ᠨᠡᠶᠢᠭᠡᠮ ᠤᠨ ᠠᠵᠢᠯ ᠤᠶᠢᠯᠡᠰ
ᠨᠡᠶᠢᠲᠡᠯᠡᠭᠰᠡᠨ ᠴᠠᠭ᠄
2018/11/7
     ᠨᠡᠶᠢᠭᠡᠮ ᠤᠨ ᠠᠵᠢᠯ ᠤᠶᠢᠯᠡᠰ ᠳᠠᠰᠤᠷᠠᠯᠲᠠ ᠦᠬᠡᠢ ᠳᠠᠪᠰᠢᠵᠤ᠂ ᠠᠷᠠᠳ ᠤᠨ ᠠᠮᠢᠲᠦᠷᠠᠯ ᠤᠨ ᠪᠠᠲᠤᠯᠠᠭ᠎ᠠ ᠦᠷᠭᠦᠯᠵᠢᠯᠡᠨ ᠨᠡᠮᠡᠭᠳᠡᠭᠰᠡᠨ ᠪᠠᠶᠢᠨ᠎ᠠ᠃ ᠰᠤᠷᠭᠠᠨ ᠬᠦᠮᠦᠵᠢᠯ ᠤᠨ ᠤᠶᠢᠯᠡᠰ ᠪᠦᠬᠦ ᠲᠠᠯ᠎ᠠ ᠪᠠᠷ ᠭᠦᠭᠵᠢᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠭᠦᠷᠢᠲᠠᠢ ᠭᠦᠭᠵᠢᠯᠳᠡ ᠨᠢ ᠤᠯᠤᠰ ᠤᠨ ᠬᠢᠨᠠᠨ ᠲᠤᠭᠲᠠᠭᠠᠯᠲᠠ ᠪᠠ ᠰᠢᠯᠭᠠᠨ ᠬᠤᠷᠢᠶᠠᠬᠤ ᠶᠢ ᠠᠮᠵᠢᠯᠲᠠ ᠲᠠᠢ ᠦᠩᠭᠡᠷᠡᠭᠡᠪᠡ᠃ ᠮᠠᠯᠵᠢᠬᠤ ᠲᠠᠷᠢᠶᠠᠯᠠᠬᠤ ᠤᠷᠤᠨ ᠤ ᠳᠤᠮᠳᠠᠲᠦ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠦᠭᠦᠴᠡᠯ ᠢ ᠳᠡᠭᠡᠭᠰᠢᠯᠡᠭᠦᠯᠬᠦ ᠢᠨᠵᠧᠨᠧᠷᠢᠩ ᠤᠨ ᠪᠦᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠴᠦᠮ ᠪᠠᠷᠢᠯᠭ᠎ᠠ ᠳᠠᠭᠤᠰᠪᠠ᠃ ᠪᠢᠷᠠᠭᠤ ᠨᠢᠭᠡᠲᠦᠭᠡᠷ ᠳᠤᠮᠳᠠᠲᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠳᠠᠯᠠᠶᠢᠨᠠᠭᠤᠷ ᠪᠠᠯᠭᠠᠰᠦᠨ ᠤ ᠦᠨᠲᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠪᠠᠶᠢᠷᠢ ᠡᠨᠡ ᠵᠢᠯ ᠳᠤ ᠪᠠᠨ ᠠᠰᠢᠭᠯᠠᠯᠲᠠ ᠳᠤ ᠤᠷᠤᠪᠠ᠃ ᠰᠤᠷᠭᠠᠭᠤᠯᠢ ᠶᠢᠨ ᠬᠦᠷᠢᠶᠡᠨ ᠤ ᠰᠤᠷᠠᠭ ᠵᠠᠩᠭᠢ ᠶᠢᠨ ᠬᠢᠷᠢ ᠲᠦᠪᠰᠢᠨ ᠲᠦᠷᠭᠡᠨ ᠳᠡᠭᠡᠭᠰᠢᠯᠡᠵᠦ᠂ ᠲᠦᠪᠯᠡᠷᠡᠭᠦᠯᠦᠨ ᠰᠢᠩᠭᠡᠭᠡᠨ ᠨᠡᠪᠳᠡᠷᠡᠭᠦᠯᠬᠦ᠂ ᠢᠵᠢᠯ ᠰᠤᠪᠠᠭ ᠢ ᠨᠦᠭᠦᠴᠡᠯᠲᠦᠭᠦᠯᠬᠦ᠂ ᠲᠦᠷᠰᠦ ᠰᠢᠩᠭᠡᠭᠡᠯᠳᠡᠲᠦ ᠬᠤᠷᠠᠯ ᠵᠡᠷᠭᠡ ᠭᠤᠷᠪᠠ ᠶᠢ ᠨᠢᠭᠡ ᠴᠤᠭᠴᠠᠵᠢᠯᠠᠭᠰᠠᠨ ᠤᠯᠠᠨ ᠴᠢᠳᠠᠪᠬᠢᠲᠦ ᠬᠢᠴᠢᠶᠡᠯ ᠤᠨ ᠭᠡᠷ 35᠂ ᠺᠤᠮᠫᠢᠦ᠋ᠲ᠋ᠧᠷ ᠤᠨ ᠬᠢᠴᠢᠶᠡᠯ ᠤᠨ ᠭᠡᠷ 8᠎ ᠶᠢ ᠰᠢᠨ᠎ᠡ ᠪᠠᠷ ᠦᠭᠡᠷᠡᠴᠢᠯᠡᠨ ᠪᠠᠶᠢᠭᠤᠯᠪᠠ᠃ ᠭᠡᠰᠢᠭᠲᠡᠨ ᠬᠤᠰᠢᠭᠤᠨ ᠤ ᠰᠤᠷᠭᠠᠨ ᠬᠦᠮᠦᠵᠢᠯ ᠤᠨ ᠲᠤᠭᠠᠴᠢᠯᠠᠭᠰᠠᠨ ᠨᠤᠮ ᠤᠨ ᠰᠠᠩ ᠢ ᠪᠠᠶᠢᠭᠤᠯᠵᠤ᠂ ᠡᠯᠧᠺᠳ᠋ᠷᠤᠨ ᠨᠤᠮ ᠪᠢᠴᠢᠭ 10 ᠲᠦᠮᠡ ᠳᠤ ᠬᠦᠷᠪᠡ᠃ ᠰᠤᠷᠭᠠᠭᠤᠯᠢ ᠶᠢᠨ ᠲᠤᠤᠷ ᠰᠦᠯᠵᠢᠶ᠎ᠡ ᠶᠢᠨ ᠡᠭᠢ ᠪᠠᠶᠠᠯᠢᠭ ᠢ ᠬᠠᠮᠲᠦᠪᠡᠷ ᠡᠳ᠋ᠯᠡᠬᠦ ᠳᠠᠪᠴᠠᠩ ᠢ ᠪᠠᠶᠢᠭᠤᠯᠵᠤ᠂ ᠵᠢᠭᠠᠨ ᠰᠤᠷᠭᠠᠯᠲᠠ ᠶᠢᠨ  ᠡᠬᠢ ᠪᠠᠶᠠᠯᠢᠭ ᠢ ︽ᠠᠩᠭᠢ ᠪᠤᠯᠭᠠᠨ ᠳᠤ ᠡᠳ᠋ᠯᠡᠭᠦᠯᠬᠦ︾᠂ ᠲᠤᠤᠷ ᠰᠦᠯᠵᠢᠶ᠎ᠡ ᠪᠠᠷ ᠰᠤᠷᠤᠯᠴᠠᠬᠤ ᠤᠷᠤᠨ ᠵᠠᠢ ᠶᠢ ︽ᠬᠦᠮᠦᠨ ᠪᠤᠯᠭᠠᠨ ᠳᠤ ᠤᠯᠭᠤᠬᠤ︾᠎ ᠶᠢ ᠠᠩᠬ᠎ᠠ ᠠᠯᠬᠤᠮ ᠪᠡᠶᠡᠯᠡᠭᠦᠯᠪᠡ᠃ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠠᠭᠢᠴᠠ ᠤᠷᠤᠭᠰᠢᠲᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠦᠷᠨᠢᠭᠦᠯᠵᠦ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠤᠶᠢᠯᠡᠴᠢᠯᠡᠭᠡ ᠶᠢᠨ ᠲᠦᠷᠦᠯ ᠵᠦᠢᠯ ᠤᠨ ᠦᠨ᠎ᠡ ︵ᠲᠤᠷᠰᠢᠨ ᠬᠡᠷᠡᠭᠵᠢᠬᠦᠯᠬᠦ︶ 2012 ᠤᠨ ᠤ ᠬᠡᠪᠯᠡᠯ︾᠎ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠬᠤᠶᠠᠷ ᠦᠨᠲᠦᠰᠦᠨ ᠱᠠᠲᠦᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠠᠨ ᠳ᠋ᠢᠶᠠᠨ᠂ ᠯᠢᠦ ᠯᠢᠨ︶᠂ 7 ᠬᠢᠲᠠᠳ ᠡᠮᠨᠡᠯᠭᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠭᠢᠴᠠ ᠤᠷᠤᠭᠰᠢᠲᠠᠢ ᠪᠠᠶᠢᠵᠦ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠨᠢ ᠠᠰᠢᠭᠯᠠᠯᠲᠠ ᠳᠤ ᠤᠷᠤᠪᠠ᠃ ᠦᠨᠲᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠢ ᠲᠡᠩᠴᠡᠭᠦᠷᠢᠰᠢᠭᠦᠯᠬᠦ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠭᠢᠭᠤᠯᠵᠦ᠂ ᠦᠨᠲᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡ ᠶᠢ ᠲᠦᠷᠢᠮᠵᠢᠭᠦᠯᠬᠦ ᠲᠦᠷᠦᠯ ᠵᠦᠢᠯ ᠢ ᠠᠬᠢᠭᠤᠯᠬᠤ ᠠᠵᠢᠯᠯᠠᠭᠠᠨ ᠢ ᠦᠷᠨᠢᠭᠦᠯᠵᠦ᠂ 10 ᠰᠠᠷ᠎ᠠ ᠶᠢᠨ ᠰᠡᠭᠦᠯᠴᠢ ᠪᠤᠯᠲᠠᠯ᠎ᠠ ᠪᠢᠴᠢᠭ ᠤᠨ ᠳᠠᠩᠰᠠ ᠡᠪᠬᠡᠮᠡᠯ ᠢ 16.7 ᠲᠦᠮᠡᠨ ᠬᠤᠪᠢ᠂ ᠡᠯᠧᠺᠳ᠋ᠷᠤᠨ ᠡᠷᠡᠭᠦᠯ ᠮᠡᠨᠲᠦ ᠶᠢᠨ ᠳᠠᠩᠰᠠ ᠡᠪᠬᠡᠮᠡᠯ ᠢ 16.6 ᠲᠦᠮᠡᠨ ᠬᠤᠪᠢ ᠪᠠᠶᠢᠭᠤᠯᠵᠦ᠂ ︽ᠬᠡᠰᠢᠭᠲᠡᠨ ᠬᠤᠰᠢᠭᠤᠨ ᠤ ᠡᠷᠡᠭᠦᠯ ᠮᠡᠨᠲᠦ ᠪᠠᠷ ᠶᠠᠳᠠᠭᠤ ᠶᠢ ᠳᠡᠳᠬᠦᠬᠦ ᠭᠠᠷ ᠳᠡᠪᠳᠡᠷ︾᠎ ᠢ 1.2 ᠲᠦᠮᠡᠨ ᠬᠤᠪᠢ ᠵᠤᠬᠢᠶᠠᠨ ᠲᠠᠷᠬᠠᠭᠠᠵᠤ᠂ ᠬᠤᠰᠢᠭᠤ ᠰᠤᠮᠤ ᠭᠠᠴᠠᠭ᠎ᠠ ᠭᠤᠷᠪᠠᠨ ᠱᠠᠲᠦᠨ ᠤ 1+1+1 ᠤᠶᠢᠯᠡᠴᠢᠯᠡᠭᠡ ᠶᠢᠨ ᠭᠡᠷ᠎ᠡ ᠲᠤᠭᠲᠠᠬᠤ ᠪᠦᠯᠬᠦᠮ ᠢ ᠵᠤᠭᠢᠶᠠᠨ ᠪᠠᠶᠢᠭᠤᠯᠵᠤ᠂ ᠤᠯᠠᠭᠠᠨᠬᠠᠳᠠ ᠬᠤᠳᠠ ᠶᠢᠨ ᠬᠠᠷᠢᠶᠠᠲᠦ ᠡᠮᠨᠡᠯᠭᠡ ᠶᠢᠨ ᠬᠤᠷᠢᠶ᠎ᠠ ᠲᠠᠢ ᠡᠮ ᠡᠮᠨᠡᠯᠭᠡ ᠶᠢᠨ ᠬᠤᠯᠪᠤᠭᠠᠲᠦ ᠴᠤᠭᠴᠠ ᠶᠢ ᠪᠠᠶᠢᠭᠤᠯᠵᠤ᠂ ᠬᠤᠰᠢᠭᠤ ᠬᠡᠪᠴᠢᠶᠡᠨ ᠤ ᠡᠮ ᠡᠮᠨᠡᠯᠭᠡ ᠶᠢᠨ ᠬᠤᠯᠪᠤᠭᠠᠲᠦ ᠴᠤᠭᠴᠠ ᠶᠢ 3᠂ ᠲᠤᠭᠤᠷᠢᠭ ᠬᠡᠪᠴᠢᠶᠡᠨ ᠤ ᠡᠮ ᠡᠮᠨᠡᠯᠭᠡ ᠶᠢᠨ ᠬᠤᠯᠪᠤᠭᠠᠲᠦ ᠴᠤᠭᠴᠠ ᠶᠢ 7᠂ ᠡᠷᠡᠭᠦᠯ ᠮᠡᠨᠲᠦ ᠪᠠᠨ ᠦᠪᠡᠷᠲᠡᠭᠡᠨ ᠬᠡᠮᠵᠢᠨ ᠪᠠᠶᠢᠴᠠᠭᠠᠬᠤ ᠵᠢᠵᠢᠭ ᠭᠡᠷ 2᠎ ᠶᠢ ᠪᠠᠶᠢᠭᠤᠯᠪᠠ᠃ 22 ᠦᠨᠲᠦᠰᠦᠨ ᠱᠠᠲᠦᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠭᠠᠷ ᠤᠳᠠᠰᠦ ᠶᠢᠨ APP᠎ ᠪᠠᠷ ᠰᠦᠯᠵᠢᠶᠡᠨ ᠳᠡᠭᠡᠷ᠎ᠡ ᠤᠶᠢᠯᠡᠴᠢᠯᠡᠭᠡ ᠶᠢᠨ ᠭᠡᠷ᠎ᠡ ᠲᠤᠭᠲᠠᠬᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠰᠤᠶᠤᠯ ᠪᠡᠶ᠎ᠡ ᠶᠢᠨ ᠳᠠᠮᠢᠷ ᠤᠨ ᠤᠶᠢᠯᠡᠰ ᠦᠷᠭᠦᠯᠵᠢᠯᠡᠨ ᠬᠦᠭᠵᠢᠪᠡ᠃ ᠳᠤᠮᠳᠠᠲᠦ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ 96 ᠵᠢᠯ ᠤᠨ ᠤᠢ ᠶᠢ ᠪᠡᠯᠭᠡᠯᠡᠬᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ᠂ ᠨᠠᠮ ᠤᠨ ᠠᠷᠪᠠ ᠵᠢᠰᠦᠲᠦᠭᠡᠷ ᠶᠡᠭᠡ ᠬᠤᠷᠠᠯ ᠠᠮᠵᠢᠯᠲᠠ ᠲᠠᠢ ᠬᠤᠷᠠᠯᠲᠤᠬᠤ ᠶᠢ ᠤᠭᠲᠤᠬᠤ ︽ᠠᠭᠤᠳᠠᠮ ᠳᠠᠯᠠᠪᠠᠢ ᠳᠠᠬᠢ ᠬᠠᠮᠲᠦ ᠶᠢᠨ ᠪᠦᠵᠢᠭ︾᠂ ᠤᠯᠠᠭᠠᠨᠬᠠᠳᠠ ᠶᠢᠨ ᠠᠩᠬ᠎ᠠ ᠵᠤᠭᠢᠶᠠᠭᠰᠠᠨ ᠳᠠᠭᠤᠤ ᠶᠢᠨ ᠤᠷᠤᠯᠲᠤᠭᠠᠨ᠂ ᠲᠦᠪ ᠲᠧᠯᠧᠢᠰ ᠤᠨ ︽ᠰᠢᠵᠢᠷ ᠠᠯᠲᠠᠨ 100 ᠰᠧᠺᠤᠨᠲ︾ ᠫᠷᠤᠭ᠍ᠷᠠᠮ ᠤᠨ ᠰᠢᠭᠤᠳ ᠰᠤᠩᠭᠤᠭᠤᠯᠢ ᠵᠡᠷᠭᠡ ᠰᠤᠶᠤᠯ ᠤᠨ ᠠᠵᠢᠯᠯᠠᠭᠠᠨ ᠢ ᠠᠮᠵᠢᠯᠲᠠ ᠲᠠᠢ ᠡᠷᠭᠢᠯᠡᠪᠡ᠃ ᠪᠠᠷᠰ ᠬᠤᠳᠠ ᠶᠢᠨ ᠪᠠᠭᠤᠷᠢ ᠶᠢᠨ ᠠᠮᠦᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ ᠬᠡᠷᠡᠭᠵᠢᠬᠦᠯᠬᠦ ᠲᠦᠰᠦᠪ ᠨᠢ ᠤᠯᠤᠰ ᠤᠨ ᠳᠡᠤᠬᠡ ᠶᠢᠨ ᠳᠤᠷᠠᠰᠬᠠᠯᠲᠤ ᠵᠦᠢᠯ ᠤᠨ ᠲᠤᠪᠴᠢᠶ᠎ᠠ ᠶᠢᠨ ᠬᠢᠨᠠᠨ ᠲᠤᠭᠲᠠᠭᠠᠯᠲᠠ ᠶᠢ ᠦᠩᠭᠡᠷᠡᠭᠡᠵᠦ᠂ ᠴᠢᠯᠠᠭᠤᠨ ᠰᠢᠭᠤᠢ ᠶᠢᠨ ᠨᠡᠶᠢᠭᠡᠮ ᠲᠤᠭᠤᠷᠢᠭ᠂ ᠬᠠᠳᠠ ᠨᠡᠶᠢᠭᠡᠮ ᠲᠤᠭᠤᠷᠢᠭ᠂ ᠬᠡᠰᠢᠭᠲᠡᠨ ᠬᠤᠰᠢᠭᠤᠨ ᠤ ᠨᠤᠮ ᠤᠨ ᠰᠠᠩ ᠤᠨ ᠭᠠᠯᠳᠠᠰᠦᠲᠠᠢ ᠷᠠᠰᠢᠶᠠᠨ ᠤ ᠵᠡᠭᠡᠯᠢ ᠭᠤᠲᠤᠮᠵᠢ ᠶᠢᠨ ᠬᠡᠷᠡᠭ ᠡᠷᠭᠢᠯᠡᠬᠦ ᠭᠠᠵᠠᠷ ᠳᠠᠬᠢ ᠬᠤᠪᠢᠶᠠᠷᠢ ᠨᠠᠮ ᠤᠨ ᠰᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠪᠦᠬᠦ ᠠᠷᠠᠳ ᠤᠨ ᠪᠡᠶ᠎ᠡ ᠪᠠᠨ ᠪᠤᠯᠪᠠᠰᠦᠷᠠᠭᠤᠯᠬᠤ ᠶᠡᠷᠦᠩᠬᠡᠶᠢᠯᠡᠭᠰᠡᠨ ᠪᠡᠶ᠎ᠡ ᠶᠢᠨ ᠳᠠᠮᠢᠷ ᠤᠨ ᠳᠠᠯᠠᠪᠠᠢ ᠶᠢᠨ ᠲᠦᠷᠦ ᠵᠦᠢᠯ ᠤᠨ ᠪᠠᠷᠢᠯᠭ᠎ᠠ ᠨᠢᠭᠡᠨᠳᠡ ᠳᠠᠭᠤᠰᠪᠠ᠃ ᠶᠠᠳᠠᠭᠤ ᠶᠢ ᠳᠡᠳᠬᠦᠬᠦ ᠠᠵᠢᠯ ᠢ ᠯᠠᠪᠳᠠᠭᠤᠨ ᠬᠦᠴᠦᠲᠠᠢ ᠠᠭᠢᠭᠤᠯᠪᠠ᠃ ᠠᠵᠦ ᠤᠶᠢᠯᠡᠰ ᠢᠶᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠷᠡᠭᠦᠯ ᠮᠡᠨᠲᠦ ᠪᠠᠷ ᠶᠠᠳᠠᠭᠤ ᠶᠢ ᠳᠡᠳᠬᠦᠬᠦ᠂ ᠠᠮᠢ ᠠᠬᠤᠢ ᠪᠠᠷ ᠶᠠᠳᠠᠭᠤ ᠶᠢ ᠳᠡᠳᠬᠦᠬᠦ᠂ ᠤᠨᠲᠤᠤ ᠭᠠᠵᠠᠷ ᠨᠡᠭᠦᠯᠭᠡᠵᠦ ᠶᠠᠳᠠᠭᠤ ᠶᠢ ᠳᠡᠳᠬᠦᠬᠦ ᠪᠠ ᠨᠡᠶᠢᠭᠡᠮ ᠤᠨ ᠪᠠᠲᠤᠯᠠᠭ᠎ᠠ ᠶᠢ ᠬᠡᠷᠡᠭᠵᠢᠬᠦᠯᠦᠭᠰᠡᠨ ᠲᠠᠯ᠎ᠠ ᠪᠠᠷ ᠢᠯᠡᠷᠬᠡᠢ ᠦᠷ᠎ᠡ ᠪᠦᠲᠦᠮᠵᠢ ᠲᠠᠢ᠃ ︽ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ ᠲᠦᠷᠦᠯ ᠵᠦᠢᠯ᠂ ᠬᠤᠰᠢᠭᠤ ᠱᠠᠲᠦᠨ ᠎ ᠳᠠᠭᠠᠨ ᠭᠡᠷᠡᠭᠵᠢᠬᠦᠯᠵᠦ ᠪᠠᠶᠢᠭ᠎ᠠ ︽ᠮᠢᠩᠭᠠᠨ ᠲᠦᠭᠦᠷᠢᠭ ᠤᠨ ᠳᠡᠮᠵᠢᠯᠭᠡ︾᠎ ᠶᠢᠨ ᠲᠦᠷᠦᠯ ᠵᠦᠢᠯ ᠪᠠ ︽ᠵᠢᠭᠤᠯᠴᠢᠯᠠᠯ ᠤᠨ ᠡᠳ᠋ ᠬᠦᠷᠦᠩᠭᠡ ᠶᠢᠨ ᠠᠰᠢᠭ ᠤᠯᠵᠠᠪᠤᠷᠢ︾᠎ ᠶᠢᠨ ᠲᠦᠷᠦᠯ ᠵᠦᠢᠯ ᠳᠤ ᠲᠦᠰᠢᠭᠯᠡᠵᠦ᠂ ︽1+3+5︾᠎ ᠶᠢᠨ ᠠᠵᠦ ᠤᠶᠢᠯᠡᠰ ᠢᠶᠠᠷ ᠶᠠᠳᠠᠭᠤ ᠶᠢ ᠳᠡᠳᠬᠦᠬᠦ ᠬᠡᠯᠪᠡᠷᠢ ᠪᠠᠷ ᠳᠠᠮᠵᠢᠨ᠂ ᠪᠦᠬᠦ ᠬᠤᠰᠢᠭᠤᠨ ᠤ 11734 ᠡᠷᠦᠬᠡ ᠶᠢᠨ 24543 ᠶᠠᠳᠠᠭᠤ ᠬᠦᠴᠢᠷᠲᠠᠢ ᠬᠦᠮᠦᠨ ᠠᠮᠠ ᠶᠢ ᠪᠦᠬᠦᠨ ᠢ ᠠᠵᠦ ᠤᠶᠢᠯᠡᠰ ᠢᠶᠠᠷ ᠭᠦᠭᠵᠢᠭᠦᠯᠬᠦ ᠲᠦᠷᠦᠯ ᠵᠦᠢᠯ ᠳᠤ ᠤᠷᠤᠭᠤᠯᠤᠭᠰᠠᠨ ᠪᠠᠶᠢᠨ᠎ᠠ᠃       ︽ᠬᠡᠰᠢᠭᠲᠡᠨ ᠬᠤᠰᠢᠭᠤᠨ ᠤ 2017 ᠤᠨ ᠤ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠨ ᠪᠠᠭᠢᠯᠡᠯᠲᠡ ᠰᠢᠪᠲᠤᠯᠬᠤ ᠠᠵᠢᠯᠯᠠᠭᠠᠨ ᠤ ᠲᠦᠰᠦᠪ︾᠎ ᠢ ᠲᠤᠭᠲᠠᠭᠠᠨ ᠳᠠᠷᠤᠮᠠᠯᠯᠠᠨ ᠲᠠᠷᠬᠠᠭᠠᠵᠤ᠂ ᠰᠤᠷᠭᠠᠨ ᠬᠦᠮᠦᠵᠢᠯ ᠤᠨ ᠳᠤᠰᠠᠯᠠᠮᠵᠢ ᠶᠢᠨ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠲᠠᠢ ᠭᠡᠷ ᠪᠦᠯᠢ ᠶᠢᠨ ᠰᠤᠷᠤᠭᠴᠢ ᠶᠢᠨ ᠡᠯ᠎ᠡ ᠱᠠᠲᠦᠨ ᠳᠠᠬᠢ ᠰᠤᠷᠭᠠᠨ ᠭᠦᠮᠦᠵᠢᠯ ᠤᠨ ᠰᠤᠷᠭᠠᠭᠤᠯᠢ ᠳᠤ ᠤᠷᠤᠬᠤ ᠠᠴᠠ ᠳᠡᠭᠦᠰᠬᠦ ᠪᠤᠯᠲᠠᠯᠠᠬᠢ ᠪᠦᠬᠦ ᠶᠠᠪᠤᠴᠠ ᠳᠤ ᠳᠤᠰᠠᠯᠠᠮᠵᠢ ᠦᠵᠡᠭᠦᠯᠬᠦ ᠶᠢ ᠪᠠᠲᠤᠯᠠᠵᠤ᠂ ︽ᠡᠮ ᠡᠮᠨᠡᠯᠭᠡ ᠶᠢᠨ ᠳᠠᠭᠠᠳᠬᠠᠯ + ᠲᠦᠷ ᠴᠠᠭ ᠤᠨ ᠠᠪᠤᠷᠠᠨ ᠳᠤᠰᠠᠯᠠᠯᠲᠠ + ᠶᠠᠳᠠᠭᠤ ᠬᠦᠴᠢᠷᠲᠠᠢ ᠬᠦᠮᠦᠨ ᠠᠮᠠ ᠶᠢᠨ ᠳᠠᠭᠠᠳᠬᠠᠯ ᠢ ᠪᠠᠭᠠᠰᠬᠠᠬᠤ + ᠰᠠᠭᠤᠷᠢ ᠮᠦᠩᠭᠦ︾ ᠵᠡᠷᠭᠡ ᠲᠦᠷᠪᠡᠨ ᠡᠮ ᠡᠮᠨᠡᠯᠭᠡ ᠶᠢᠨ ᠳᠠᠭᠠᠳᠬᠠᠯ ᠤᠨ ᠲᠤᠭᠲᠠᠯᠴᠠᠭ᠎ᠠ ᠶᠢ ᠪᠠᠶᠢᠭᠤᠯᠵᠤ᠂ ᠶᠠᠳᠠᠭᠤ ᠬᠦᠴᠢᠷᠲᠠᠢ ᠭᠦᠮᠦᠨ ᠠᠮᠠ ᠶᠢᠨ ᠡᠮᠴᠢᠯᠡᠭᠡᠨ ᠤ ᠵᠠᠷᠤᠳᠠᠯ ᠤᠨ ᠦᠪᠡᠷᠲᠡᠭᠡᠨ ᠡᠭᠦᠷᠭᠡᠯᠡᠬᠦ ᠬᠠᠷᠢᠴᠠᠯ ᠢ 10%᠎ ᠠᠴᠠ ᠳᠠᠪᠠᠭ᠋ᠤ ᠦᠬᠡᠢ ᠪᠠᠶᠢᠬᠤ ᠶᠢ ᠪᠠᠲᠤᠯᠠᠪᠠ︔ ︽ᠰᠠᠭᠠᠳ ᠦᠬᠡᠢ ᠵᠠᠮ︾᠎ ᠢ ᠨᠡᠪᠳᠡᠷᠡᠭᠦᠯᠵᠦ᠂ ᠤᠷᠢᠳᠠᠪᠡᠷ ᠡᠮᠴᠢᠯᠡᠭᠦᠯᠵᠦ᠂ ᠳᠠᠷᠠᠭ᠎ᠠ ᠨᠢ ᠰᠦᠢᠳᠬᠡᠯ ᠢᠶᠠᠨ ᠲᠤᠰᠢᠶᠠᠬᠤ᠂ ︽ᠨᠢᠭᠡ ᠦᠷᠲᠡᠭᠡᠴᠢᠯᠡᠭᠰᠡᠨ ᠬᠡᠯᠪᠡᠷᠢ︾᠎ ᠶᠢᠨ ᠳᠠᠩᠰᠠ ᠠᠴᠠ ᠲᠠᠶᠢᠯᠵᠤ ᠪᠤᠲᠤᠬᠤ ᠶᠢ ᠬᠡᠷᠡᠭᠵᠢᠬᠦᠯᠵᠦ᠂ 700 ᠶᠠᠳᠠᠭᠤ ᠬᠦᠴᠢᠷᠲᠠᠢ ᠬᠦᠮᠦᠨ ᠠᠮᠠ ᠶᠢ ᠤᠨᠲᠤᠤ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠶᠢ ᠪᠡᠶᠡᠯᠡᠭᠦᠯᠵᠤ᠂ ᠨᠡᠭᠦᠯᠭᠡᠨ ᠶᠠᠳᠠᠭᠤ ᠶᠢ ᠳᠡᠳᠬᠦᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠰᠢᠨ᠎ᠡ ᠨᠢᠭᠡ ᠬᠤᠭᠤᠴᠠᠭᠠᠨ ᠤ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠦᠷᠢ ᠬᠢᠭᠡᠳ ᠱᠠᠩᠨᠠᠯ ᠤᠨ ᠲᠦᠷᠦᠯ ᠵᠦᠢᠯ ᠨᠢ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠪᠦᠬᠦ ᠶᠠᠳᠠᠭᠤ ᠬᠦᠴᠢᠷᠲᠠᠢ ᠡᠷᠦᠬᠡ ᠶᠢ ᠬᠠᠮᠤᠷᠴᠦ᠂ ᠵᠦᠪᠭᠡᠨ ᠨᠦᠬᠦᠪᠦᠷᠢ ᠬᠢᠭᠡᠳ ᠱᠠᠩᠨᠠᠯ ᠤᠨ ᠪᠡᠯᠡ ᠮᠦᠩᠭᠦ ᠪᠠᠷ ᠳᠠᠮᠵᠢᠨ᠂ 14 ᠭᠠᠴᠠᠭ᠎ᠠ ᠲᠤᠰᠬᠤᠨ ᠤ 361 ᠶᠠᠳᠠᠭᠤ ᠠᠴᠠ ᠠᠩᠭᠢᠵᠢᠷᠠᠭᠠᠳᠤᠢ ᠶᠠᠳᠠᠭᠤ ᠬᠦᠴᠢᠷᠲᠠᠢ ᠡᠷᠦᠬᠡ ᠪᠠ 1222 ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠲᠠᠢ ᠡᠷᠦᠬᠡ ᠶᠢ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ ᠳᠠᠭᠢᠵᠦ ᠶᠠᠳᠠᠭᠤᠷᠠᠬᠤ ᠦᠬᠡᠢ ᠪᠠᠶᠢᠬᠤ ᠶᠢ ᠪᠡᠶᠡᠯᠡᠭᠦᠯᠪᠡ᠃ ᠪᠦᠬᠦ ᠬᠤᠰᠢᠭᠤᠨ ᠤ ᠬᠠᠮᠤᠭ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢᠨ ᠪᠠᠷᠢᠮᠵᠢᠶᠠᠨ ᠳᠤ ᠨᠡᠶᠢᠴᠡᠬᠦ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠲᠠᠢ 4401 ᠡᠷᠦᠬᠡ ᠶᠢᠨ 6222 ᠬᠦᠮᠦᠨ ᠢ ᠪᠦᠬᠦᠨ ᠢ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠪᠠ᠃ ᠠᠵᠢᠯ ᠤᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠳᠠᠰᠤᠷᠠᠯᠲᠠ ᠦᠬᠡᠢ ᠨᠡᠮᠡᠭᠳᠡᠭᠰᠡᠨ ᠪᠠᠶᠢᠨ᠎ᠠ᠃ 1—10 ᠰᠠᠷ᠎ᠠ ᠶᠢᠨ ᠬᠤᠳᠠ ᠪᠠᠯᠭᠠᠰᠦ ᠶᠢᠨ ᠰᠢᠨ᠎ᠡ ᠪᠠᠷ ᠠᠵᠢᠯ ᠤᠯᠤᠭᠰᠠᠨ ᠬᠦᠮᠦᠨ 1503 ᠪᠠᠶᠢᠵᠦ᠂ ᠡᠭᠦᠨ ᠳᠤ ᠠᠵᠢᠯ ᠠᠯᠳᠠᠭᠠᠳ ᠳᠠᠭᠢᠵᠦ ᠠᠵᠢᠯ ᠤᠯᠤᠭᠰᠠᠨ ᠨᠢ 285 ᠬᠦᠮᠦᠨ᠂ ᠠᠵᠢᠯ ᠤᠯᠬᠤ ᠳᠤ ᠭᠦᠴᠢᠷᠲᠠᠢ ᠬᠦᠮᠦᠨ ᠲᠠᠭᠢᠵᠦ ᠠᠵᠢᠯ ᠤᠯᠤᠭᠰᠠᠨ ᠨᠢ 276 ᠬᠦᠮᠦᠨ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠵᠦ ᠨᠡᠶᠢᠳᠡ 522 ᠬᠦᠮᠦᠨ ᠢ ᠲᠤᠭᠢᠷᠠᠭᠤᠯᠵᠦ᠂ ᠨᠦᠬᠦᠪᠦᠷᠢ ᠶᠢᠨ ᠪᠡᠯᠡ ᠮᠦᠩᠭᠦ ᠶᠢ 230.5 ᠲᠦᠮᠡᠨ ᠲᠦᠭᠦᠷᠢᠭ ᠲᠠᠷᠬᠠᠭᠠᠵᠤ᠂ ᠬᠤᠳᠠ ᠪᠠᠯᠭᠠᠰᠦᠨ ᠤ ᠳᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 3.1%᠎ ᠶᠢᠨ ᠲᠤᠲᠤᠷ᠎ᠠ ᠬᠢᠵᠠᠭᠠᠷᠯᠠᠵᠤ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠭᠰᠠᠨ ᠨᠢ 40158 ᠬᠦᠮᠦᠨ ᠳᠤ ᠬᠦᠷᠴᠦ᠂ 6 ᠰᠠᠷ᠎ᠠ ᠠᠴᠠ ᠳᠡᠭᠡᠭᠰᠢ ᠰᠢᠯᠵᠢᠭᠦᠯᠦᠭᠰᠡᠨ ᠨᠢ 32426 ᠬᠦᠮᠦᠨ ᠪᠠᠶᠢᠵᠦ᠂ ᠬᠦᠳᠡᠯᠮᠦᠷᠢ ᠬᠦᠴᠦᠨ ᠤ ᠤᠷᠤᠯᠭ᠎ᠠ ᠶᠢ 6 ᠳ᠋ᠦ᠋ᠩᠰᠢᠭᠤᠷ ᠲᠦᠭᠦᠷᠢᠭ ᠪᠡᠶᠡᠯᠡᠭᠦᠯᠪᠡ᠃ 1—10 ᠰᠠᠷ᠎ᠠ ᠶᠢᠨ ᠠᠵᠢᠯᠲᠠᠳ ᠤᠨ ᠨᠠᠰᠦᠵᠢᠯ ᠤᠨ ᠳᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ 1.9 ᠳ᠋ᠦ᠋ᠩᠰᠢᠭᠤᠷ ᠲᠦᠭᠦᠷᠢᠭ᠂ ᠵᠠᠷᠤᠯᠭ᠎ᠠ 2.6 ᠳ᠋ᠥ᠋ᠩᠰᠢᠭᠤᠷ ᠲᠦᠭᠦᠷᠢᠭ ᠪᠠᠶᠢᠵᠦ᠂ ᠳᠠᠭᠠᠳᠬᠠᠯ ᠤᠷᠤᠯᠴᠠᠭᠰᠠᠨ ᠬᠦᠮᠦᠨ ᠤ ᠲᠤᠭ᠎ᠠ 18375᠎ ᠳᠤ ᠬᠦᠷᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠦᠵᠢᠯ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ 122 ᠲᠦᠮᠡᠨ ᠲᠦᠭᠦᠷᠢᠭ᠂ ᠵᠠᠷᠤᠯᠭ᠎ᠠ 3801 ᠲᠦᠮᠡᠨ ᠲᠦᠭᠦᠷᠢᠭ ᠪᠠᠶᠢᠵᠦ᠂ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 10.8 ᠲᠦᠮᠡ ᠳᠤ ᠬᠦᠷᠪᠡ᠃ ᠠᠵᠢᠯ ᠤᠨ ᠰᠢᠷᠠᠭᠲᠤᠯ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ 798 ᠲᠦᠮᠡᠨ ᠲᠦᠭᠦᠷᠢᠭ᠂ ᠵᠠᠷᠤᠯᠭ᠎ᠠ 771 ᠲᠦᠮᠡᠨ ᠲᠦᠭᠦᠷᠢᠭ ᠪᠠᠶᠢᠵᠦ᠂ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 19200᠎ ᠳᠤ ᠬᠦᠷᠪᠡ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 18.8 ᠲᠦᠮᠡ ᠳᠤ ᠬᠦᠷᠴᠦ᠂ ᠠᠵᠢᠯᠲᠠᠨ᠂ ᠰᠠᠭᠤᠭᠠᠯᠢ ᠠᠷᠠᠳ ᠤᠨ ᠡᠮᠨᠡᠯᠭᠡ ᠳᠤ ᠰᠠᠭᠤᠬᠤ ᠤᠯᠭᠤᠮᠵᠢ ᠶᠢ ᠬᠦᠷᠳᠡᠭᠰᠡᠨ ᠨᠢ ᠳᠤᠰᠪᠤᠷᠢ 3704 ᠬᠦᠮᠦᠨ ᠤᠳᠠᠭ᠎ᠠ᠂ 25891 ᠬᠦᠮᠦᠨ ᠤᠳᠠᠭ᠎ᠠ ᠪᠠᠶᠢᠵᠦ᠂ ᠡᠮ ᠡᠮᠨᠡᠯᠭᠡ ᠶᠢᠨ ᠳᠠᠭᠠᠳᠬᠠᠯ ᠲᠤᠰᠢᠶᠠᠭᠰᠠᠨ ᠨᠢ ᠳᠤᠰᠪᠤᠷᠢ 3121 ᠲᠦᠮᠡᠨ ᠲᠦᠭᠦᠷᠢᠭ᠂ 9117 ᠲᠦᠮᠡᠨ ᠲᠦᠭᠦᠷᠢᠭ ᠪᠤᠯᠤᠨ᠎ᠠ︔ ᠬᠤᠳᠠ ᠬᠦᠳᠡᠭᠡ ᠶᠢᠨ ᠬᠠᠮᠤᠭ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢᠨ ᠪᠡᠯᠡ ᠮᠦᠩᠭᠦ ᠶᠢ ᠨᠡᠶᠢᠳᠡ 5043.88 ᠲᠦᠮᠡᠨ ᠲᠦᠭᠦᠷᠢᠭ ᠲᠠᠷᠬᠠᠭᠠᠪᠠ᠃ ᠨᠡᠶᠢᠭᠡᠮ ᠤᠨ ᠬᠠᠮᠢᠶᠠᠷᠦᠯᠲᠠ ᠶᠢ ᠳᠠᠰᠤᠷᠠᠯᠲᠠ ᠦᠬᠡᠢ ᠴᠢᠩᠭᠠᠳᠬᠠᠭᠰᠠᠨ ᠪᠠᠶᠢᠨ᠎ᠠ᠃ ᠠᠶᠤᠯᠭᠦᠢ ᠤᠶᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠠᠭᠢᠭᠤᠯᠵᠦ᠂ ᠨᠡᠶᠢᠭᠡᠮ ᠤᠨ ᠠᠮᠦᠷ ᠢ ᠬᠠᠮᠠᠭᠠᠯᠠᠬᠤ ᠰᠡᠷᠭᠡᠶᠢᠯᠡᠯᠲᠡ ᠶᠢᠨ ᠲᠤᠭᠲᠠᠯᠴᠠᠭ᠎ᠠ ᠶᠢ ᠳᠠᠰᠤᠷᠠᠯᠲᠠ ᠦᠬᠡᠢ ᠳᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠤᠯᠢ ᠪᠤᠰᠦ ᠶᠠᠯᠠᠲᠦ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠭᠢᠯᠲᠠ ᠦᠭᠴᠦ᠂ ᠠᠷᠠᠳ ᠲᠦᠮᠡᠨ ᠤ ᠠᠮᠦᠷ ᠲᠦᠪᠰᠢᠨ ᠰᠡᠳᠭᠢᠯᠭᠡ ᠶᠢ ᠳᠠᠰᠤᠷᠠᠯᠲᠠ ᠦᠬᠡᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号