ᠴᠠᠭᠠᠨ ᠰᠠᠷ᠎ᠠ ᠶᠢᠨ ᠬᠤᠭᠤᠴᠠᠭᠠᠨ ᠳᠤ ᠡᠳᠡᠬᠡᠷ ︽ᠬᠤᠷᠢᠭᠠᠳᠤ ᠪᠦᠰᠡ︾᠎ ᠳᠤ ᠪᠢᠳᠡᠬᠡᠢ ᠤᠶᠢᠷᠠᠳᠤᠭᠠᠷᠠᠢ
ᠨᠡᠶᠢᠲᠡᠯᠡᠭᠰᠡᠨ ᠴᠠᠭ᠄
2018/2/12
       ᠴᠠᠭᠠᠨ ᠰᠠᠷ᠎ᠠ ᠬᠦᠷᠴᠤ ᠢᠷᠡᠯ᠎ᠡ᠃ ᠬᠦᠮᠦᠰ ᠨᠤᠳᠤᠭ ᠪᠤᠴᠠᠵᠤ ᠰᠢᠨᠡᠯᠡᠬᠦ ᠪᠠᠷ ᠶᠠᠭᠠᠷᠠᠯᠳᠤᠨ᠎ᠠ᠂ ᠵᠠᠷᠢᠮ ᠨᠢ ᠡᠰᠡᠪᠡᠯ ᠵᠤᠭ᠎ᠠ ᠴᠡᠩᠬᠡᠬᠦᠨ ᠤ ᠭᠠᠵᠠᠷ ᠢᠶᠠᠷ ᠬᠦᠷᠴᠤ ᠪᠠᠶᠠᠷ ᠤᠨ ᠡᠳᠦᠷ ᠤᠨ ᠠᠭᠤᠷ ᠠᠮᠢᠰᠬᠤᠯ ᠳᠤᠮᠳᠠ ᠰᠤᠭᠳᠤᠭᠤᠷᠠᠨ ᠡᠬᠢᠯᠡᠵᠡᠢ᠃ ᠶᠠᠭ ᠡᠨᠡ ᠦᠶ᠎ᠡ ᠳᠤ ᠮᠦᠷᠦᠢ ᠲᠠᠢ ᠳᠤᠭᠯᠠᠭᠠᠮ ᠳᠤᠭᠯᠠᠬᠤ᠂ ᠬᠠᠤᠯᠢ ᠪᠤᠰᠤ ᠪᠠᠷ ᠳᠠᠰᠤᠯᠪᠤᠷᠢ ᠠᠷᠠᠯᠵᠢᠶᠠᠯᠠᠬᠤ᠂ ᠨᠡᠶᠢᠳᠡ ᠶᠢᠨ ᠮᠦᠩᠬᠦ ᠪᠠᠷ ᠢᠳᠡᠵᠤ ᠤᠤᠭᠤᠬᠤ᠂ ᠦᠵᠡᠮᠦᠷᠢ ᠶᠢᠨ ᠪᠦᠰᠡ ᠳᠤ ᠵᠢᠭᠤᠯᠴᠢᠳ ᠢ ᠮᠡᠬᠡᠯᠡᠨ ᠬᠢᠬᠠᠬᠤ᠂ ᠬᠠᠭᠤᠷᠮᠠᠭ ᠲᠠᠧᠠᠷ ᠬᠢᠵᠤ ᠪᠤᠷᠤᠯᠠᠭᠤᠯᠬᠤ ᠁ ᠬᠡᠬᠦ ᠮᠡᠳᠦᠴᠢᠯᠡᠨ ᠬᠠᠤᠯᠢ ᠪᠤᠰᠤ ︽ᠬᠤᠷᠢᠭᠠᠳᠤ ᠪᠦᠰᠡ︾᠎ ᠳᠤ ᠤᠶᠢᠷᠠᠳᠤᠬᠤ ᠠᠴᠠ ᠲᠠᠲᠠᠭᠠᠯᠵᠠᠭᠠᠷᠠᠢ︕        ᠮᠦᠷᠦᠢ ᠲᠠᠢ ᠳᠤᠭᠯᠠᠭᠠᠮ ᠳᠤᠭᠯᠠᠬᠤ ᠭᠠᠵᠢᠭᠤ ᠰᠤᠷᠳᠠᠯ᠄ ᠨᠤᠳᠤᠭ ᠪᠤᠴᠠᠵᠤ ᠰᠢᠨᠡᠯᠡᠭᠰᠡᠳ ᠵᠠᠷᠢᠮ ᠨᠢ ᠨᠠᠶᠢᠵᠠ ᠨᠦᠬᠦᠳ ᠲᠠᠢ ᠪᠠᠨ ᠨᠡᠶᠢᠯᠡᠨ ᠮᠦᠷᠦᠢ ᠲᠠᠢ ᠳᠤᠭᠯᠠᠭᠠᠮ ᠳᠤ ᠤᠷᠤᠵᠤ ᠨᠢᠬᠡ ᠵᠢᠯ ᠤᠨ ᠤᠯᠤᠭᠰᠠᠨ ᠢᠶᠠᠨ ᠦᠷᠡᠴᠢᠬᠡᠳᠡᠭ᠂ ᠡᠨᠡ ᠨᠢ ᠨᠤᠳᠤᠭ ᠤᠰᠤᠨ ᠤ ᠪᠤᠯᠪᠠᠰᠤᠨ ᠰᠤᠶᠤᠯ ᠢ ᠦᠬᠡᠶᠢᠬᠢᠬᠦ ᠳᠡᠳᠦᠢ ᠦᠬᠡᠢ ᠬᠠᠤᠯᠢ ᠳᠤ ᠬᠠᠯᠳᠠᠭᠰᠠᠨ ᠤᠴᠢᠷ ᠪᠤᠯᠳᠠᠭ ᠶᠤᠮ᠃ ᠡᠬᠦᠨ ᠳᠤ ᠬᠠᠨᠳᠤᠭᠤᠯᠤᠨ ᠳᠦᠪ ᠤᠨ ᠤᠯᠤᠰ ᠳᠦᠷᠦ ᠬᠠᠤᠯᠢ ᠴᠠᠭᠠᠵᠠ ᠶᠢᠨ ᠵᠦᠪᠯᠡᠯ᠂ ᠳᠦᠪ ᠤᠨ ᠶᠡᠷᠦᠩᠬᠡᠶᠢᠯᠡᠨ ᠵᠠᠰᠠᠬᠤ ᠵᠦᠪᠯᠡᠯ ᠪᠤᠯᠤᠨ ᠳᠤᠳᠤᠭᠠᠳᠤ ᠶᠢ ᠬᠠᠮᠠᠭᠠᠯᠠᠬᠤ ᠶᠠᠮᠤᠨ ᠬᠠᠮᠳᠤᠷᠠᠨ ᠰᠠᠶ᠋᠊ᠢᠬᠠᠨ ︽ᠬᠦᠳᠡᠭᠡ ᠳᠤᠰᠬᠤᠨ ᠤ ᠮᠦᠷᠦᠢ ᠲᠠᠢ ᠳᠤᠭᠯᠠᠭᠠᠮ ᠳᠤᠭᠯᠠᠬᠤ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠴᠤ ᠳᠦᠪᠯᠡᠷᠡᠬᠦᠯᠦᠨ ᠵᠠᠰᠠᠨ ᠴᠡᠭᠴᠡᠯᠡᠬᠦ ᠳᠤᠬᠠᠢ ᠮᠡᠳᠡᠭᠳᠡᠯ︾ ᠳᠠᠷᠬᠠᠭᠠᠵᠤ᠂ ᠡᠯ᠎ᠡ ᠭᠠᠵᠠᠷ ᠤᠷᠤᠨ ᠤ ᠬᠠᠮᠢᠶᠠᠳᠠᠢ ᠪᠠᠶᠢᠭᠤᠯᠤᠯᠭ᠎ᠠ ᠨᠢᠬᠡᠴᠡ ᠴᠠᠭᠠᠨ ᠰᠠᠷ᠎ᠠ ᠠᠴᠠ ᠡᠮᠦᠨ᠎ᠡ ᠬᠤᠶᠢᠨ᠎ᠡ ᠳᠡᠳᠡᠬᠡᠷ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠵᠠᠰᠠᠨ ᠴᠡᠭᠴᠡᠯᠡᠬᠦ ᠬᠡᠷᠡᠭᠳᠡᠢ ᠬᠡᠵᠡᠢ᠃ ᠡᠶᠢᠨᠬᠦ ᠤᠯᠠᠨ ᠭᠠᠵᠠᠷ ᠤᠷᠤᠨ ᠤ ᠡᠨᠡᠬᠦ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠠᠵᠢᠯ ᠨᠢᠬᠡᠨᠳᠡ ᠡᠬᠢᠯᠡᠭᠰᠡᠨ ᠪᠠᠶᠢᠨ᠎ᠠ᠃        ᠪᠠᠶᠠᠷ ᠳᠤᠷᠠᠰᠬᠠᠯ ᠤᠨ ᠡᠳᠦᠷ ᠤᠨ ᠢᠯᠵᠠᠷᠠᠯ᠄ ᠨᠢᠳᠤᠨᠤᠨ ᠤ ᠵᠢᠯ ᠤᠨ ᠡᠴᠤᠰ ᠢᠶᠠᠷ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠮᠡᠳᠡᠭᠳᠡᠯ ᠳᠠᠷᠬᠠᠭᠠᠵᠤ᠂ 2018 ᠤᠨ ᠤ ᠰᠢᠨ᠎ᠡ ᠤᠨ᠂ ᠴᠠᠭᠠᠨ ᠰᠠᠷ᠎ᠠ ᠶᠢᠨ ᠦᠶ᠎ᠡ ᠪᠠᠷ ᠨᠡᠶᠢᠳᠡ ᠶᠢᠨ ᠮᠦᠩᠬᠦ ᠪᠠᠷ ᠢᠳᠡᠵᠤ ᠤᠤᠭᠤᠨ ᠨᠠᠭᠠᠳᠤᠵᠤ ᠴᠡᠩᠬᠡᠬᠦ ᠪᠠ ᠬᠠᠷᠢᠯᠴᠠᠨ ᠪᠡᠯᠡᠭ ᠳᠤᠷᠠᠰᠬᠠᠯ ᠤᠨ ᠪᠤᠳᠠᠰ ᠬᠦᠷᠬᠡᠬᠦ ᠶᠢ ᠤᠨᠴᠠᠭᠠᠶᠢᠯᠠᠨ ᠰᠡᠷᠬᠡᠶᠢᠯᠡᠨ ᠬᠤᠷᠢᠭᠯᠠᠬᠤ ᠬᠡᠷᠡᠭᠳᠡᠢ ᠬᠡᠵᠡᠢ᠃ ᠮᠡᠳᠡᠭᠳᠡᠯ ᠳᠤ᠂ ᠡᠨᠡᠬᠦ ᠬᠤᠤᠰ ᠪᠠᠶᠠᠷ ᠤᠨ ᠬᠤᠭᠤᠴᠠᠭᠠᠨ ᠳᠤ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠵᠤ᠂ ᠬᠦᠨᠳᠤ ᠨᠤᠴᠢᠳᠠᠢ ᠨᠦᠯᠦᠬᠡ ᠭᠠᠷᠭᠠᠭᠰᠠᠨ ᠳᠤᠬᠢᠶᠠᠯᠳᠤᠯ ᠳᠤ ᠰᠢᠭᠤᠳ ᠬᠤᠯᠪᠤᠭᠳᠠᠬᠤ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠪᠠᠷ ᠪᠠᠷᠠᠬᠤ ᠦᠬᠡᠢ ᠬᠠᠮᠢᠶᠠᠳᠠᠢ ᠤᠳᠤᠷᠢᠳᠤᠯᠭ᠎ᠠ ᠠᠴᠠ ᠬᠠᠷᠢᠭᠤᠴᠠᠯᠭ᠎ᠠ ᠨᠡᠬᠡᠮᠵᠢᠯᠡᠵᠤ᠂ ᠦᠨᠡᠨ ᠨᠡᠷ᠎ᠡ ᠦᠨᠡᠨ ᠬᠡᠷᠡᠭ ᠢᠶᠠᠷ ᠨᠢ ᠨᠡᠶᠢᠬᠡᠮ ᠳᠤ ᠢᠯᠡ ᠵᠠᠷᠯᠠᠨ᠎ᠠ ᠬᠡᠵᠡᠢ᠃ ᠤᠳᠤᠬᠠᠨ ᠳᠤ᠂ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠯᠪᠠᠨ ᠤ ᠨᠧᠲ ᠨᠢ ᠳᠤᠰᠬᠠᠢ ᠢᠯᠡᠴᠢᠯᠡᠨ ᠮᠡᠳᠡᠬᠦᠯᠬᠦ ᠪᠤᠯᠤᠩ ᠭᠠᠷᠭᠠᠭᠰᠠᠨ ᠳᠡᠳᠦᠢ ᠦᠬᠡᠢ᠂ ᠳᠦᠪ ᠤᠨ 8 ᠳᠦᠷᠦᠯ ᠤᠨ ᠳᠤᠭᠳᠠᠭᠠᠯ ᠤᠨ ᠵᠤᠷᠢᠭ ᠰᠠᠨᠠᠭ᠎ᠠ ᠶᠢ ᠵᠦᠷᠢᠴᠡᠭᠰᠡᠨ 60 ᠭᠠᠷᠤᠢ ᠬᠡᠷᠡᠭ ᠢ ᠢᠯᠡ ᠵᠠᠷᠯᠠᠭᠠᠳ ᠪᠤᠢ᠃        ᠬᠠᠤᠯᠢ ᠪᠤᠰᠤ ᠪᠠᠷ ᠳᠠᠰᠤᠯᠪᠤᠷᠢ ᠠᠷᠠᠯᠵᠢᠶᠠᠯᠠᠬᠤ᠄ 2 ᠰᠠᠷ᠎ᠠ ᠶᠢᠨ 1᠎ ᠤ ᠡᠳᠦᠷ ᠠᠴᠠ ᠡᠬᠢᠯᠡᠭᠰᠡᠨ 40 ᠬᠤᠨᠤᠬ ᠤᠨ ᠦᠷᠬᠦᠯᠵᠢᠯᠡᠬᠦ ᠴᠠᠭᠠᠨ ᠰᠠᠷ᠎ᠠ ᠶᠢᠨ ᠳᠡᠬᠡᠬᠡᠪᠦᠷᠢ ᠶᠢᠨ ᠬᠤᠭᠤᠴᠭᠠᠨ ᠳᠤ ᠤᠯᠤᠰ ᠲᠠᠶᠠᠭᠠᠷ ᠤᠨ ᠬᠡᠮᠵᠢᠶᠡᠨ ᠳᠤ ᠨᠡᠶᠢᠳᠡ ᠳᠠᠪᠬᠤᠷᠳᠠᠭᠰᠠᠨ ᠳᠤᠭ᠎ᠠ ᠪᠠᠷ 29.8 ᠳ᠋ᠦᠩᠰᠢᠭᠤᠷ ᠵᠦ᠋ᠷᠴᠢᠭᠴᠢ ᠲᠠᠢ ᠬᠡᠮᠡᠬᠦ ᠳᠦᠰᠦᠬᠡᠯᠡᠯ ᠭᠠᠷᠤᠭᠰᠠᠨ ᠪᠠᠶᠢᠳᠠᠭ᠃ ᠠᠶᠠᠯᠠᠯ ᠤᠨ ᠳᠠᠰᠤᠯᠪᠤᠷᠢ ᠬᠠᠤᠯᠢ ᠪᠤᠰᠤ ᠠᠷᠠᠯᠵᠢᠶᠠᠴᠢᠳ ᠤᠨ ᠭᠠᠷ ᠲᠤ ᠤᠷᠤᠬᠤ ᠶᠢ ᠰᠡᠷᠬᠡᠶᠢᠯᠡᠬᠦ ᠡᠬᠦᠳᠡᠨ ᠠᠴᠠ ᠳᠡᠮᠦᠷ ᠵᠠᠮ ᠠᠦ᠋ᠲ᠋ᠣ᠋ ᠵᠠᠮ ᠤᠨ ᠳᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠳᠠᠰᠤᠯᠪᠤᠷᠢ ᠠᠷᠠᠯᠵᠢᠶᠠᠯᠠᠭᠴᠢᠳ ᠲᠤ ᠴᠤᠬᠢᠯᠳᠠ ᠦᠭᠬᠦ 100 ᠡᠳᠦᠷ ᠤᠨ ᠬᠤᠭᠤᠴᠠᠭ᠎ᠠ ᠲᠠᠢ ︽ᠪᠦᠷᠬᠦᠳ - 2018︾ ᠠᠵᠢᠯᠯᠠᠭ᠎ᠠ ᠶᠢ ᠢᠨᠲ᠋ᠧᠷᠨᠧᠲ ᠢᠶᠠᠷ ᠪᠠ ᠦᠷᠳᠡᠭᠡ ᠪᠠᠷ ᠬᠤᠶᠠᠷ ᠵᠠᠮ ᠬᠤᠪᠢᠶᠠᠨ ᠵᠤᠬᠢᠶᠠᠨ ᠪᠠᠶᠢᠭᠤᠯᠵᠤ ᠪᠤᠢ᠃        ᠵᠢᠭᠤᠯᠴᠢᠳ ᠢ ᠮᠡᠬᠡᠯᠡᠨ ᠬᠢᠬᠠᠬᠤ᠄ ᠰᠡᠬᠦᠯ ᠤᠨ ᠵᠢᠯ ᠤᠳ ᠲᠤ ᠭᠠᠳᠠᠭᠰᠢ ᠵᠢᠭᠤᠯᠴᠢᠯᠠᠨ ᠴᠠᠭᠠᠨ ᠰᠠᠷ᠎ᠠ ᠪᠠᠨ ᠦᠩᠬᠡᠷᠡᠬᠦᠯᠬᠦ ᠨᠢ ᠮᠤᠤᠳ᠋ ᠪᠤᠯᠵᠤ ᠪᠠᠶᠢᠭ᠎ᠠ᠂ ᠡᠶᠢᠨᠬᠦ ᠵᠠᠷᠢᠮ ᠦᠵᠡᠮᠦᠷᠢ ᠶᠢᠨ ᠪᠦᠰᠡ ᠳᠤ ᠵᠢᠭᠤᠯᠴᠢᠳ ᠢ ᠮᠡᠬᠡᠯᠡᠨ ᠬᠢᠬᠠᠬᠤ᠂ ᠠᠯᠪᠠᠳᠠᠯᠭ᠎ᠠ ᠪᠠᠷ ᠮᠠᠶᠢᠮᠠᠢ ᠬᠢᠯᠬᠡᠬᠦ ᠵᠡᠷᠬᠡ ᠦᠵᠡᠭᠳᠡᠯ ᠤᠷᠤᠰᠢᠬᠤ ᠪᠤᠯᠵᠠᠢ᠃ 2 ᠰᠠᠷ᠎ᠠ ᠶᠢᠨ 6᠎ ᠤ ᠡᠳᠦᠷ ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠠᠯᠪᠠᠨ ᠠᠴᠠ ᠬᠤᠷᠠᠯᠳᠤᠭᠤᠯᠤᠭᠰᠠᠨ ᠬᠤᠷᠠᠯ ᠢᠶᠠᠷ ᠤᠯᠤᠰ ᠤᠨ ᠠᠶᠠᠯᠠᠯ ᠵᠢᠭᠤᠯᠴᠢᠯᠠᠯ ᠤᠨ ᠳᠤᠪᠴᠢᠶᠠᠨ ᠤ ᠳᠡᠳ᠋ ᠳᠠᠷᠤᠭ᠎ᠠ ᠸᠠᠩ ᠰᠢᠶᠤᠤ ᠹᠧᠩ᠂ 2 ᠰᠠᠷ᠎ᠠ ᠶᠢᠨ 1᠎ ᠠᠴᠠ 3 ᠰᠠᠷ᠎ᠠ ᠶᠢᠨ 15 ᠪᠤᠯᠳᠠᠯᠠᠬᠢ ᠬᠤᠭᠤᠴᠠᠭᠠᠨ ᠳᠤ ᠡᠯ᠎ᠡ ᠭᠠᠵᠠᠷ ᠤᠨ ᠠᠶᠠᠯᠠᠯ ᠵᠢᠭᠤᠯᠴᠢᠯᠠᠯ ᠤᠨ ᠵᠠᠬ᠎ᠠ ᠵᠡᠬᠡᠯᠢ ᠳᠤ ᠬᠠᠳᠠᠭᠤ ᠴᠢᠩᠭ᠎ᠠ ᠴᠡᠭᠴᠡᠯᠡᠯᠳᠡ ᠬᠢᠬᠦ ᠪᠠᠷ ᠪᠤᠯᠵᠤ ᠨᠢᠬᠡᠨᠳᠡ ᠠᠵᠢᠯᠯᠠᠵᠤ ᠡᠬᠢᠯᠡᠭᠰᠡᠨ ᠬᠡᠮᠡᠨ ᠵᠠᠳᠠᠷᠠᠭᠤᠯᠵᠠᠢ᠃ ᠬᠠᠶᠢᠨᠠᠨ ᠢᠶᠠᠷ ᠵᠢᠱᠢᠶᠡᠯᠡᠬᠦ ᠳᠤ᠂ ᠨᠢᠬᠡᠨᠳᠡ 3 ᠬᠢᠨᠠᠨ ᠰᠢᠯᠭᠠᠬᠤ ᠪᠠᠭ᠂ 3 ᠬᠡᠷᠡᠭ ᠰᠢᠶ᠋ᠳᠪᠦᠷᠢᠯᠡᠬᠦ ᠪᠠᠭ᠂ 1 ᠢᠯᠡᠴᠢᠯᠡᠨ ᠮᠡᠳᠡᠬᠦᠯᠦᠯᠳᠡ ᠶᠢ ᠬᠦᠯᠢᠶᠡᠨ ᠠᠪᠬᠤ ᠪᠠ ᠰᠤᠷᠠᠭ ᠵᠠᠩᠬᠢ ᠰᠢᠶ᠋ᠳᠪᠦᠷᠢᠯᠡᠬᠦ ᠪᠠᠭ ᠪᠠᠶᠢᠭᠤᠯᠵᠤ᠂ ᠳᠤᠰᠬᠠᠶᠢᠯᠠᠨ ᠴᠠᠭᠠᠨ ᠰᠠᠷ᠎ᠠ ᠶᠢᠨ ᠬᠤᠭᠤᠴᠠᠭᠠᠨ ᠳᠤ ᠠᠶᠠᠯᠠᠯ ᠵᠢᠭᠤᠯᠴᠢᠯᠠᠯ ᠤᠨ ᠵᠠᠬ᠎ᠠ ᠵᠡᠬᠡᠯᠢ ᠳᠤ ᠳᠠᠯᠳᠠ ᠬᠢᠨᠠᠯᠳᠠ ᠳᠠᠯᠪᠢᠨ ᠬᠠᠤᠯᠢ ᠪᠤᠰᠤ ᠬᠡᠷᠡᠭ ᠢ ᠢᠯᠡᠷᠡᠬᠦᠯᠦᠨ ᠰᠢᠶ᠋ᠳᠪᠦᠷᠢᠯᠡᠵᠤ ᠪᠤᠢ᠃        ᠬᠠᠭᠤᠷᠮᠠᠭ ᠲᠠᠧᠠᠷ ᠬᠢᠵᠤ ᠪᠤᠷᠤᠯᠠᠭᠤᠯᠬᠤ᠄ ᠨᠢᠳᠤᠨᠤᠨ ᠤ ᠵᠢᠯ ᠤᠨ ᠡᠴᠤᠰ᠂ ᠨᠠᠮ ᠤᠨ ᠳᠦᠪ ᠬᠤᠷᠢᠶᠠᠨ ᠤ ᠠᠯᠪᠠᠨ ᠳᠢᠩᠬᠢᠮ ᠪᠠ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠠᠴᠠ ︽2018 ᠤᠨ ᠤ ᠰᠢᠨ᠎ᠡ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠮᠢᠶᠠᠳᠠᠢ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ︾᠎ ᠢ ᠳᠠᠷᠬᠠᠭᠠᠵᠤ᠂ ᠤᠨᠴᠠᠭᠠᠶᠢᠯᠠᠨ ᠡᠮ ᠡᠮᠨᠡᠯᠬᠡ᠂ ᠵᠠᠮ ᠬᠠᠷᠢᠯᠴᠠᠭ᠎ᠠ᠂ ᠠᠶᠠᠯᠠᠯ ᠵᠢᠭᠤᠯᠴᠢᠯᠠᠯ᠂ ᠬᠤᠳᠠᠯᠳᠤᠭ᠎ᠠ ᠳᠡᠯᠬᠡᠬᠦᠷ ᠤᠨ ᠵᠢᠵᠢᠭᠯᠡᠨ ᠪᠤᠷᠤᠯᠠᠭᠤᠯᠬᠤ ᠵᠡᠷᠬᠡ ᠶᠢᠨ ᠦᠨ᠎ᠡ ᠬᠠᠩᠰᠢ ᠶᠢ ᠬᠢᠨᠠᠨ ᠬᠠᠮᠢᠶᠠᠷᠴᠤ᠂ ᠵᠠᠬ᠎ᠠ ᠵᠡᠬᠡᠯᠢ ᠶᠢᠨ ᠡᠮᠬᠢ ᠳᠢᠭᠯᠢᠮ ᠢ ᠬᠠᠮᠠᠭᠠᠯᠠᠨ᠂ ᠪᠤᠳᠠᠰ ᠤᠨ ᠦᠨ᠎ᠡ ᠦᠨᠳᠦᠰᠦᠨ ᠳᠡᠭᠡᠨ ᠳᠤᠭᠳᠠᠪᠤᠷᠢᠳᠠᠢ ᠪᠠᠶᠢᠬᠤ ᠶᠢ ᠪᠠᠳᠤᠯᠠᠬᠤ ᠬᠡᠷᠡᠭᠳᠡᠢ ᠬᠡᠵᠡᠢ᠃ ᠡᠬᠦᠪᠡᠷ ᠪᠠᠷᠠᠬᠤ ᠦᠬᠡᠢ ᠴᠢᠬᠤᠯᠠ ᠬᠦᠨᠡᠰᠦᠨ ᠤ ᠦᠢᠯᠡᠳᠪᠦᠷᠢ ᠪᠤᠯᠤᠨ ᠪᠦᠬᠡᠮ ᠢᠶᠠᠷ ᠪᠤᠷᠤᠯᠠᠭᠤᠯᠬᠤ ᠵᠠᠬ᠎ᠠ᠂ ᠬᠤᠳᠠᠯᠳᠤᠭ᠎ᠠ ᠳᠡᠯᠬᠡᠬᠦᠷ᠂ ᠬᠡᠳᠦ ᠳᠡᠯᠬᠡᠬᠦᠷ᠂ ᠬᠦᠳᠡᠭᠡ ᠠᠵᠤ ᠠᠬᠤᠢ ᠶᠢᠨ ᠵᠠᠬ᠎ᠠ ᠵᠡᠷᠬᠡ ᠴᠢᠬᠤᠯᠠ ᠳᠠᠯᠠᠪᠤᠷ ᠲᠤ ᠴᠢᠩᠭ᠎ᠠ ᠬᠢᠨᠠᠨ ᠰᠢᠯᠭᠠᠯᠳᠠ ᠬᠢᠬᠦ ᠶᠤᠮ ᠪᠠᠶᠢᠨ᠎ᠠ᠃
 
ᠢᠷᠡᠯᠲᠡ᠄ ᠰᠢᠨᠬᠤᠧᠠ ᠨᠧᠲ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号