| | ᠠᠮᠢ ᠠᠬᠤᠢ ᠶᠢᠨ ᠤᠷᠴᠢᠨ ᠲᠤᠭᠤᠷᠢᠨ ᠳᠠᠰᠤᠷᠠᠯᠲᠠ ᠦᠬᠡᠢ ᠰᠠᠶᠢᠵᠢᠷᠠᠵᠦ᠂ ᠰᠠᠭᠤᠷᠢ ᠲᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠷᠬᠡᠢ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠭᠢᠭᠤᠯᠤᠭᠰᠠᠨ ᠪᠠᠶᠢᠨ᠎ᠠ᠃ ᠮᠤᠲᠤ ᠲᠠᠷᠢᠵᠦ ᠤᠶᠢᠵᠢᠭᠤᠯᠤᠭᠰᠠᠨ ᠳᠠᠯᠠᠪᠠᠢ ᠶᠢ 13.7 ᠲᠦᠮᠡᠨ ᠮᠤ᠋ | ᠪᠠᠭ᠎ᠠ ᠰᠠᠪᠠ ᠭᠠᠵᠠᠷ ᠤᠨ ᠵᠠᠰᠠᠯᠲᠠ ᠶᠢ 5.7 ᠲᠦᠮᠡᠨ ᠮᠤ᠋ ᠪᠡᠶᠡᠯᠡᠭᠦᠯᠪᠡ᠃ ᠰᠢᠷᠠᠮᠦ᠋ᠷᠡᠨ ᠤ ᠬᠤᠶᠢᠲᠦ ᠡᠷᠬᠢ ᠶᠢᠨ | ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ᠂ ᠪᠢᠷᠠᠭᠤ ᠪᠠᠯᠭᠠᠰᠦᠨ ᠤ ᠬᠤᠪᠢᠲᠦ ᠲᠤᠰᠬᠤᠨ ᠤ ᠦᠨᠲᠦᠷ | ᠦᠷ᠎ᠡ ᠠᠰᠢᠭᠲᠤ ᠦᠨᠲᠦᠷ ᠤᠨᠠᠯᠳᠠᠲᠦ ᠠᠵᠦ ᠠᠬᠤᠢ ᠶᠢᠨ ᠤᠢ᠂ ᠭᠠᠯᠳᠠᠰᠦᠲᠠᠢ ᠷᠠᠰᠢᠶᠠᠨ ᠤ ᠨᠡᠭᠡᠭᠡᠯᠳᠡ ᠶᠢᠨ | ᠤᠷᠤᠨ ᠤ ᠭᠤᠤᠯᠳᠠᠯᠭ᠎ᠠ ᠲᠠᠢ ᠬᠡᠰᠡᠭ ᠤᠨ ᠨᠤᠭᠤᠭᠠᠷᠠᠭᠤᠯᠤᠯᠲᠠ ᠵᠡᠷᠭᠡ 3 ᠰᠤᠲᠤᠨ ᠢᠨᠵᠧᠨᠧᠷᠢᠩ ᠢ ᠭᠤᠤᠯᠳᠠᠯᠭ᠎ᠠ | ᠲᠠᠢ ᠬᠡᠷᠡᠭᠵᠢᠭᠦᠯᠦᠭᠰᠡᠨ ᠪᠠᠶᠢᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠴᠦᠯᠡᠴᠡ ᠶᠢ ᠦᠷᠭᠦᠯᠵᠢᠯᠡᠨ | ᠨᠡᠮᠡᠭᠳᠡᠭᠦᠯᠦᠭᠰᠡᠨ ᠪᠠᠶᠢᠨ᠎ᠠ᠃ ᠠᠭᠠᠷ ᠤᠨ ᠪᠤᠭᠢᠷᠲᠦᠯ ᠢ ᠰᠡᠷᠭᠡᠶᠢᠯᠡᠨ ᠵᠠᠰᠠᠬᠤ ᠡᠭᠦᠷᠭᠡ ᠶᠢ ᠪᠦᠲᠦᠮᠵᠢᠲᠠᠢ | ᠨᠠᠶᠢᠳᠠᠪᠤᠷᠢᠵᠢᠭᠤᠯᠵᠦ᠂ ᠨᠡᠭᠦᠷᠡᠰᠦ ᠰᠢᠲᠠᠭᠠᠬᠤ ᠭᠦᠧᠧᠯᠦ ᠶᠢᠨ ᠬᠦᠬᠦᠷ ᠦᠭᠡᠶᠢᠳᠡᠭᠦᠯᠦᠨ ᠲᠤᠭᠤᠰᠦ ᠠᠷᠢᠯᠭᠠᠬᠤ | ᠦᠭᠡᠷᠡᠴᠢᠯᠡᠯᠳᠠ ᠶᠢᠨ ᠢᠨᠵᠧᠨᠧᠷᠢᠩ ᠤᠨ ᠲᠦᠷᠦᠯ ᠵᠦᠢᠯ ᠢᠶᠠᠷ 47 ᠰᠠᠭᠤᠷᠢ ᠭᠦᠧᠧᠯᠦ ᠶᠢ ᠦᠭᠡᠷᠡᠴᠢᠯᠡᠭᠰᠡᠨ | ᠪᠠᠶᠢᠨ᠎ᠠ᠃ ᠪᠦᠬᠦ ᠬᠤᠰᠢᠭᠤᠨ ᠤ 10 ᠠᠭᠤᠷ ᠤᠨ ᠲᠤᠨ ᠵᠢᠴᠢ ᠡᠭᠦᠨ ᠠᠴᠠ ᠲᠤᠷᠤᠭᠰᠢᠬᠢ ᠨᠡᠭᠦᠷᠡᠰᠦ ᠰᠢᠲᠠᠭᠠᠬᠤ | ᠭᠦᠧᠧᠯᠦ ᠶᠢ ᠲᠠᠶᠠᠭᠳᠠᠭᠰᠠᠨ ᠨᠤᠷᠮ᠎ᠠ 100% ᠳᠤ ᠬᠦᠷᠦᠭᠰᠡᠨ ᠪᠠᠶᠢᠨ᠎ᠠ᠃ 22 ᠠᠭᠤᠷᠬᠠᠢ ᠶᠢᠨ ᠠᠵᠦ | ᠠᠬᠤᠶᠢᠯᠠᠯ ᠨᠢ ᠦᠯᠡᠳᠡᠭᠳᠡᠯ ᠠᠭᠤᠷᠬᠠᠢ ᠶᠢᠨ ᠬᠦᠮᠦᠷᠭᠡ ᠶᠢᠨ ᠲᠤᠭᠤᠰᠦ ᠪᠤᠲᠠᠷᠠᠬᠤ ᠠᠰᠠᠭᠤᠳᠠᠯ ᠢ ᠦᠨᠲᠦᠰᠦᠨ | ᠳᠡᠭᠡᠨ ᠰᠢᠢᠳᠪᠦᠷᠢᠯᠡᠵᠦ᠂ 4 ᠠᠵᠦ ᠠᠬᠤᠶᠢᠯᠠᠯ ᠤᠨ ᠤᠳᠤᠭ᠎ᠠ ᠲᠤᠭᠤᠰᠦ ᠶᠢ ᠵᠤᠭᠢᠶᠠᠨ ᠪᠠᠶᠢᠭᠤᠯᠤᠯᠲᠠ ᠦᠬᠡᠢ ᠪᠠᠷ | ᠭᠠᠳᠠᠭᠰᠢᠯᠠᠭᠤᠯᠬᠤ ᠶᠢ ᠪᠦᠲᠦᠮᠵᠢᠲᠠᠢ ᠰᠢᠢᠳᠪᠦᠷᠢᠯᠡᠭᠰᠡᠨ ᠪᠠᠶᠢᠨ᠎ᠠ᠃ ᠬᠤᠳᠠ ᠪᠠᠯᠭᠠᠰᠦᠨ ᠤ ᠲᠦᠪᠯᠡᠷᠡᠩᠭᠦᠢ | ᠲᠦᠭᠡᠭᠡᠯ ᠤᠰᠦᠨ ᠤ ᠤᠰᠦᠨ ᠰᠤᠷᠪᠤᠯᠵᠢ ᠶᠢᠨ ᠶᠠᠰᠦ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ | ᠢᠮᠠᠭᠲᠠ 100% ᠶᠢ ᠪᠠᠲᠤᠯᠠᠵᠦ ᠪᠤᠢ᠃ ᠬᠦᠷᠦᠰᠦ ᠰᠢᠷᠤᠢ ᠶᠢᠨ ᠪᠤᠭᠢᠷᠲᠦᠯ ᠢ ᠰᠡᠷᠭᠡᠶᠢᠯᠡᠨ ᠵᠠᠰᠠᠬᠤ ᠶᠢ ᠪᠦᠬᠦ | ᠲᠠᠯ᠎ᠠ ᠪᠠᠷ ᠠᠭᠢᠭᠤᠯᠤᠭᠰᠠᠨ ᠪᠠᠶᠢᠨ᠎ᠠ᠃ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠶᠢᠨ ᠬᠠᠤᠯᠢ | ᠬᠡᠷᠡᠭᠵᠢᠭᠦᠯᠦᠯᠳᠡ ᠨᠢ ᠴᠢᠩᠭ᠎ᠠ ᠬᠠᠨᠲᠤᠬᠤ ᠶᠢ ᠢᠮᠠᠭᠲᠠ ᠪᠠᠷᠢᠮᠲᠠᠯᠠᠵᠤ᠂ 18 ᠨᠢᠭᠡᠴᠢ ᠳᠤ ᠵᠠᠰᠠᠭ ᠵᠠᠭᠢᠷᠭᠠᠨ ᠤ | ᠲᠤᠷᠭᠠᠭᠤᠯᠢ ᠬᠢᠵᠦ᠂ ᠲᠤᠷᠭᠠᠭᠤᠯᠢ ᠶᠢᠨ ᠵᠤᠭᠤᠰ 32 ᠲᠦᠮᠡᠨ ᠲᠦᠭᠦᠷᠢᠭ ᠪᠤᠯᠤᠨ᠎ᠠ᠃ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠦᠯᠲᠠ ᠶᠢ ᠨᠡᠩ ᠢᠯᠡᠭᠦᠦ ᠲᠦᠷᠢᠮᠵᠢᠭᠦᠯᠵᠦ᠂ | ᠠᠮᠢ ᠠᠬᠤᠢ ᠶᠢᠨ ᠳᠤᠰᠬᠠᠢ ᠦᠨᠡᠯᠡᠯᠳᠡ ᠶᠢᠨ ᠲᠦᠷᠢᠮ ᠢ ᠦᠷ᠎ᠡ ᠪᠦᠲᠦᠮᠵᠢᠲᠠᠢ ᠬᠡᠷᠡᠭᠵᠢᠬᠦᠯᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠵᠢᠭᠤᠯᠴᠢᠯᠠᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠭᠢᠶᠠᠬᠤ | ᠠᠵᠢᠯ ᠢ ᠬᠦᠴᠦᠲᠠᠢ ᠠᠭᠢᠭᠤᠯᠤᠭᠰᠠᠨ ᠪᠠᠶᠢᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠳᠤᠪᠤᠶᠢᠮ᠎ᠠ | ᠠᠰᠠᠭᠤᠳᠠᠯ ᠢ ᠴᠡᠭᠴᠡᠯᠡᠨ ᠵᠠᠰᠠᠬᠤ ᠶᠢ ᠴᠢᠷᠮᠡᠶᠢᠨ ᠠᠭᠢᠭᠤᠯᠵᠦ᠂ ᠨᠠᠮ ᠤᠨ ᠬᠤᠷᠢᠶ᠎ᠠ᠂ ᠵᠠᠰᠠᠭ ᠤᠨ ᠤᠷᠲᠦᠨ ᠶᠡᠷᠦᠩᠬᠡᠢ | ᠬᠠᠷᠢᠭᠤᠴᠠᠯᠭ᠎ᠠ ᠡᠭᠦᠷᠭᠡᠯᠡᠵᠦ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠨᠢᠭᠡᠲᠦᠯᠲᠠᠢ ᠬᠢᠨᠠᠨ | ᠬᠠᠮᠢᠶᠠᠷᠴᠦ᠂ ᠬᠠᠮᠢᠶ᠎ᠠ ᠪᠦᠭᠦᠢ ᠰᠠᠯᠠᠭ᠎ᠠ ᠮᠦᠴᠢᠷ ᠦᠪᠡᠷ ᠦᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠦ | ᠠᠬᠤᠶᠢᠯᠠᠯ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠨᠡᠶᠢᠭᠡᠮ ᠬᠠᠮᠲᠦᠪᠡᠷ ᠤᠷᠤᠯᠴᠠᠭᠰᠠᠨ | ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠪᠠᠶᠢᠳᠠᠯ ᠢ ᠪᠦᠷᠢᠯᠲᠦᠭᠦᠯᠦᠭᠰᠡᠨ ᠪᠠᠶᠢᠨ᠎ᠠ᠃ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠬᠦᠴᠦᠯᠡᠴᠡ ᠶᠢ ᠦᠷᠭᠦᠯᠵᠢᠯᠡᠨ ᠴᠢᠩᠭᠠᠳᠬᠠᠭᠰᠠᠨ ᠪᠠᠶᠢᠨ᠎ᠠ᠃ ᠨᠤᠲᠤᠭ ᠪᠡᠯᠴᠢᠭᠡᠷ ᠤᠨ | ᠬᠤᠯᠤᠭᠠᠨ᠎ᠠ ᠶᠢᠨ ᠬᠦᠨᠦᠭᠡᠯ ᠤᠨ ᠳᠠᠯᠠᠪᠠᠢ ᠶᠢ 48.6 ᠲᠦᠮᠡᠨ ᠮᠤ᠋ ᠰᠡᠷᠭᠡᠶᠢᠯᠡᠨ ᠵᠠᠰᠠᠵᠦ᠂ ᠪᠢᠳᠡᠭᠦᠮᠵᠢᠯᠡᠨ | ᠤᠶᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠳᠡᠩᠴᠡᠭᠦᠷᠢᠰᠢᠭᠦᠯᠬᠦ ᠲᠦᠷᠦ ᠶᠢᠨ | ᠪᠤᠲᠤᠯᠭ᠎ᠠ ᠶᠢ ᠵᠦᠷᠢᠴᠡᠭᠰᠡᠨ ᠬᠡᠷᠡᠭ ᠢ 2988 ᠬᠤᠪᠢ ᠪᠠᠶᠢᠴᠠᠭᠠᠨ ᠰᠢᠢᠳᠪᠦᠷᠢᠯᠡᠵᠦ᠂ ᠵᠠᠰᠠᠭ ᠵᠠᠭᠢᠷᠭᠠᠨ ᠤ | ᠲᠤᠷᠭᠠᠭᠤᠯᠢ ᠶᠢ 1309 ᠲᠦᠮᠡᠨ ᠲᠦᠭᠦᠷᠢᠭ ᠬᠤᠷᠢᠶᠠᠵᠦ᠂ ᠬᠠᠰᠢᠵᠦ ᠬᠤᠷᠢᠭᠯᠠᠬᠤ ᠢᠳᠬᠠᠵᠦ ᠪᠤᠴᠠᠭᠠᠭᠰᠠᠨ | ᠮᠠᠯ ᠤᠨ ᠲᠤᠭ᠎ᠠ 54 ᠲᠦᠮᠡᠨ ᠲᠤᠯᠤᠭᠠᠢ ᠳᠤ ᠬᠦᠷᠪᠡ᠃ | ᠲᠦᠪ ᠬᠤᠳᠠ ᠪᠠᠯᠭᠠᠰᠦ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠭᠢᠭᠤᠯᠤᠭᠰᠠᠨ ᠪᠠᠶᠢᠨ᠎ᠠ᠃ | ᠪᠢᠷᠠᠭᠤ ᠪᠠᠯᠭᠠᠰᠦᠨ ᠤ ᠶᠡᠷᠦᠩᠬᠡᠢ ᠲᠦᠯᠦᠪᠵᠢᠭᠦᠯᠭᠡ ᠵᠢᠴᠢ ᠨᠤᠭᠤ ᠭᠠᠵᠠᠷ ᠤᠨ ᠴᠡᠴᠡᠷᠯᠢᠭ᠂ ᠭᠠᠵᠠᠷ ᠲᠤᠤᠷᠠᠬᠢ | ᠳᠠᠮᠵᠢᠭᠤᠯᠬᠤ ᠬᠤᠭᠤᠯᠠᠢ᠂ ᠬᠤᠳᠠ ᠶᠢᠨ ᠶᠠᠪᠤᠳᠠᠯ ᠤᠨ ᠵᠠᠰᠠᠮᠠᠯ ᠵᠠᠮ ᠤᠨ ᠦᠭᠡᠷᠡᠴᠢᠯᠡᠯᠳᠡ ᠶᠢᠨ ᠳᠡᠰ ᠳᠡᠪᠰᠢᠬᠦ | ᠳᠤᠰᠬᠠᠢ ᠲᠦᠷᠦᠯ ᠤᠨ ᠲᠦᠯᠦᠪᠵᠢᠭᠦᠯᠭᠡ ᠶᠢᠨ ᠠᠩᠬᠠᠨ ᠤ ᠨᠤᠤᠷᠠᠭ ᠢ ᠨᠠᠶᠢᠷᠠᠭᠤᠯᠤᠨ ᠵᠤᠭᠢᠶᠠᠪᠠ︔ 2017 | ᠤᠨ ᠤ ᠪᠠᠶᠢᠰᠢᠩ ᠭᠡᠷ ᠤᠨ ᠲᠤᠭᠤᠷᠢᠭ ᠤᠨ ᠦᠭᠡᠷᠡᠴᠢᠯᠡᠯᠳᠡ ᠶᠢᠨ ᠲᠦᠷᠦᠯ ᠵᠦᠢᠯ ᠤᠨ 677 ᠢᠵᠢ | ᠳᠠᠳᠠᠪᠤᠷᠢᠯᠠᠨ ᠨᠦᠭᠦᠪᠦᠷᠢ ᠦᠭᠬᠦ ᠠᠵᠢᠯ ᠢ ᠨᠢᠭᠡᠨᠳᠡ ᠪᠡᠶᠡᠯᠡᠭᠦᠯᠪᠡ᠃ ᠯᠢ ᠾᠧ ᠢᠯᠴᠢ ᠴᠠᠭᠢᠯᠭᠠᠨ ᠢ ᠬᠤᠯᠪᠤᠭᠠᠯᠠᠨ | ᠭᠠᠷᠭᠠᠬᠤ ᠲᠦᠷᠦᠯ ᠵᠦᠢᠯ ᠶᠠᠭ ᠡᠯ᠎ᠡ ᠳᠤᠰᠬᠠᠢ ᠪᠠᠷᠢᠯᠭ᠎ᠠ ᠪᠠ ᠲᠦᠭᠦᠭᠡᠷᠦᠮᠵᠢ ᠤᠭᠰᠠᠷᠠᠬᠤ ᠠᠵᠢᠯ ᠢ ᠬᠢᠵᠦ ᠪᠤᠢ᠃ | ᠪᠢᠷᠠᠭᠤ ᠪᠠᠯᠭᠠᠰᠦ ᠶᠢᠨ ᠬᠤᠳᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠦᠭᠡᠷᠡᠴᠢᠯᠡᠯᠳᠡ ᠶᠢᠨ ᠲᠦᠷᠦᠯ | ᠵᠦᠢᠯ ᠤᠨ ᠢᠩᠴᠠᠩ ᠵᠠᠮ ᠤᠨ ᠭᠤᠤᠯ ᠵᠠᠮ ᠤᠨ ᠨᠢᠭᠤᠷ ᠢ ᠵᠠᠰᠠᠨ ᠰᠢᠨᠡᠳᠬᠡᠬᠦ ᠶᠢ ᠨᠢᠭᠡᠨᠳᠡ ᠪᠡᠶᠡᠯᠡᠭᠦᠯᠪᠡ᠃ | ᠪᠢᠷᠠᠭᠤ ᠪᠠᠯᠭᠠᠰᠦ ᠶᠢᠨ ᠲᠦᠪᠯᠡᠷᠡᠭᠦᠯᠦᠨ ᠲᠤᠯᠠᠭᠠᠯᠭ᠎ᠠ ᠬᠠᠩᠭᠠᠬᠤ ᠦᠨᠲᠦᠷ ᠲᠤᠯᠠᠭᠠᠨᠲᠤ ᠤᠰᠦᠨ ᠤ ᠭᠤᠤᠯ | ᠬᠤᠭᠤᠯᠠᠢ ᠶᠢᠨ ᠲᠤᠤᠷᠵᠢᠯ ᠪᠠ ᠳᠡᠳ᠋ ᠬᠤᠭᠤᠯᠠᠢ ᠶᠢᠨ ᠲᠤᠤᠷᠵᠢᠯ ᠵᠢᠴᠢ ᠢᠯᠴᠢ ᠶᠢᠨ ᠰᠤᠯᠢᠯᠴᠠᠯ ᠦᠷᠳᠡᠭᠡ ᠶᠢᠨ | ᠪᠠᠷᠢᠯᠭ᠎ᠠ ᠨᠢᠭᠡᠨᠳᠡ ᠳᠠᠭᠤᠰᠪᠠ᠃ ᠪᠢᠷᠠᠭᠤ ᠪᠠᠯᠭᠠᠰᠦᠨ ᠤ ᠤᠰᠦ ᠬᠠᠩᠭᠠᠬᠤ ᠢᠨᠵᠧᠨᠧᠷᠢᠩ ᠤᠨ ᠤᠰᠦᠨ ᠤ | ᠤᠶᠢᠯᠡᠳᠪᠦᠷᠢ ᠶᠢᠨ ᠭᠤᠤᠯ ᠴᠤᠭᠴᠠ ᠵᠢᠴᠢ ᠳᠠᠭᠠᠯᠲᠠ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠳᠡ | ᠪᠡᠶᠡᠯᠡᠭᠦᠯᠪᠡ᠃ ᠵᠠᠮ ᠬᠠᠷᠢᠯᠴᠠᠭᠠᠨ ᠤ ᠲᠤᠤᠷᠵᠢᠯ ᠢ ᠳᠠᠰᠤᠷᠠᠯᠳᠠ ᠦᠬᠡᠢ ᠳᠡᠭᠦᠯᠳᠡᠷᠵᠢᠭᠦᠯᠦᠭᠰᠡᠨ ᠪᠠᠶᠢᠨ᠎ᠠ᠃ | ᠳᠠᠷᠬᠠᠬᠠᠭᠤᠯᠠ ᠠᠴᠠ ᠪᠠᠶᠠᠠᠲᠦ᠋ᠬᠦᠮ ︵ᠵᠢᠭᠠᠰᠦᠨ ᠳᠠᠯᠠᠪᠠᠢ ᠠᠴᠠ ᠪᠠᠷᠰ ᠬᠤᠳᠠ ᠬᠦᠷᠬᠦ︶ ᠬᠦᠷᠬᠦ ᠵᠢᠭᠤᠯᠴᠢᠯᠠᠯ ᠤᠨ | ᠵᠠᠰᠠᠮᠠᠯ ᠵᠠᠮ ᠢ ᠪᠠᠷᠢᠵᠤ ᠳᠠᠭᠤᠰᠬᠠᠨ ᠳᠡᠷᠭᠡ ᠨᠡᠪᠳᠡᠷᠡᠪᠡ︔ ᠳ᠋ᠠᠨᠳᠥᠩ ᠠᠴᠠ ᠰᠢᠯᠢᠩᠬᠤᠳᠠ ᠬᠦᠷᠬᠦ ᠦᠨᠲᠦᠷ | ᠬᠤᠷᠴᠠᠲᠦ ᠵᠠᠰᠠᠮᠠᠯ ᠵᠠᠮ ᠤᠨ ᠪᠢᠷᠠᠭᠤ ᠠᠴᠠ ᠳ᠋ᠠᠪᠠᠨ ᠬᠦᠷᠬᠦ ᠬᠡᠰᠡᠭ ᠤᠨ ᠭᠤᠤᠯ ᠱᠤᠭᠤᠮ ᠵᠢᠴᠢ ᠳᠤᠰᠠᠯᠠᠬᠤ | ᠵᠠᠮ ᠤᠨ ᠶᠡᠷᠦᠩᠬᠡᠢ ᠪᠡᠯᠡ ᠤᠷᠤᠭᠤᠯᠤᠯᠲᠠ ᠶᠢᠨ 50% ᠶᠢ ᠪᠡᠶᠡᠯᠡᠭᠦᠯᠪᠡ︔ ᠪᠢᠷᠠᠭᠤ ᠠᠴᠠ ᠴᠧᠩᠳᠧ ᠬᠦᠷᠬᠦ | ᠦᠨᠲᠦᠷ ᠬᠤᠷᠴᠠᠲᠦ ᠵᠠᠰᠠᠮᠠᠯ ᠵᠠᠮ ᠤᠨ ᠪᠢᠷᠠᠭᠤ ᠠᠴᠠ ᠤᠯᠠᠭᠠᠨᠪᠤᠲᠤᠩ ᠬᠦᠷᠬᠦ ᠬᠡᠰᠡᠭ ᠤᠨ ᠭᠠᠵᠠᠷ ᠰᠤᠩᠭᠤᠬᠤ᠂ | ᠭᠠᠵᠠᠷ ᠬᠡᠷᠡᠭᠯᠡᠬᠦ ᠤᠷᠢᠳᠴᠢᠯᠠᠭᠰᠠᠨ ᠬᠢᠨᠠᠯᠲᠠ᠂ ᠡᠨᠧᠷᠬᠢ ᠠᠷᠪᠢᠯᠠᠬᠤ ᠤᠷᠴᠢᠨ ᠠᠬᠤᠢ ᠶᠢᠨ ᠦᠨᠡᠯᠡᠯᠳᠡ᠂ | ᠪᠤᠯᠤᠮᠵᠢᠲᠦ ᠰᠤᠲᠤᠯᠤᠯ ᠶᠢᠨ ᠴᠤᠬᠤᠯᠠᠪᠤᠷᠢ ᠵᠡᠷᠭᠡ ᠲᠦᠰᠦᠯ ᠲᠤᠭᠲᠠᠭᠠᠬᠤ ᠭᠠᠷᠳᠠᠮ ᠢ ᠨᠢᠭᠡᠨᠳᠡ ᠪᠡᠶᠡᠯᠡᠭᠦᠯᠵᠦ᠂ | ᠠᠩᠬ᠎ᠠ ᠠᠯᠬᠤᠮ ᠤᠨ ᠲᠦᠯᠦᠪᠯᠡᠭᠡ ᠶᠢᠨ ᠮᠠᠲ᠋ᠧᠷᠢᠶᠠᠯ ᠢ ᠨᠢᠭᠡᠨᠳᠡ ᠴᠤᠬᠤᠯᠠᠪᠤᠷᠢᠯᠠᠵᠦ᠂ ᠤᠲᠤᠬᠠᠨ ᠶᠠᠭ ᠭᠠᠵᠠᠷ | ᠳᠠᠲᠠᠪᠤᠷᠢᠯᠠᠵᠦ ᠨᠤᠷᠠᠭᠠᠵᠤ ᠨᠡᠭᠦᠯᠭᠡᠬᠦ ᠠᠵᠢᠯ ᠢ ᠶᠠᠪᠤᠭᠳᠠᠭᠤᠯᠵᠤ ᠪᠤᠢ︔ ᠮᠤᠵᠢ ᠶᠢᠨ ᠵᠠᠮ ᠤᠨ 304 ᠱᠤᠭᠤᠮ ᠤᠨ | ᠤᠯᠠᠭᠠᠨᠪᠤᠲᠤᠩ ᠠᠴᠠ ᠰᠧ ᠳ᠋ᠤᠤ ᠡᠾᠧᠽᠢ ᠬᠦᠷᠬᠦ ᠬᠡᠰᠡᠭ ᠤᠨ ᠵᠠᠰᠠᠮᠠᠯ ᠵᠠᠮ ᠪᠠ ᠡᠦ ᠼᠠᠢ ᠱᠠᠨ ᠠᠭᠤᠯᠠ ᠠᠴᠠ | ᠮᠤᠵᠢ ᠶᠢᠨ ᠵᠠᠮ ᠤᠨ 304 ᠱᠤᠭᠤᠮ ᠬᠦᠷᠬᠦ ᠵᠠᠰᠠᠮᠠᠯ ᠵᠠᠮ ᠨᠢ ᠳᠤᠰᠪᠤᠷᠢ 5000 ᠲᠦᠮᠡᠨ ᠲᠦᠭᠦᠷᠢᠭ ᠪᠠ | 3000 ᠲᠦᠮᠡᠨ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠪᠡ᠃ ᠠᠰᠠᠭᠲᠤ ᠶᠢᠨ ᠴᠢᠯᠠᠭᠤᠨ | ᠰᠢᠭᠤᠢ ᠶᠢᠨ ᠦᠵᠡᠮᠵᠢ ᠶᠢᠨ ᠤᠷᠤᠨ ᠤ ᠡᠮᠦᠨ᠎ᠡ ᠡᠭᠦᠳᠡ ᠠᠴᠠ ᠪᠠᠷᠠᠭᠤᠨ ᠡᠭᠦᠳᠡ ᠬᠦᠷᠬᠦ ᠪᠠ ᠴᠢᠯᠠᠭᠤᠨ ᠭᠡᠷ ᠠᠴᠠ | ᠠᠰᠠᠭᠲᠤ ᠶᠢᠨ ᠴᠢᠯᠠᠭᠤᠨ ᠰᠢᠭᠤᠢ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠵᠠᠮ ᠤᠨ ᠰᠠᠭᠤᠷᠢ ᠶᠢᠨ ᠪᠠᠷᠢᠯᠭ᠎ᠠ ᠶᠢ | ᠪᠡᠶᠡᠯᠡᠭᠦᠯᠪᠡ᠃ ᠤᠯᠠᠭᠠᠨᠪᠤᠲᠤᠩ ᠪᠤᠯᠤᠨ ᠠᠰᠠᠭᠲᠤ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠳᠠᠯᠠᠪᠠᠢ ᠶᠢᠨ | ᠲᠦᠷᠦᠯ ᠵᠦᠢᠯ ᠢ ᠨᠢᠭᠡᠨᠳᠡ ᠪᠤᠯᠤᠮᠵᠢᠲᠦᠰ᠊ ᠤᠲᠤᠯᠤᠯ ᠢ ᠨᠠᠶᠢᠷᠠᠭᠤᠯᠤᠨ ᠵᠤᠬᠢᠶᠠᠬᠤ ᠠᠵᠢᠯ ᠢ ᠪᠡᠶᠡᠯᠡᠭᠦᠯᠵᠦ᠂ ᠭᠠᠵᠠᠷ | ᠰᠢᠷᠤᠢ᠂ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠠᠵᠢᠯ ᠲᠦᠷᠦᠯ ᠤᠨ ᠬᠢᠨᠠᠨ ᠪᠠᠶᠢᠴᠠᠭᠠᠯᠲᠠ᠂ | ᠲᠤᠭᠲᠠᠭᠤᠨ ᠢ ᠬᠠᠮᠠᠭᠠᠯᠠᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠬᠢᠬᠦ ᠶᠢᠨ ᠬᠠᠮᠲᠦ᠂ ᠨᠢᠭᠡᠨᠳᠡ | ᠰᠦᠯᠵᠢᠶᠡᠨ ᠳᠡᠭᠡᠷ᠎ᠡ ᠮᠡᠳᠡᠭᠦᠯᠦᠨ ᠲᠦᠰᠦᠯ ᠲᠤᠭᠲᠠᠭᠠᠵᠤ᠂ ᠵᠢᠱᠢᠯᠳᠡ ᠪᠠᠷ 2018 ᠤᠨ ᠳᠤ ᠪᠠᠷᠢᠯᠭ᠎ᠠ | ᠡᠭᠢᠯᠡᠭᠦᠯᠦᠨ ᠪᠦᠲᠦᠭᠡᠨ ᠪᠠᠶᠢᠭᠤᠯᠬᠤ ᠨᠦᠭᠦᠴᠡᠯ ᠳᠤ ᠬᠦᠷᠬᠦ ᠪᠤᠯᠤᠨ᠎ᠠ᠃ ᠪᠢᠷᠠᠭᠤ ᠶᠢᠨ ᠨᠡᠶᠢᠳᠡᠮ ᠬᠡᠷᠡᠭᠯᠡᠭᠡᠨ ᠤ | ᠨᠢᠰᠬᠡᠯ ᠤᠨ ᠳᠠᠯᠠᠪᠠᠢ ᠶᠢᠨ ᠲᠦᠷᠦᠯ ᠵᠦᠢᠯ ᠨᠢ ᠤᠲᠤᠬᠠᠨ ᠶᠠᠭ ᠪᠤᠯᠤᠮᠵᠢᠲᠦ ᠰᠤᠲᠤᠯᠤᠯ ᠤᠨ ᠮᠡᠳᠡᠭᠦᠯᠦᠯᠳᠡ ᠶᠢᠨ | ᠮᠠᠲ᠋ᠧᠷᠢᠶᠠᠯ ᠢ ᠴᠤᠭᠯᠠᠭᠤᠯᠬᠤ ᠠᠵᠢᠯ ᠢ ᠶᠠᠪᠤᠭᠳᠠᠭᠤᠯᠵᠤ ᠪᠤᠢ᠃ | | | | |