰᠢᠭᠤᠨ ᠤ | ᠬᠤᠳᠠ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 5000 ᠲᠦᠮᠡᠨ | ᠲᠦᠭᠦᠷᠢᠭ ᠨᠡᠶᠢᠭᠡᠮ ᠶᠢᠨ ᠠᠵᠢᠯ ᠤᠶᠢᠯᠡᠰ ᠤᠨ 1000 ᠲᠦᠮᠡᠨ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ | ᠲᠦᠷᠦᠯ ᠵᠦᠢᠯ ᠳᠤ ᠤᠷᠤᠭᠰᠠᠨ ᠨᠢ 56 ᠪᠤᠢ᠃ ᠶᠡᠷᠦᠩᠭᠡᠢ ᠪᠡᠯᠡ ᠤᠷᠤᠭᠤᠯᠤᠯᠲᠠ ᠨᠢ 319.9 ᠳ᠋ᠥ᠋ᠩᠰᠢᠭᠤᠷ | ᠲᠦᠭᠦᠷᠢᠭ ᠪᠠᠶᠢᠵᠦ᠂ 53 ᠲᠦᠷᠦᠯ ᠨᠢ ᠪᠠᠷᠢᠯᠭ᠎ᠠ ᠪᠠᠨ ᠡᠭᠢᠯᠡᠭᠦᠯᠵᠦ᠂ ᠪᠠᠷᠢᠯᠭ᠎ᠠ ᠡᠭᠢᠯᠡᠭᠰᠡᠨ ᠨᠤᠷᠮ᠎ᠠ ᠨᠢ 94. | 6% ᠳᠤ ᠬᠦᠷᠴᠦ᠂ ᠵᠢᠯ ᠤᠨ ᠡᠭᠢᠨ ᠳᠤ 87.5 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠬᠦ ᠪᠠᠷ ᠲᠦᠯᠦᠪᠯᠡᠵᠦ᠂ 1—10 ᠰᠠᠷ᠎ᠠ ᠳᠤ 83.8 ᠳ᠋ᠥ᠋ᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 34.9% ᠪᠠᠷ ᠨᠡᠮᠡᠭᠳᠡᠭᠰᠡᠨ ᠪᠠᠶᠢᠨ᠎ᠠ᠃ | ᠡᠭᠦᠨ ᠳᠤ 16 ᠲᠦᠷᠦᠯ ᠢ ᠦᠷᠭᠦᠯᠵᠢᠯᠡᠨ ᠪᠠᠶᠢᠭᠤᠯᠵᠦ᠂ 17.8 ᠳ᠋ᠥ᠋ᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ ᠪᠠᠷᠢᠯᠭ᠎ᠠ ᠪᠠᠨ ᠡᠭᠢᠯᠡᠭᠦᠯᠦᠭᠰᠡᠨ ᠨᠢ 40 ᠲᠦᠷᠦᠯ ᠪᠠᠶᠢᠵᠦ᠂ 66 | ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠠᠵᠢᠯ ᠲᠦᠷᠦᠯ ᠢᠶᠠᠷ ᠨᠢ | ᠬᠤᠪᠢᠶᠠᠪᠠᠯ᠄ ᠠᠵᠦ ᠤᠶᠢᠯᠡᠳᠪᠦᠷᠢ ᠶᠢᠨ ᠲᠦᠷᠦᠯ ᠵᠦᠢᠯ 17᠂ ᠶᠡᠷᠦᠩᠬᠡᠢ ᠪᠡᠯᠡ ᠤᠷᠤᠭᠤᠯᠤᠯᠲᠠ ᠨᠢ 134.7 | ᠳ᠋ᠥ᠋ᠩᠰᠢᠭᠤᠷ ᠲᠦᠭᠦᠷᠢᠭ ᠪᠠᠶᠢᠵᠦ᠂ 14 ᠲᠦᠷᠦᠯ ᠨᠢ ᠪᠠᠷᠢᠯᠭ᠎ᠠ ᠪᠠᠨ ᠡᠭᠢᠯᠡᠭᠦᠯᠵᠦ᠂ 1—10 ᠰᠠᠷ᠎ᠠ ᠳᠤ 16.1 | ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠮᠠᠯ ᠠᠵᠦ ᠠᠬᠤᠢ | ᠲᠠᠷᠢᠶᠠᠯᠠᠩ ᠤᠢ ᠰᠢᠭᠤᠢ ᠤᠰᠦᠨ ᠠᠰᠢᠭᠯᠠᠯᠲᠠ ᠶᠢᠨ ᠲᠦᠷᠦᠯ ᠵᠦᠢᠯ 8 ᠪᠠᠶᠢᠵᠦ᠂ ᠶᠡᠷᠦᠩᠬᠡᠢ ᠪᠡᠯᠡ | ᠤᠷᠤᠭᠤᠯᠤᠯᠲᠠ ᠨᠢ 17.8 ᠳ᠋ᠥ᠋ᠩᠰᠢᠭᠤᠷ ᠲᠦᠭᠦᠷᠢᠭ ᠪᠠᠶᠢᠵᠦ᠂ ᠪᠦᠬᠦᠨ ᠢᠶᠠᠷ ᠢᠶᠠᠨ ᠪᠠᠷᠢᠯᠭ᠎ᠠ ᠪᠠᠨ ᠡᠭᠢᠯᠡᠭᠦᠯᠦᠨ | ᠪᠦᠲᠦᠭᠡᠨ ᠪᠠᠶᠢᠭᠤᠯᠵᠦ᠂ 1—10 ᠰᠠᠷ᠎ᠠ ᠳᠤ 16.8 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠦᠭᠰᠡᠨ ᠪᠠᠶᠢᠨ᠎ᠠ᠃ ᠠᠷᠠᠯᠵᠢᠶ᠎ᠠ ᠬᠤᠳᠠᠯᠲᠤᠭ᠎ᠠ ᠬᠦᠢᠯᠭᠡᠭᠡᠨ ᠤ ᠲᠦᠷᠦᠯ ᠵᠦᠢᠯ 1 ᠪᠠᠶᠢᠵᠦ᠂ ᠶᠡᠷᠦᠩᠬᠡᠢ | ᠪᠡᠯᠡ ᠤᠷᠤᠭᠤᠯᠤᠯᠲᠠ ᠨᠢ 0.6 ᠳ᠋ᠥ᠋ᠩᠰᠢᠭᠤᠷ ᠲᠦᠭᠦᠷᠢᠭ ᠪᠠᠶᠢᠵᠦ᠂ 1—10 ᠰᠠᠷ᠎ᠠ ᠳᠤ 0.6 ᠳ᠋ᠥ᠋ᠩᠰᠢᠭᠤᠷ | ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠰᠤᠶᠤᠯ ᠵᠢᠭᠤᠯᠴᠢᠯᠠᠯ ᠤᠨ ᠲᠦᠷᠦᠯ ᠵᠦᠢᠯ | 7 ᠪᠠᠶᠢᠵᠦ᠂ ᠶᠡᠷᠦᠩᠬᠡᠢ ᠪᠡᠯᠡ ᠤᠷᠤᠭᠤᠯᠤᠯᠲᠠ ᠨᠢ 16.5 ᠳ᠋ᠥ᠋ᠩᠰᠢᠭᠤᠷ ᠲᠦᠭᠦᠷᠢᠭ ᠪᠠᠶᠢᠵᠦ᠂ ᠪᠦᠬᠦᠨ ᠢᠶᠠᠷ ᠢᠶᠠᠨ | ᠪᠠᠷᠢᠯᠭ᠎ᠠ ᠪᠠᠨ ᠡᠭᠢᠯᠡᠭᠦᠯᠵᠦ᠂ 1—10 ᠰᠠᠷ᠎ᠠ ᠳᠤ 5.9 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠦᠭᠰᠡᠨ ᠪᠠᠶᠢᠨ᠎ᠠ᠃ ᠵᠠᠮ ᠬᠠᠷᠢᠯᠴᠠᠭ᠎ᠠ ᠶᠢᠨ ᠲᠦᠷᠦᠯ ᠵᠦᠢᠯ 5 ᠪᠠᠶᠢᠵᠦ᠂ ᠶᠡᠷᠦᠩᠬᠡᠢ ᠪᠡᠯᠡ | ᠤᠷᠤᠭᠤᠯᠤᠯᠲᠠ ᠨᠢ 96.8 ᠳ᠋ᠥ᠋ᠩᠰᠢᠭᠤᠷ ᠲᠦᠭᠦᠷᠢᠭ ᠪᠠᠶᠢᠵᠦ᠂ ᠪᠦᠬᠦᠨ ᠢᠶᠠᠷ ᠢᠶᠠᠨ ᠪᠠᠷᠢᠯᠭ᠎ᠠ ᠡᠭᠢᠯᠡᠭᠦᠯᠦᠨ | ᠪᠦᠲᠦᠭᠡᠨ ᠪᠠᠶᠢᠭᠤᠯᠵᠦ᠂ 1—10 ᠰᠠᠷ᠎ᠠ ᠳᠤ 9.7 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠦᠭᠰᠡᠨ ᠪᠠᠶᠢᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 4 ᠪᠠᠶᠢᠵᠦ᠂ | ᠶᠡᠷᠦᠩᠬᠡᠢ ᠪᠡᠯᠡ ᠤᠷᠤᠭᠤᠯᠤᠯᠲᠠ ᠨᠢ 3.6 ᠳ᠋ᠥ᠋ᠩᠰᠢᠭᠤᠷ ᠲᠦᠭᠦᠷᠢᠭ ᠪᠠᠶᠢᠵᠦ᠂ ᠪᠦᠬᠦᠨ ᠢᠶᠠᠷ ᠢᠶᠠᠨ ᠪᠠᠷᠢᠯᠭ᠎ᠠ | ᠡᠭᠢᠯᠡᠭᠦᠯᠦᠨ ᠪᠦᠲᠦᠭᠡᠨ ᠪᠠᠶᠢᠭᠤᠯᠵᠤ᠂ 1—10 ᠰᠠᠷ᠎ᠠ ᠳᠤ 1.7 ᠳ᠋ᠥ᠋ᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠨᠡᠶᠢᠭᠡᠮ ᠤᠨ ᠠᠵᠢᠯ ᠤᠶᠢᠯᠡᠰ ᠤᠨ ᠲᠦᠷᠦᠯ ᠵᠦᠢᠯ 4 ᠪᠠᠶᠢᠵᠦ᠂ | ᠶᠡᠷᠦᠩᠬᠡᠢ ᠪᠡᠯᠡ ᠤᠷᠤᠭᠤᠯᠤᠯᠲᠠ ᠨᠢ 1.5 ᠳ᠋ᠥ᠋ᠩᠰᠢᠭᠤᠷ ᠲᠦᠭᠦᠷᠢᠭ ᠪᠠᠶᠢᠵᠦ᠂ ᠪᠦᠬᠦᠨ ᠢᠶᠠᠷ ᠢᠶᠠᠨ ᠪᠠᠷᠢᠯᠭ᠎ᠠ | ᠡᠭᠢᠯᠡᠭᠦᠯᠦᠨ ᠪᠦᠲᠦᠭᠡᠨ ᠪᠠᠶᠢᠭᠤᠯᠵᠤ᠂ 1—10 ᠰᠠᠷ᠎ᠠ ᠳᠤ 1.4 ᠳ᠋ᠥ᠋ᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠬᠢᠭᠡᠳ ᠭᠡᠷ ᠭᠠᠵᠠᠷ | ᠬᠦᠷᠦᠩᠭᠡ ᠶᠢᠨ ᠨᠡᠭᠡᠭᠡᠯᠳᠡ ᠶᠢᠨ ᠲᠦᠷᠦᠯ ᠵᠦᠢᠯ 10 ᠪᠠᠶᠢᠵᠦ᠂ ᠶᠡᠷᠦᠩᠬᠡᠢ ᠪᠡᠯᠡ ᠤᠷᠤᠭᠤᠯᠤᠯᠲᠠ ᠨᠢ 48.4 | ᠳ᠋ᠥ᠋ᠩᠰᠢᠭᠤᠷ ᠲᠦᠭᠦᠷᠢᠭ ᠪᠠᠶᠢᠵᠦ᠂ ᠪᠦᠬᠦᠨ ᠢᠶᠠᠷ ᠢᠶᠠᠨ ᠪᠠᠷᠢᠯᠭ᠎ᠠ ᠡᠭᠢᠯᠡᠭᠦᠯᠦᠨ ᠪᠦᠲᠦᠭᠡᠨ ᠪᠠᠶᠢᠭᠤᠯᠵᠤ᠂ 1—10 | ᠰᠠᠷ᠎ᠠ ᠳᠤ 31.6 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ | ᠮᠠᠯ ᠠᠵᠦ ᠠᠬᠤᠢ ᠲᠠᠷᠢᠶᠠᠯᠠᠩ ᠤᠢ ᠰᠢᠭᠤᠢ ᠤᠰᠦᠨ ᠠᠰᠢᠭᠯᠠᠯᠲᠠ᠂ ᠰᠤᠶᠤᠯ ᠵᠢᠭᠤᠯᠴᠢᠯᠠᠯ᠂ ᠨᠡᠶᠢᠭᠡᠮ ᠤᠨ ᠠᠵᠢᠯ | ᠤᠶᠢᠯᠡᠰ᠂ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠲᠦᠷᠦᠯ ᠤᠨ ᠲᠦᠷᠦᠯ ᠵᠦᠢᠯ ᠤᠨ ᠪᠡᠯᠡ | ᠤᠷᠤᠭᠤᠯᠤᠯᠲᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠴᠦᠮ ᠶᠡᠭᠡ ᠬᠡᠮᠵᠢᠶ᠎ᠡ | ᠪᠠᠷ ᠨᠡᠮᠡᠭᠳᠡᠭᠰᠡᠨ ᠪᠠᠶᠢᠨ᠎ᠠ᠃ ᠠᠷᠠᠯᠵᠢᠶᠠᠴᠢᠨ ᠤᠷᠢᠵᠦ ᠪᠡᠯᠡ ᠤᠷᠤᠭᠤᠯᠤᠭᠰᠠᠨ ᠲᠠᠯ᠎ᠠ ᠪᠠᠷ ᠲᠤᠪᠤᠶᠢᠮ᠎ᠠ ᠠᠮᠵᠢᠯᠲᠠ | ᠤᠯᠤᠭᠰᠠᠨ ᠪᠠᠶᠢᠨ᠎ᠠ᠃ 1—10 ᠰᠠᠷ᠎ᠠ ᠳᠤ ᠮᠠᠨ ᠤ ᠬᠤᠰᠢᠭᠤ ᠨᠡᠶᠢᠳᠡ 40 ᠲᠦᠷᠦᠯ ᠤᠨ ᠠᠷᠠᠯᠵᠢᠶᠠᠴᠢᠨ | ᠤᠷᠢᠵᠦ ᠪᠡᠯᠡ ᠤᠷᠤᠭᠤᠯᠬᠤ ᠲᠦᠷᠦᠯ ᠵᠦᠢᠯ ᠢ ᠬᠡᠷᠡᠭᠵᠢᠬᠦᠯᠵᠦ᠂ ᠤᠯᠤᠰ ᠤᠨ ᠲᠤᠲᠤᠭᠠᠲᠦ ᠤᠷᠤᠨ ᠤ ᠭᠠᠳᠠᠨᠠᠬᠢ | ᠪᠡᠯᠡ ᠮᠦᠩᠭᠦ ᠶᠢ 28.2 ᠳ᠋ᠥ᠋ᠩᠰᠢᠭᠤᠷ ᠲᠦᠭᠦᠷᠢᠭ ᠢ ᠪᠤᠲᠠᠲᠠᠢ ᠳᠤ ᠨᠠᠶᠢᠳᠠᠪᠤᠷᠢᠵᠢᠭᠤᠯᠤᠭᠰᠠᠨ ᠪᠠᠶᠢᠨ᠎ᠠ᠃ | ᠬᠤᠳᠠ ᠶᠢᠨ ᠪᠠᠭᠤᠯᠭᠠᠭᠰᠠᠨ ᠡᠭᠦᠷᠭᠡ ᠬᠠᠷᠠᠯᠲᠠ ᠶᠢᠨ 94% ᠶᠢ ᠪᠡᠶᠡᠯᠡᠭᠦᠯᠦᠭᠰᠡᠨ ᠪᠠᠶᠢᠨ᠎ᠠ᠃ | | | | | | | | | | |