ᠬᠡᠰᠢᠭᠲᠡᠨ ᠬᠤᠰᠢᠭᠤᠨ ᠤ 2017 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2018 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠪ ᠤᠨ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2018/3/15
      ᠬᠤᠶᠠᠷ᠂ 2018 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠪᠣᠯᠬᠤ ᠲᠥᠯᠥᠪᠯᠡᠭᠰᠡᠨ ᠬᠠᠷᠠᠯᠲᠠ ᠪᠣᠯᠣᠨ ᠭᠤᠣᠯᠳᠠᠯᠭ᠎ᠠ ᠲᠠᠢ ᠠᠵᠢᠯ       2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ   40 ᠵᠢᠯ ᠤᠨ ᠣᠢ ᠪᠣᠯᠣᠨ᠎ᠠ ᠂ ᠴᠢᠨᠡᠭᠡᠯᠢᠭ ᠨᠡᠶᠢᠭᠡᠮ ᠤᠨ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠲᠤᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠵᠠᠷᠴᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠵᠤ᠂ ᠥᠨᠳᠥᠷ ᠶᠠᠰᠤ ᠴᠢᠨᠠᠷ ᠪᠦᠬᠦᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠬᠠᠷᠠᠭᠠᠯᠵᠠᠯ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢ ᠶᠡᠭᠡ ᠬᠦᠴᠦᠨ ᠢᠶᠠᠷ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠳᠤ ᠰᠢᠨ᠎ᠡ ᠶᠢ ᠡᠭᠦᠳᠬᠦ ᠪᠠ ᠬᠤᠷᠸ᠎ᠠ ᠲᠣᠬᠢᠷᠠᠭᠤᠯᠭ᠎ᠠ ᠶᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠵᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ᠂ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ ᠪᠣᠭᠤᠮᠲᠠ ᠰᠢᠪᠲᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠮᠵᠢᠯᠲᠠ ᠣᠯᠵᠤ᠂ ᠲᠥᠯᠥᠪᠯᠡᠭᠡ ᠶᠢ ᠤᠳᠤᠷᠢᠳᠤᠨ ᠳᠠᠭᠠᠭᠤᠯᠬᠤ ᠪᠠ ᠲᠣᠭᠲᠠᠭᠤᠨ ᠪᠠᠶᠢᠯᠭᠠᠵᠤ᠂ ᠠᠷᠠᠳ ᠤᠨ ᠠᠮᠢᠳᠤᠷᠠᠯ ᠤᠨ ᠲᠠᠯ᠎ᠠ ᠶᠢᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃       2018 ᠣᠨ ᠤ ᠪᠦᠬᠦ ᠬᠤᠰᠢᠭᠤᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠪᠣᠯᠬᠤ ᠲᠥᠯᠥᠪᠯᠡᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7%᠎ ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 6.3%᠎ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10%᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡ ᠶᠢᠨ ᠵᠦᠢᠯ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 10%᠎ ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢ ᠲᠤᠰᠪᠦᠷᠢ 9%᠎ ᠪᠠᠷ ᠨᠡᠮᠡᠭᠳᠡᠭᠦᠯᠦᠨ᠎ᠡ᠃ ᠡᠨᠧᠷᠭᠢ ᠠᠷᠪᠢᠯᠠᠨ ᠪᠣᠬᠢᠷᠲᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠳᠡᠭᠡᠷ᠎ᠡ ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠣᠰᠣᠭᠠᠷ ᠪᠡᠶᠡᠯᠡᠭᠦᠯᠦᠨ᠎ᠡ᠃       ︵ᠨᠢᠭᠡ︶ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠬᠥᠳᠡᠯᠭᠡᠭᠴᠢ ᠬᠦᠴᠦᠨ ᠢ ᠴᠢᠩᠭᠠᠳᠬᠠᠨ᠎ᠠ       ︽ᠠᠷᠢᠭᠤᠨ ᠳᠠᠷᠬᠠᠨ ᠠᠭᠤᠯᠠ ᠤᠰᠤ ᠠᠯᠲᠠ ᠠᠴᠠ ᠦᠨᠡᠲᠡᠢ︾ ᠬᠡᠮᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢ ᠠᠵᠤ ᠠᠬᠤᠢ ᠬᠥᠭᠵᠢᠯᠲᠡ ᠶᠢᠨ ᠰᠠᠭᠤᠷᠢ ᠪᠣᠯᠭᠠᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠵᠤ ᠦᠢᠯᠡᠰ ᠤᠨ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠲᠣᠭᠲᠠᠭᠠᠬᠤ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠢ ᠠᠬᠤᠢ ᠶᠢᠨ ᠬᠤᠷᠢᠭ᠎ᠠ ᠱᠤᠭᠤᠮ ᠪᠣᠯᠣᠨ ᠵᠥᠪᠰᠢᠶᠡᠷᠡᠯ ᠤᠨ ᠬᠤᠷᠢᠭ᠎ᠠ ᠱᠤᠭᠤᠮ᠂ ᠶᠡᠷᠦᠩᠬᠡᠢ ᠬᠡᠮᠵᠢᠶ᠎ᠡ ᠶᠢᠨ ᠬᠤᠷᠢᠭ᠎ᠠ ᠱᠤᠭᠤᠮ ᠢ ᠬᠠᠮᠲᠤᠷᠠᠭᠤᠯᠤᠨ ᠠᠮᠢ ᠠᠬᠤᠢ ᠶᠢᠨ ᠣᠷᠴᠢᠨ ᠲᠣᠭᠤᠷᠢᠨ ᠤ ᠠᠶᠤᠯᠭᠦᠢ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠱᠤᠭᠤᠮ ᠢ ᠪᠦᠷᠢᠯᠳᠦᠭᠦᠯᠦᠨ᠎ᠡ᠃ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠤᠰᠤ ᠬᠥᠷᠥᠰᠥ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠨ ᠣᠢ ᠰᠢᠭᠤᠢ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠢᠨᠵᠧᠨᠧᠷᠢᠩ ᠤᠨ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠯᠡᠴᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠠᠭᠠᠷ ᠮᠠᠨᠳᠠᠯ᠂ ᠤᠰᠤ᠂ ᠬᠥᠷᠥᠰᠥ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠴᠡᠪᠡᠷᠯᠡᠨ ᠴᠡᠭᠴᠡᠯᠡᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠢᠲᠡᠭᠦᠮᠵᠢᠯᠡᠨ ᠰᠡᠷᠭᠦᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠲᠠᠷᠢᠶᠠᠯᠠᠬᠤ ᠶᠢ ᠵᠣᠭᠰᠣᠭᠠᠨ ᠣᠢ ᠰᠢᠭᠤᠢ ᠶᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠨ ᠨᠤᠲᠤᠭ ᠪᠡᠯᠴᠢᠭᠡᠷ ᠢ ᠰᠡᠷᠭᠦᠭᠡᠬᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠣᠷᠴᠢᠨ ᠲᠣᠭᠤᠷᠢᠨ ᠤ ᠦᠨᠡᠯᠡᠯᠲᠡ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠣᠷᠣᠨ᠂ ᠭᠤᠣᠯᠳᠠᠯᠭ᠎ᠠ ᠎ ᠲᠠᠢ ᠵᠢᠭᠤᠯᠴᠢᠯᠠᠯ ᠤᠨ ᠦᠵᠡᠮᠵᠢ ᠶᠢᠨ ᠲᠣᠭᠤᠷᠢᠭ᠂ ᠬᠦᠨᠳᠦ ᠨᠣᠴᠢᠲᠠᠢ ᠡᠯᠡᠰᠦᠷᠬᠡᠭᠵᠢᠭᠰᠡᠨ ᠣᠷᠣᠨ᠂ ᠭᠤᠣᠯᠳᠠᠯᠭ᠎ᠠ ᠎ ᠲᠠᠢ ᠭᠤᠣᠯ ᠮᠥᠷᠡᠨ ᠤ ᠡᠬᠢ ᠰᠤᠷᠪᠤᠯᠵᠢ ᠶᠢᠨ ᠣᠷᠣᠨ᠂ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ᠂ ᠬᠠᠳᠤᠯᠠᠩ ᠳᠤ ᠭᠤᠣᠯᠳᠠᠯᠭ᠎ᠠ ᠲᠠᠢ ᠬᠠᠮᠢᠶᠠᠷᠤᠯᠲᠠ ᠲᠠᠯᠪᠢᠵᠤ᠂ ᠨᠢᠭᠤᠨ ᠪᠡᠯᠴᠢᠭᠡᠷᠯᠡᠭᠦᠯᠬᠦ ᠪᠠ ᠳᠤᠷ᠎ᠠ ᠪᠠᠷ ᠢᠶᠠᠨ ᠪᠡᠯᠴᠢᠭᠡᠷᠯᠡᠭᠦᠯᠬᠦ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ ᠴᠢᠩᠭ᠎ᠠ ᠴᠣᠬᠢᠯᠲᠠ ᠥᠭᠭᠦᠨ᠎ᠡ᠃       ︵ᠬᠤᠶᠠᠷ︶ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ       ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠭᠤᠣᠯᠳᠠᠯᠭ᠎ᠠ ᠲᠠᠢ ᠲᠥᠷᠥᠯ ᠵᠦᠢᠯ ᠳᠠᠬᠢ ᠵᠣᠬᠢᠴᠠᠭᠤᠯᠤᠨ ᠦᠢᠯᠡᠴᠢᠯᠡᠬᠦ ᠬᠦᠴᠦᠯᠡᠴᠡ ᠪᠠᠨ ᠦᠨᠡᠨ ᠬᠦ ᠨᠡᠮᠡᠭᠳᠡᠭᠦᠯᠵᠦ ᠂ ᠭᠠᠵᠠᠷ ᠰᠢᠷᠣᠢ ᠶᠢ ᠲᠠᠲᠠᠪᠤᠷᠢᠯᠠᠨ ᠡᠵᠡᠯᠡᠬᠦ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠬᠡᠪᠴᠢᠶᠡᠨ ᠳᠠᠬᠢ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠨ᠎ᠡ᠃ ᠲᠥᠷᠥᠯ ᠵᠦᠢᠯ ᠢ ᠰᠡᠳᠦᠨ ᠰᠦᠪᠡᠭᠴᠢᠯᠡᠬᠦ ᠠᠵᠢᠯ ᠤᠨ ᠬᠦᠴᠦᠯᠡᠴᠡ ᠪᠠᠨ ᠨᠡᠮᠡᠭᠳᠡᠭᠦᠯᠦᠨ᠎ᠡ᠃ ᠤᠯᠤᠰ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠠᠵᠢᠯ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠱᠠᠭᠠᠷᠳᠠᠯᠭ᠎ᠠ ᠳᠤ ᠵᠣᠬᠢᠴᠠᠵᠤ᠂ ᠤᠯᠠᠭᠠᠨᠬᠠᠳᠠ ᠬᠤᠲᠠ᠂ ᠥᠪᠡᠷᠲᠡᠭᠡᠨ ᠵᠠᠰᠠᠬᠤ ᠣᠷᠣᠨ ᠪᠣᠯᠣᠨ ᠤᠯᠤᠰ ᠤᠨ ᠶᠠᠮᠤᠨ ᠵᠥᠪᠯᠡᠯ ᠯᠦᠭᠡ ᠶᠢᠨ ᠠᠵᠢᠯ ᠲᠥᠷᠥᠯ ᠢᠶᠠᠷ ᠵᠣᠯᠭᠠᠭᠤᠯᠬᠤ ᠶᠢ ᠴᠢᠩᠭᠠᠳᠬᠠᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠨ ᠨᠥᠭᠡᠴᠡᠯᠡᠵᠦ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠵᠤ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠵᠦ ᠪᠣᠯᠬᠤᠶᠢᠴᠠ ᠬᠡᠮᠵᠢᠶ᠎ᠡ ᠳᠤ ᠲᠤᠯᠲᠠᠯ᠎ᠠ ᠬᠢᠬᠦ ᠪᠠᠷ ᠴᠢᠷᠮᠠᠶᠢᠨ ᠲᠡᠮᠡᠴᠡᠨ᠎ᠡ᠃ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ ᠠᠵᠢᠯ ᠢ ᠰᠠᠶᠢᠲᠤᠷ ᠠᠳᠬᠤᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠪᠡᠯᠡ ᠣᠷᠤᠭᠤᠯᠤᠯᠲᠠ ᠶᠢᠨ ᠴᠢᠭᠯᠡᠯ ᠢ ᠨᠢᠭᠲᠠ ᠮᠥᠷᠳᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠪᠠ ︽ᠭᠤᠷᠪᠠᠨ ᠲᠠᠷᠢᠶᠠᠯᠠᠬᠤ︾᠎ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠠᠵᠢᠯ ᠦᠢᠯᠡᠰ ᠪᠠ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠰᠠᠭᠤᠴᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ᠂ ᠳᠡᠭᠡᠷ᠎ᠡ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠴᠢᠳᠠᠬᠤ ᠶᠢᠨ ᠴᠢᠨᠡᠭᠡ ᠪᠠᠷ ᠶᠡᠭᠡ ᠪᠠᠷ ᠲᠡᠮᠡᠴᠡᠨ ᠣᠯᠬᠤ ᠪᠠᠷ ᠴᠢᠷᠮᠠᠶᠢᠨ᠎ᠠ᠃ ᠪᠡᠯᠡ ᠨᠡᠶᠢᠯᠡᠭᠦᠯᠬᠦ ᠠᠵᠢᠯ ᠤᠨ ᠬᠦᠴᠦᠯᠡᠴᠡ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭᠠᠨ ᠳᠤ ᠣᠷᠣᠯᠴᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠴᠡ ᠶᠢ ᠨᠡᠮᠡᠭᠳᠡᠭᠦᠯᠬᠦ ᠪᠠᠷ ᠴᠢᠷᠮᠠᠶᠢᠨ ᠲᠡᠮᠡᠴᠡᠵᠦ᠂ ᠤᠯᠤᠰ ᠠᠴᠠ ᠵᠣᠷᠢᠭᠵᠢᠭᠤᠯᠵᠤ ᠪᠦᠬᠦᠢ ᠪᠠ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢ ᠤᠳᠤᠷᠢᠳᠤᠨ ᠳᠠᠭᠠᠭᠤᠯᠬᠤ ᠬᠡᠷᠡᠭᠵᠢᠭᠦᠯᠬᠦ ᠲᠥᠰᠥᠯ ᠢ ᠭᠦᠨᠵᠡᠭᠡᠢ ᠨᠠᠶᠢᠳᠠᠪᠤᠷᠢᠵᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠤᠯᠤᠰ ᠠᠴᠠ ᠬᠥᠭᠵᠢᠭᠦᠯᠬᠦ ᠶᠢ ᠵᠣᠷᠢᠭᠵᠢᠭᠤᠯᠵᠤ ᠪᠦᠬᠦᠢ ᠠᠵᠤ ᠦᠢᠯᠡᠰ ᠪᠣᠯᠣᠨ ᠬᠦᠷᠢᠶ᠎ᠡ ᠬᠡᠪᠴᠢᠶ᠎ᠡ ᠲᠡᠰᠢ ᠨᠡᠩ ᠣᠯᠠᠨ ᠤᠳᠤᠷᠢᠳ ᠳᠠᠭᠠᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠬᠠᠩᠭᠠᠨ᠎ᠠ᠃       ︵ᠭᠤᠷᠪᠠ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠎ᠠ       ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂  ︽ᠵᠠᠭᠤᠨ ᠲᠣᠰᠬᠤᠨ ᠮᠢᠩᠭᠠᠨ ᠡᠷᠦᠬᠡ︾᠎ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠢᠱᠢᠶ᠎ᠡ ᠦᠵᠡᠭᠦᠯᠦᠨ ᠤᠳᠤᠷᠢᠳᠤᠨ ᠳᠠᠭᠠᠭᠤᠯᠬᠤ ᠢᠨᠵᠧᠨᠧᠷᠢᠩ ᠢᠶᠠᠷ ᠭᠤᠣᠯ ᠪᠣᠯᠭᠠᠵᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠪᠣᠷᠳᠤᠭ᠎ᠠ ᠭᠤᠷᠪᠠᠨ ᠡᠰᠢᠲᠦ ᠲᠠᠷᠢᠮᠠᠯ ᠤᠨ ᠪᠦᠲᠦᠴᠡ ᠶᠢ ᠶᠡᠭᠡ ᠬᠦᠴᠦᠨ ᠢᠶᠠᠷ ᠲᠣᠬᠢᠷᠠᠭᠤᠯᠵᠤ᠂ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ᠂ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠣᠳᠣ ᠦᠶ᠎ᠡ ᠶᠢᠨ ᠲᠠᠷᠢᠶᠠᠯᠠᠩ ᠢ ᠶᠡᠭᠡ ᠬᠦᠴᠦᠨ ᠢᠶᠠᠷ ᠬᠥᠭᠵᠢᠭᠦᠯᠦᠨ᠎ᠡ᠃ ᠲᠠᠷᠢᠮᠠᠯ ᠤᠨ ᠦᠷ᠎ᠡ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢ ᠬᠤᠣᠷ ᠦᠭᠡᠶᠢᠳᠡᠭᠦᠯᠦᠨ ᠲᠠᠷᠢᠬᠤ ᠨᠥᠬᠦᠪᠦᠷᠢ ᠶᠢᠨ ᠲᠥᠷᠥᠯ ᠵᠦᠢᠯ ᠲᠠᠢ ᠤᠶᠠᠯᠳᠤᠭᠤᠯᠵᠤ᠂ ᠶᠡᠭᠡ ᠳᠠᠯᠠᠩ ᠢᠶᠠᠷ ᠲᠠᠷᠢᠬᠤ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠲᠥᠮᠥᠰᠥ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 1.5 ᠲᠦᠮᠡᠨ ᠮᠦ ᠪᠦᠲᠦᠭᠡᠨ ᠪᠠᠶᠢᠭᠤᠯᠵᠤ᠂ ᠡᠷᠳᠡᠨᠢ ᠰᠢᠰᠢ ᠶᠢᠨ ᠦᠶ᠎ᠡ ᠪᠣᠶᠢᠵᠢᠭᠤᠯᠬᠤ ᠲᠠᠷᠢᠶ᠎ᠠ ᠶᠢ 5 ᠲᠦᠮᠡᠨ ᠮᠦ ᠲᠣᠬᠢᠷᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠡᠷᠲᠡ ᠪᠣᠯᠪᠠᠰᠤᠷᠠᠬᠤ ᠡᠷᠳᠡᠨᠢ ᠰᠢᠰᠢ ᠶᠢᠨ ᠲᠥᠷᠥᠯ ᠵᠦᠢᠯ ᠢ 19 ᠲᠥᠷᠥᠯ ᠣᠷᠣᠭᠤᠯᠵᠤ᠂ ᠪᠤᠭᠤᠳᠠᠢ ᠶᠢᠨ ᠥᠨᠳᠥᠷ ᠤᠨᠠᠯᠲᠠᠲᠤ ᠦᠵᠡᠭᠦᠯᠦᠯᠭᠡ ᠶᠢᠨ ᠲᠠᠷᠢᠶ᠎ᠠ᠂ ᠬᠠᠷᠢᠴᠠᠭᠤᠯᠤᠨ ᠵᠢᠱᠢᠶ᠎ᠡ ᠦᠵᠡᠭᠦᠯᠬᠦ ᠲᠠᠷᠢᠶ᠎ᠠ ᠶᠢ 2.5 ᠲᠦᠮᠡᠨ ᠮᠦ ᠴᠣᠭᠴᠠᠯᠠᠵᠤ᠂ ᠪᠦᠬᠦ ᠬᠤᠰᠢᠭᠤᠨ ᠤ ᠪᠤᠭᠤᠳᠠᠢ ᠶᠢᠨ ᠰᠠᠶᠢᠨ ᠡᠭᠦᠯᠳᠡᠷ ᠤᠨ ᠰᠢᠨᠡᠴᠢᠯᠡᠬᠦ ᠠᠬᠢᠴᠠ ᠶᠢ ᠲᠦᠷᠭᠡᠳᠬᠡᠵᠦ᠂ ᠰᠠᠶᠢᠨ ᠡᠭᠦᠯᠳᠡᠷ ᠤᠨ ᠲᠦᠭᠡᠮᠡᠯᠵᠢᠭᠦᠯᠦᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠮᠠᠨ ᠤ ᠬᠤᠰᠢᠭᠤᠨ ᠳᠤ ᠲᠠᠷᠢᠵᠤ ᠪᠣᠶᠢᠵᠢᠭᠤᠯᠬᠤ ᠳᠤ ᠲᠣᠬᠢᠷᠠᠮᠵᠢᠲᠠᠢ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠤᠨ᠎ᠠ᠃ ᠲᠠᠷᠢᠮᠠᠯ ᠤᠨ ᠦᠢᠯᠡᠰ ᠤᠨ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ ᠲᠦᠭᠡᠮᠡᠯᠵᠢᠭᠦᠯᠬᠦ ᠠᠵᠢᠯ ᠢ ᠶᠡᠭᠡ ᠬᠦᠴᠦᠨ ᠢᠶᠠᠷ ᠥᠷᠨᠢᠭᠦᠯᠦᠨ᠎ᠡ᠃ ᠲᠠᠷᠢᠮᠠᠯ ᠤᠨ ᠪᠦᠷᠬᠦᠭᠦᠯ ᠤᠨ ᠮᠡᠷᠭᠡᠵᠢᠯ ᠢᠶᠠᠷ 35 ᠲᠦᠮᠡᠨ ᠮᠦ ᠲᠠᠷᠢᠶ᠎ᠠ ᠶᠢ ᠵᠢᠭᠠᠨ ᠵᠢᠯᠣᠭᠤᠳᠬᠤ ᠶᠢ ᠪᠡᠶᠡᠯᠡᠭᠦᠯᠵᠦ᠂ ᠪᠣᠬᠢᠷᠲᠤᠯ ᠦᠭᠡᠢ ᠲᠠᠷᠢᠶᠠᠯᠠᠩ ᠢ ᠶᠡᠭᠡ ᠬᠦᠴᠦᠨ ᠢᠶᠠᠷ ᠬᠥᠭᠵᠢᠭᠦᠯᠦᠨ᠎ᠡ᠃ ᠪᠦᠬᠦ ᠬᠤᠰᠢᠭᠤᠨ ᠤ ᠬᠡᠪᠴᠢᠶᠡᠨ ᠳᠤ ᠬᠥᠷᠥᠰᠥ ᠶᠢ ᠰᠢᠨᠵᠢᠨ ᠪᠣᠷᠳᠣᠭᠤᠷ ᠣᠷᠣᠭᠤᠯᠬᠤ ᠲᠠᠯᠠᠪᠠᠢ ᠶᠢ 70 ᠲᠦᠮᠡᠨ ᠮᠦ ᠲᠦᠭᠡᠮᠡᠯᠵᠢᠭᠦᠯᠵᠦ᠂ ᠨᠠᠶᠢᠷᠠᠯᠭ᠎ᠠ ᠎ ᠲᠠᠢ ᠪᠣᠷᠳᠣᠭᠤᠷ ᠢ 45 ᠲᠦᠮᠡᠨ ᠮᠦ ᠳᠤ ᠬᠡᠷᠡᠭᠯᠡᠨ᠎ᠡ᠃ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠵᠡᠷᠭᠡ ᠤᠰᠤ ᠠᠷᠪᠢᠯᠠᠨ ᠤᠰᠤᠯᠠᠬᠤ ᠮᠡᠷᠭᠡᠵᠢᠯ ᠢ ᠶᠡᠬᠡᠪᠡᠷ ᠴᠢᠬᠤᠯᠠᠴᠢᠯᠠᠵᠤ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠶᠢ 15 ᠲᠦᠮᠡᠨ ᠮᠦ ᠠᠴᠠ ᠳᠡᠭᠡᠭᠰᠢ ᠲᠦᠭᠡᠮᠡᠯᠵᠢᠭᠦᠯᠦᠨ᠎ᠡ᠃ ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ ᠠᠯᠠᠰᠢᠨ ᠦᠬᠡᠷ᠂ ᠠᠯᠠᠰᠢᠨ ᠬᠤᠨᠢ᠂ ᠭᠠᠭ᠋ᠠᠢ᠂ ᠭᠡᠷ ᠤᠨ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠨᠡᠷᠡᠲᠦ ᠲᠡᠮᠳᠡᠭᠲᠦ ᠶᠢ ᠤᠬᠠᠭᠤᠯᠬᠤ ᠬᠦᠴᠦᠯᠡᠴᠡ ᠪᠣᠯᠣᠨ ᠵᠤᠤ ᠤᠳᠠ ᠠᠯᠠᠰᠢᠨ ᠬᠤᠨᠢ ᠶᠢ ᠠᠷᠠᠴᠢᠯᠠᠨ ᠲᠡᠵᠢᠭᠡᠬᠦ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠦᠨ᠎ᠡ᠃ ᠡᠭᠦᠯᠳᠡᠷ ᠰᠠᠶᠢᠵᠢᠷᠠᠭᠤᠯᠬᠤ ᠥᠷᠲᠡᠭᠡ 20᠎ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠷᠢᠮᠵᠢᠶᠠᠵᠢᠭᠰᠠᠨ ᠬᠡᠪᠴᠢᠶᠡᠵᠢᠭᠦᠯᠦᠨ ᠠᠷᠠᠴᠢᠯᠠᠨ ᠲᠡᠵᠢᠭᠡᠬᠦ ᠲᠠᠯᠠᠪᠠᠢ ᠪᠠ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 20᠎ ᠶᠢ ᠰᠢᠨ᠎ᠡ ᠪᠠᠷ ᠪᠠᠶᠢᠭᠤᠯᠵᠤ᠂ ᠵᠤᠤ ᠤᠳᠠ ᠠᠯᠠᠰᠢᠨ ᠬᠤᠨᠢᠨ ᠤ ᠲᠤᠭ᠎ᠠ ᠶᠢ 85 ᠲᠦᠮᠡ ᠳᠤ ᠲᠣᠭᠲᠠᠪᠤᠷᠢᠵᠢᠭᠤᠯᠵᠤ᠂ ᠰᠠᠶᠢᠨ ᠡᠭᠦᠯᠳᠡᠷ ᠤᠨ ᠠᠯᠠᠰᠢᠨ ᠦᠬᠡᠷ ᠢ 10 ᠲᠦᠮᠡ ᠠᠴᠠ ᠳᠡᠭᠡᠭᠰᠢ᠂ ᠠᠯᠠᠰᠢᠨ ᠬᠤᠨᠢ ᠶᠢ 50 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃       ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠠᠭᠤᠷᠬᠠᠢ ᠶᠢᠨ ᠦᠢᠯᠡᠰ ᠪᠠ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠤᠨ ᠮᠡᠷᠭᠡᠵᠢᠯ ᠢ ᠥᠭᠡᠷᠡᠴᠢᠯᠡᠨ ᠴᠢᠳᠠᠪᠤᠷᠢ ᠶᠢ ᠥᠷᠭᠡᠳᠬᠡᠬᠦ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠵᠦ᠂ ᠤᠯᠢᠶᠠᠰᠤᠲᠠᠢ ᠶᠢᠨ ᠯᠢᠲ᠋ᠢ ᠴᠠᠭᠠᠨ ᠲᠤᠭᠤᠯᠭ᠎ᠠ ᠡᠯᠪᠡᠭ ᠠᠭᠤᠷᠯᠠᠭᠳᠠᠬᠤ ᠲᠡᠮᠦᠷᠯᠢᠭ ᠤᠨ ᠠᠭᠤᠷᠬᠠᠢ ᠶᠢᠨ ᠬᠦᠳᠡᠷ ᠰᠣᠩᠭᠤᠬᠤ᠂ ᠣᠪᠣᠭ᠎ᠠ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ᠂ ᠶᠢᠨ ᠳ᠋ᠠ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠪᠠ ᠵᠤᠸᠠᠨ ᠰᠢᠨ ᠬᠡᠦ ᠶᠢᠨ ᠵᠡᠰ ᠤᠨ ᠠᠭᠤᠷᠬᠠᠢ ᠶᠢᠨ ᠬᠠᠶᠢᠬᠤ ᠠᠴᠠ ᠨᠡᠭᠡᠭᠡᠬᠦ ᠲᠡᠰᠢ ᠬᠤᠪᠢᠷᠠᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠠᠯᠲᠠᠨ ᠣᠷᠣ ᠠᠭᠤᠷᠬᠠᠢ᠂ ᠺᠠᠢ ᠶᠤᠸᠠᠨ ᠠᠭᠤᠷᠬᠠᠢ ᠶᠢᠨ ᠭᠠᠵᠠᠷ ᠰᠣᠩᠭᠤᠨ ᠥᠷᠭᠡᠳᠬᠡᠨ ᠪᠠᠶᠢᠭᠤᠯᠬᠤ ᠪᠠ᠂ ᠬᠢᠩᠭᠠᠨ ᠮᠥᠩᠭᠦ ᠲᠤᠭᠤᠯᠭ᠎ᠠ ᠪᠣᠯᠪᠠᠰᠤᠷᠠᠭᠤᠯᠬᠤ ᠰᠢᠷᠢᠰ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠤᠨ᠎ᠠ᠃ ᠬᠤᠩᠭᠤ ᠶᠢᠨ ᠠᠭᠤᠷᠬᠠᠢ ᠶᠢᠨ ᠴᠠᠭᠠᠨ ᠲᠤᠭᠤᠯᠭ᠎ᠠ ᠶᠢᠨ ᠤᠳᠤᠭ᠎ᠠ ᠲᠣᠭᠤᠰᠣ ᠶᠢ ᠬᠤᠷᠢᠶᠠᠬᠤ ᠪᠠ ᠤᠯᠢᠶᠠᠰᠤᠲᠠᠢ ᠶᠢᠨ ᠯᠢᠲ᠋ᠢ ᠲᠡᠮᠦᠷᠯᠢᠭ ᠢ ᠭᠦᠨᠵᠡᠭᠡᠢ ᠪᠣᠯᠪᠠᠰᠤᠷᠠᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠨᠥᠬᠦᠪᠦᠷᠢᠯᠡᠬᠦ᠂ ᠡᠷᠭᠢᠯᠲᠡᠲᠦ ᠬᠥᠭᠵᠢᠯᠲᠡ ᠶᠢ ᠠᠬᠢᠭᠤᠯᠵᠤ᠂ ᠳ᠋ᠠ ᠲᠠᠩ ᠨᠡᠭᠦᠷᠡᠰᠦ ᠶᠢ ᠬᠡᠶᠢᠵᠢᠭᠦᠯᠬᠦ ᠲᠥᠷᠥᠯ ᠵᠦᠢᠯ ᠤᠨⅡ ᠰᠢᠷᠢᠰ᠂ ᠶᠡᠷᠦᠩᠬᠡᠶᠢᠯᠡᠭᠰᠡᠨ ᠮᠡᠷᠭᠡᠵᠢᠯ ᠤᠨ ᠥᠭᠡᠷᠡᠴᠢᠯᠡᠯᠲᠡ ᠪᠣᠯᠣᠨ ᠵᠢᠯ ᠤᠨ ᠭᠠᠷᠤᠯᠲᠠ ᠨᠢ 80 ᠲᠦᠮᠡᠨ ᠲᠣᠨ ᠤ ᠮᠧᠲᠢᠯ ᠠᠯᠺᠤᠤᠯ᠂ 40 ᠲᠣᠨ ᠤ ᠡᠲ᠋ᠠᠨᠳᠢᠤᠯ ᠤᠨ ᠲᠥᠷᠥᠯ ᠵᠦᠢᠯ ᠢ ᠲᠦᠷᠭᠡᠨ ᠠᠬᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 5 ᠳ᠋ᠦᠩᠰᠢᠭᠤᠷ ᠲᠥᠭᠦᠷᠢᠭ ᠤᠨ ᠳᠤᠮᠳᠠᠳᠤ ᠤᠯᠤᠰ ᠤᠨ ᠳᠠᠯᠠᠢ ᠲᠠᠩᠭᠢᠰ ᠤᠨ ᠴᠢᠯᠠᠭᠤᠨ ᠲᠣᠰᠣ ᠶᠢᠨ ᠶᠡᠷᠦᠩᠬᠡᠢ ᠺᠣᠮᠫᠠᠨᠢ ᠶᠢᠨ ᠵᠢᠯ ᠤᠨ ᠭᠠᠷᠤᠯᠲᠠ ᠨᠢ 30 ᠲᠦᠮᠡᠨ ᠲᠣᠨ ᠤ ING ᠵᠡᠷᠭᠡ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ ᠂ ᠪᠡᠯᠡ ᠣᠷᠤᠭᠤᠯᠤᠯᠲᠠ ᠨᠢ 4 ᠳ᠋ᠦᠩᠰᠢᠭᠤᠷ ᠲᠥᠭᠦᠷᠢᠭ ᠤᠨ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠤᠨ ᠭᠠᠷᠤᠯᠲᠠ ᠨᠢ 15 ᠲᠦᠮᠡᠨ ᠲᠣᠨ ᠤ Ⅱ ᠬᠤᠭᠤᠴᠠᠭᠠᠨ ᠤ ᠬᠡᠦᠳᠦᠰᠦ ᠶᠢᠨ ᠴᠢᠳᠠᠪᠤᠷᠢ ᠶᠢ ᠥᠷᠭᠡᠳᠬᠡᠬᠦ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 80 ᠳ᠋ᠦᠩᠰᠢᠭᠤᠷ ᠲᠥᠭᠦᠷᠢᠭ ᠤᠨ ᡁᠢ ᠿᠦᠢ ᠶᠢᠨ ᠤᠰᠤ ᠲᠠᠲᠠᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠠᠷᠠᠳ ᠢ ᠨᠡᠭᠦᠯᠭᠡᠨ ᠭᠠᠵᠠᠷ ᠲᠠᠲᠠᠪᠤᠷᠢᠯᠠᠬᠤ ᠠᠵᠢᠯ ᠪᠣᠯᠣᠨ ᠭᠠᠵᠠᠷ ᠰᠢᠷᠣᠢ ᠶᠢᠨ ᠭᠠᠷ ᠭᠦᠢᠴᠡᠳᠬᠡᠯ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠪᠡᠶᠡᠯᠡᠭᠦᠯᠦᠨ᠎ᠡ᠃ ᠪᠡᠯᠡ ᠣᠷᠤᠭᠤᠯᠤᠯᠲᠠ ᠨᠢ 4.2 ᠳ᠋ᠦᠩᠰᠢᠭᠤᠷ ᠲᠥᠭᠦᠷᠢᠭ ᠤᠨ ᠨᠡᠶᠢᠰᠯᠡᠯ ᠬᠤᠲᠠ ᠶᠢᠨ ᠰᠢᠨ᠎ᠡ ᠡᠨᠧᠷᠭᠢ ᠶᠢᠨ ᠺᠣᠮᠫᠠᠨᠢ ᠶᠢᠨ ᠰᠠᠯᠬᠢᠨ ᠴᠠᠬᠢᠯᠭᠠᠨ ᠤ ᠲᠥᠷᠥᠯ ᠵᠦᠢᠯ ᠪᠣᠯᠣᠨ ᠪᠡᠯᠡ ᠣᠷᠤᠭᠤᠯᠤᠯᠲᠠ ᠨᠢ 2 ᠳ᠋ᠦᠩᠰᠢᠭᠤᠷ ᠲᠥᠭᠦᠷᠢᠭ ᠤᠨ ᠰᠦᠵᠧᠦ ᠶᠢᠨ ᠰᠢᠶᠧ ᠰᠢᠨ ᠭᠡᠷᠡᠯ ᠴᠡᠨᠡᠭ ᠢᠶᠠᠷ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠲᠢᠶᠠᠨ ᠿᠦᠨ ᠰᠢᠨ ᠨᠧᠩ᠂ ᠬᠤᠸᠠ ᠨᠧᠩ ᠤᠨ ᠱᠤ᠋ ᠱᠧᠩ ᠳᠠᠬᠢ Ⅱ ᠬᠤᠭᠤᠴᠠᠭ᠎ᠠ᠂ ᠵᠦᠩ ᠺᠧ ᠲᠢᠶᠠᠨ ᠳ᠋ᠣᠣ ᠶᠢᠨⅡ ᠬᠤᠭᠤᠴᠠᠭ᠎ᠠ ᠶᠢᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠠᠲᠤᠯᠠᠨ᠎ᠠ᠃ ᠥᠪᠥᠷ ᠮᠣᠩᠭᠤᠯ ᠪᠣᠯᠣᠨ ᠾᠧᠪᠧᠢ ᠶᠢᠨ ᠡᠨᠧᠷᠭᠢ ᠶᠢᠨ ᠬᠠᠮᠲᠤᠷᠠᠨ ᠠᠵᠢᠯᠯᠠᠬᠤ ᠬᠡᠯᠡᠯᠴᠡᠭᠡᠷ ᠢ ᠦᠨᠳᠦᠰᠦᠯᠡᠨ᠂ ᠾᠧᠪᠧᠢ ᠳᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠠᠯᠬᠢᠨ ᠴᠠᠬᠢᠯᠭᠠᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶᠡᠵᠢᠯ ᠢ ᠥᠷᠭᠡᠳᠬᠡᠨ᠎ᠡ ᠃ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠦ᠂ ᠨᠡᠶᠢᠰᠯᠡᠯ ᠬᠤᠲᠠ ᠶᠢᠨ ᠰᠢᠨ᠎ᠡ ᠡᠨᠧᠷᠭᠢ ᠶᠢᠨ ᠰᠠᠯᠬᠢᠨ ᠮᠠᠰᠢᠨ ᠤ ᠪᠦᠬᠦᠯᠢ ᠮᠠᠰᠢᠨ ᠢ ᠦᠢᠯᠡᠳᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠪᠣᠬᠢᠷᠲᠤᠯ ᠦᠭᠡᠢ ᠮᠠᠯ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠢ ᠲᠦᠷᠭᠡᠨ ᠬᠥᠭᠵᠢᠭᠦᠯᠵᠦ᠂ ᠰᠢᠤᠸᠠᠢ ᠴᠤᠸᠠᠨ ᠤ ᠵᠢᠯ ᠤᠨ ᠭᠠᠷᠤᠯᠲᠠ ᠨᠢ 2 ᠲᠦᠮᠡᠨ ᠲᠣᠨ ᠤ ᠲᠥᠮᠥᠰᠥᠨ ᠢᠳᠡᠭᠡᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠣᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠪᠡᠯᠡ ᠣᠷᠤᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠤᠰᠤ ᠴᠠᠬᠢᠯᠭᠠᠨ ᠵᠠᠮ ᠬᠠᠷᠢᠯᠴᠠᠭ᠎ᠠ ᠴᠢᠮᠡᠭᠡ ᠨᠡᠪᠲᠡᠷᠡᠭᠦᠯᠭᠡ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠵᠤ ᠦᠢᠯᠡᠰ ᠢ ᠬᠦᠷᠢᠶᠡᠯᠡᠩ ᠳᠤ ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃       ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠦᠨ᠎ᠡ᠃ ︽ᠤᠯᠤᠰ ᠤᠨ ᠪᠦᠬᠦ ᠣᠷᠣᠨ ᠬᠡᠪᠴᠢᠶ᠎ᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ︾᠎ ᠶᠢ ᠴᠣᠭᠴᠠᠯᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠬᠢᠷᠢ ᠲᠦᠪᠰᠢᠨ ᠢ ᠶᠡᠷᠦᠩᠬᠡᠢ ᠳᠤ ᠨᠢ ᠳᠡᠭᠡᠭᠰᠢᠯᠡᠭᠦᠯᠦᠨ᠎ᠡ᠃ ᠴᠢᠯᠠᠭᠤᠨ ᠣᠢ ᠶᠢᠨ ᠤᠯᠤᠰ ᠤᠨ 5A ᠳᠡᠰ ᠤᠨ ᠦᠵᠡᠮᠵᠢ ᠶᠢᠨ ᠣᠷᠣᠨ ᠢ ᠴᠣᠭᠴᠠᠯᠠᠬᠤ ᠦᠷ᠎ᠡ ᠪᠦᠲᠦᠭᠡᠯ ᠢ ᠪᠠᠲᠤᠳᠬᠠᠵᠤ᠂ ᠪᠠᠶᠠᠨ ᠣᠪᠣᠭ᠎ᠠ ᠶᠢᠨ ᠤᠯᠤᠰ ᠤᠨ 4A ᠳᠡᠰ ᠤᠨ ᠦᠵᠡᠮᠵᠢ ᠶᠢᠨ ᠣᠷᠣᠨ ᠢ ᠴᠣᠭᠴᠠᠯᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠤᠯᠠᠭᠠᠨᠪᠤᠲᠤᠩ ᠤᠨ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠪᠣᠯᠣᠨ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠪᠠ ᠲᠡᠭᠦᠯᠳᠡᠷᠵᠢᠭᠦᠯᠦᠨ᠎ᠡ᠃ ᠬᠤᠰᠤᠲᠤ ᠶᠢᠨ ᠭᠤᠤ᠂ ᠪᠠᠭ᠎ᠠ ᠪᠠᠷᠠᠭᠤᠨ ᠭᠠᠵᠠᠷ᠂ ᠲᠢᠶᠠᠨ ᠲᠠᠢ ᠶᠥᠩ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠨᠡᠶᠢᠯᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ᠂ ᠵᠢᠭᠤᠯᠴᠢᠯᠠᠯ ᠤᠨ ᠣᠨᠴᠠᠯᠢᠭᠲᠤ ᠪᠠᠭ᠎ᠠ ᠪᠠᠯᠭᠠᠰᠤ ᠪᠣᠯᠣᠨ ᠵᠢᠭᠤᠯᠴᠢᠯᠠᠯ ᠤᠨ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠭᠥᠨᠴᠥᠭᠲᠥ ᠲᠣᠰᠬᠤᠨ ᠢ ᠪᠦᠬᠦ ᠲᠣᠰᠬᠤᠨ ᠢᠶᠠᠷ ᠨᠢ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠪᠡᠶᠡᠯᠡᠭᠦᠯᠵᠦ᠂ ᠬᠤᠩ ᠱᠠᠨᠽᠢ ᠰᠢᠶᠠᠩ ᠤᠨ ᠹᠦ᠋ ᠱᠧᠩ ᠬᠤᠣ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠤᠨ᠎ᠠ᠃ ᠴᠢᠯᠠᠭᠤᠨ ᠣᠢ ᠶᠢᠨ ᠮᠥᠰᠥᠲᠦᠯᠭᠡ ᠶᠢᠨ ᠵᠢᠭᠤᠯᠴᠢᠯᠠᠯ ᠤᠨ ᠣᠨᠴᠠᠯᠢᠭᠲᠤ ᠪᠠᠭ᠎ᠠ ᠪᠠᠯᠭᠠᠰᠤ᠂ ᠤᠯᠠᠭᠠᠨᠪᠤᠲᠤᠩ ᠤᠨ ᠠᠭᠠᠷ ᠠᠶᠠᠯᠠᠯ ᠤᠨ ᠵᠢᠭᠤᠯᠴᠢᠯᠠᠯ ᠤᠨ ᠣᠨᠴᠠᠯᠢᠭᠲᠤ ᠪᠠᠭ᠎ᠠ ᠪᠠᠯᠭᠠᠰᠤ᠂ ᠲᠠᠯ᠎ᠠ ᠨᠤᠲᠤᠭ ᠤᠨ ᠰᠡᠯᠡᠭᠦᠴᠡᠯ ᠠᠮᠠᠷᠠᠯᠲᠠ ᠶᠢᠨ ᠲᠣᠰᠬᠤᠨ ᠵᠡᠷᠭᠡ ᠲᠥᠷᠥᠯ ᠵᠦᠢᠯ ᠢ ᠡᠬᠢᠯᠡᠭᠦᠯᠦᠨ᠎ᠡ᠃ ᠴᠠᠭᠠᠯᠵᠢ ᠵᠢᠭᠠᠰᠤ ᠤᠷᠤᠰᠬᠠᠯ ᠥᠭᠰᠥᠬᠦ᠂ ᠠᠯᠲᠠᠨ ᠬᠠᠷᠠᠪᠤᠷ ᠴᠡᠴᠡᠭ ᠰᠣᠨᠢᠷᠬᠠᠬᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠭᠤᠣᠯ ᠰᠡᠳᠦᠪᠲᠦ ᠠᠵᠢᠯᠯᠠᠭᠠᠨ ᠢ ᠦᠷᠭᠦᠯᠵᠢᠯᠡᠨ ᠰᠠᠶᠢᠲᠤᠷ ᠬᠢᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠤᠨ ᠬᠠᠤᠯᠢ ᠬᠡᠷᠡᠭᠵᠢᠭᠦᠯᠬᠦ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠳᠦᠷᠢᠮᠵᠢᠭᠦᠯᠵᠦ᠂ ᠪᠣᠯᠪᠠᠰᠤᠨ ᠵᠢᠭᠤᠯᠴᠢᠯᠠᠯ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃ ᠪᠦᠬᠦ ᠵᠢᠯ ᠳᠤ ᠵᠢᠭᠤᠯᠴᠢᠯᠠᠭᠴᠢᠳ ᠢ 600 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠬᠤ ᠪᠠᠷ ᠴᠢᠷᠮᠠᠶᠢᠨ ᠲᠡᠮᠡᠴᠡᠵᠦ᠂ ᠶᠡᠷᠦᠩᠬᠡᠶᠢᠯᠡᠭᠰᠡᠨ ᠣᠷᠣᠯᠭ᠎ᠠ ᠶᠢ 63 ᠳ᠋ᠦᠩᠰᠢᠭᠤᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.3% ᠪᠠ 16%᠎ ᠪᠠᠷ ᠨᠡᠮᠡᠭᠳᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡ ᠵᠡᠷᠭᠡ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠢᠨᠲ᠋ᠧᠷ ᠰᠦᠯᠵᠢᠶ᠎ᠡ ᠶᠢᠨ ᠳᠠᠪᠠᠭᠤᠯᠢᠭ ᠢ ᠪᠠᠳᠠᠷᠠᠭᠤᠯᠵᠤ᠂ ᠪᠦᠬᠦ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢᠨ ᠲᠠᠪᠴᠠᠩ ᠢ ᠰᠡᠳᠦᠨ ᠰᠦᠪᠡᠭᠴᠢᠯᠡᠵᠦ᠂ ᠬᠤᠰᠢᠭᠤᠨ ᠤ ᠱᠠᠲᠤᠨ ᠤ ᠡᠯᠧᠺᠲᠷᠣᠨ ᠬᠤᠳᠠᠯᠳᠤᠭ᠎ᠠ ᠶᠢᠨ ᠪᠠᠷᠠᠭ᠎ᠠ ᠶᠢᠨ ᠭᠦᠢᠯᠭᠡᠭᠡ ᠶᠢᠨ ᠬᠦᠷᠭᠡᠬᠦ ᠲᠥᠪ ᠲᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡ ᠶᠢ ᠬᠤᠰᠢᠭᠤ᠂ ᠰᠢᠶᠠᠩ ᠪᠠᠯᠭᠠᠰᠤ᠂ ᠭᠠᠴᠠᠭ᠎ᠠ ︽ᠭᠤᠷᠪᠠᠨ ᠱᠠᠲᠤᠨ ᠳᠤ ᠪᠦᠷᠬᠦᠭᠦᠯᠬᠦ︾᠎ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠡᠷᠡᠭᠯᠡᠭᠡ ᠨᠢ ᠥᠷᠭᠡᠨ᠂ ᠰᠢᠰᠲ᠋ᠧᠮ ᠨᠢ ᠪᠦᠷᠢᠨ᠂ ᠦᠢᠯᠡᠴᠢᠯᠡᠭᠡ ᠨᠢ ᠲᠡᠭᠦᠯᠳᠡᠷ᠂ ᠠᠵᠤ ᠦᠢᠯᠡᠰ ᠲᠥᠪᠯᠡᠷᠡᠭᠰᠡᠨ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃       ︵ᠳᠥᠷᠪᠡ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ       ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠬᠤ ᠬᠦᠴᠦᠨ ᠵᠦᠢᠯ ᠢ ᠢᠯᠡᠨ ᠳᠠᠪᠠᠨ᠎ᠠ᠃ ᠭᠤᠣᠯ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2018 ᠣᠨ ᠤ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠶᠢ 768 ᠡᠷᠦᠬᠡ ᠳᠤ ᠪᠡᠶᠡᠯᠡᠭᠦᠯᠵᠦ᠂ ᠪᠢᠷᠠᠭᠤ ᠪᠠᠯᠭᠠᠰᠤᠨ ᠲᠣᠭᠤᠷᠢᠭ ᠤᠨ ᠵᠠᠮ ᠤᠨ ᠪᠠᠷᠢᠯᠭ᠎ᠠ ᠶᠢᠨ ᠥᠭᠡᠷᠡᠴᠢᠯᠡᠨ ᠵᠠᠰᠠᠬᠤ ᠢᠨᠵᠧᠨᠧᠷᠢᠩ ᠢ ᠰᠠᠶᠢᠲᠤᠷ ᠠᠳᠬᠤᠵᠤ᠂ ᠪᠢᠷᠠᠭᠤ ᠪᠠᠯᠭᠠᠰᠤ ᠶᠢᠨ ᠭᠤᠣᠯ ᠲᠣᠭᠤᠷᠢᠭ ᠤᠨ ᠬᠤᠶᠠᠷ ᠭᠤᠯᠳᠤ ᠠᠷᠪᠠᠨ ᠨᠢᠭᠡᠨ ᠬᠥᠨᠳᠡᠯᠡᠨ ᠵᠠᠮ ᠤᠨ ᠮᠠᠰᠢᠨ ᠲᠡᠷᠭᠡᠨ ᠵᠠᠮ ᠤᠨ ᠨᠢᠭᠤᠷ ᠢ ᠰᠢᠨ᠎ᠡ ᠪᠠᠷ ᠳᠡᠪᠢᠰᠬᠦ᠂ ᠶᠠᠪᠠᠭᠠᠨ ᠬᠥᠮᠥᠨ ᠤ ᠵᠠᠮ ᠢ ᠰᠢᠨᠡᠴᠢᠯᠡᠨ ᠳᠡᠪᠢᠰᠬᠦ᠂ ᠨᠣᠭᠤᠭᠠᠷᠠᠭᠤᠯᠤᠯᠲᠠ ᠶᠢᠨ ᠪᠦᠰᠡ ᠶᠢᠨ ᠦᠵᠡᠮᠵᠢ ᠶᠢᠨ ᠨᠣᠭᠤᠭᠠᠷᠠᠭᠤᠯᠤᠯᠲᠠ ᠵᠢᠴᠢ ᠬᠠᠷᠢᠶᠠᠯᠠᠭᠳᠠᠵᠤ ᠪᠦᠬᠦᠢ ᠬᠤᠭᠤᠯᠠᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠡᠭᠦᠨ ᠲᠣᠭᠤᠷᠢᠯ ᠵᠠᠮ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠠᠨ ᠺᠠᠩ ᠰᠠᠭᠤᠭᠠᠯᠢ ᠲᠣᠭᠤᠷᠢᠭ ᠤᠨ ᠪᠠᠷᠠᠭᠤᠨ ᠲᠠᠯ᠎ᠠ᠂ ᠰᠢᠩ ᠴᠧᠩ ᠾᠧ ᠰᠢᠶᠧ ᠰᠠᠭᠤᠭᠠᠯᠢ ᠲᠣᠭᠤᠷᠢᠭ ᠤᠨ ᠵᠡᠭᠦᠨ ᠲᠠᠯ᠎ᠠ᠂ ᠰᠢᠶᠠᠩ ᠾᠧ ᠰᠠᠭᠤᠭᠠᠯᠢ ᠲᠣᠭᠤᠷᠢᠭ ᠵᠡᠷᠭᠡ ᠰᠠᠭᠤᠭᠠᠯᠢ ᠠᠷᠠᠳ ᠤᠨ ᠨᠡᠶᠢᠲᠡ ᠶᠢᠨ ᠬᠡᠷᠡᠭᠯᠡᠭᠡᠨ ᠤ ᠵᠠᠮ ᠪᠣᠯᠣᠨ ᠪᠢᠷᠠᠭᠤ ᠵᠢᠷᠭᠤᠳᠤᠭᠠᠷ᠂ ᠪᠢᠷᠠᠭᠤ ᠳᠣᠯᠣᠳᠤᠭᠠᠷ ᠵᠡᠭᠡᠯᠢ ᠶᠢᠨ ᠮᠤᠬᠤᠷ ᠵᠠᠮ ᠢ ᠨᠡᠪᠲᠡᠷᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠤᠰᠤ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠪᠣᠯᠣᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠷᠡᠭᠯᠡᠯᠲᠡ ᠶᠢ ᠲᠦᠭᠡᠮᠡᠯᠵᠢᠭᠦᠯᠬᠦ ᠶᠢ ᠲᠦᠷᠭᠡᠳᠬᠡᠵᠦ᠂ ᠪᠢᠷᠠᠭᠤ ᠪᠠᠯᠭᠠᠰᠤ ᠶᠢᠨ ᠤᠰᠤ ᠬᠠᠩᠭᠠᠬᠤ ᠬᠤᠭᠤᠯᠠᠢ ᠶᠢᠨ ᠲᠣᠣᠷᠵᠢᠯ ᠢ ᠥᠭᠡᠷᠡᠴᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠡᠮᠦᠨ᠎ᠡ ᠬᠡᠰᠡᠭ ᠤᠨ ᠲᠣᠬᠢᠷᠠᠭᠤᠯᠬᠤ ᠴᠥᠭᠦᠷᠥᠮ᠂ ᠪᠤᠵᠠᠷ ᠰᠢᠪᠠᠷ ᠢ ᠰᠢᠢᠳᠪᠦᠷᠢᠯᠡᠬᠦ᠂ ᠬᠤᠭᠤᠯᠠᠢ ᠶᠢᠨ ᠲᠣᠣᠷᠵᠢᠯ ᠢ ᠵᠠᠰᠠᠨ ᠥᠷᠭᠡᠳᠬᠡᠨ ᠪᠠᠶᠢᠭᠤᠯᠬᠤ ᠵᠢᠴᠢ ᠠᠵᠤ ᠦᠢᠯᠡᠳᠪᠦᠷᠢ ᠶᠢᠨ ᠲᠣᠭᠤᠷᠢᠭ ᠤᠨ ᠪᠤᠵᠠᠷ ᠤᠰᠤ ᠶᠢ ᠰᠢᠢᠳᠪᠦᠷᠢᠯᠡᠬᠦ ᠵᠡᠷᠭᠡ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠎ᠠ᠃ ᠵᠠᠮ ᠬᠠᠷᠢᠯᠴᠠᠭ᠎ᠠ ᠶᠢᠨ ᠰᠠᠭᠤᠷᠢ ᠲᠥᠬᠦᠭᠡᠷᠦᠮᠵᠢ ᠶᠢ ᠴᠢᠩᠭᠠᠳᠬᠠᠵᠤ᠂ ᠠᠰᠬᠠᠲᠤ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠤᠯᠠᠭᠠᠨᠪᠤᠲᠤᠩ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠳ᠋ᠠᠨᠳᠦ᠋ᠩ ᠠᠴᠠ ᠰᠢᠯᠢᠩᠬᠤᠲᠠ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠪᠢᠷᠠᠭᠤ ᠠᠴᠠ ᠳ᠋ᠠᠪᠠᠨ ᠬᠦᠷᠬᠦ ᠬᠡᠰᠡᠭ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠪᠢᠷᠠᠭᠤ ᠠᠴᠠ ᠴᠧᠩᠳᠧ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠪᠢᠷᠠᠭᠤ ᠠᠴᠠ ᠤᠯᠠᠭᠠᠨᠪᠤᠲᠤᠩ ᠬᠦᠷᠬᠦ ᠬᠡᠰᠡᠭ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠢᠷᠠᠭᠤ ᠠᠴᠠ ᠭᠦᠨᠴᠦᠬᠡᠨ ᠬᠦᠷᠬᠦ ᠬᠡᠰᠡᠭ ᠤᠨ ᠥᠨᠳᠥᠷ ᠬᠤᠷᠳᠤᠴᠠᠲᠤ ᠵᠠᠰᠠᠮᠠᠯ ᠵᠠᠮ ᠪᠣᠯᠣᠨ ᠮᠤᠵᠢ ᠶᠢᠨ ᠵᠠᠮ 220 ᠱᠤᠭᠤᠮ ᠤᠨ ᠳᠠᠷᠬᠠᠨ᠋ᠠ᠋ᠭᠤᠯᠠ ᠠᠴᠠ ᠤᠯᠠᠭᠠᠨᠪᠤᠲᠤᠩ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠵᠦ᠂ ᠮᠤᠵᠢ ᠶᠢᠨ ᠵᠠᠮ 304 ᠱᠤᠭᠤᠮ ᠤᠨ ᠤᠯᠠᠭᠠᠨᠪᠤᠲᠤᠩ ᠠᠴᠠ ᠰᠧ ᠳ᠋ᠣᠣ ᠾᠧ ᠽᠢ ᠬᠦᠷᠬᠦ ᠬᠡᠰᠡᠭ᠂ ᠦ᠋ ᠼᠠᠢ ᠱᠠᠨ ᠠᠴᠠ ᠮᠤᠵᠢ ᠶᠢᠨ ᠵᠠᠮ 304 ᠱᠤᠭᠤᠮ ᠬᠦᠷᠬᠦ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠵᠢᠨᠢᠩ ᠠᠴᠠ ᠲᠦᠩᠯᠢᠶᠣᠣ ᠬᠦᠷᠬᠦ ᠳᠠᠪᠬᠤᠷ ᠱᠤᠭᠤᠮ ᠤᠨ ᠭᠦᠨᠴᠦᠬᠡᠨ ᠠᠴᠠ ᠮᠥᠩᠭᠦᠨᠲᠠᠯ᠎ᠠ ᠬᠦᠷᠬᠦ ᠬᠡᠰᠡᠭ ᠤᠨ 60 ᠺᠢᠯᠣᠮᠧᠲᠷ ᠤᠨ ᠵᠠᠮ ᠤᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠵᠢᠨᠢᠩ ᠠᠴᠠ ᠲᠦᠩᠯᠢᠶᠣᠣ ᠬᠦᠷᠬᠦ ᠳᠠᠪᠬᠤᠷ ᠱᠤᠭᠤᠮ ᠤᠨ ᠮᠥᠩᠭᠦᠨᠲᠠᠯ᠎ᠠ ᠠᠴᠠ ᠯᠢᠨᠰᠢ ᠬᠦᠷᠬᠦ ᠬᠡᠰᠡᠭ ᠤᠨ ᠬᠤᠰᠢᠭᠤᠨ ᠤ ᠬᠢᠯᠢ ᠳᠣᠲᠣᠷ᠎ᠠ ᠪᠠᠶᠢᠭ᠎ᠠ 96 ᠺᠢᠯᠣᠮᠧᠲᠷ ᠤᠨ ᠵᠠᠮ ᠤᠨ ᠪᠠᠷᠢᠯᠭ᠎ᠠ ᠶᠢᠨ ᠠᠵᠢᠯ ᠪᠠ ᠪᠢᠷᠠᠭᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦ᠋ ᠢ᠂ ᠳ᠋ᠦᠩ ᠱᠧᠩ ᠵᠡᠷᠭᠡ ᠤᠰᠤᠨ ᠬᠠᠭᠠᠯᠲᠠ ᠶᠢᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠵᠢᠴᠢ ᠰᠢᠷᠠᠮᠥ᠋ᠷᠡᠨ ᠭᠤᠣᠯ ᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃       ︵ᠲᠠᠪᠤ︶ ᠨᠡᠶᠢᠭᠡᠮ ᠤᠨ ᠪᠠᠲᠤᠯᠠᠭ᠎ᠠ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠤᠨ᠎ᠠ       ᠶᠠᠳᠠᠭᠤ ᠠᠴᠠ ᠠᠩᠭᠢᠵᠢᠷᠠᠭᠤᠯᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠦᠷᠭᠦᠯᠵᠢᠯᠡᠨ ᠬᠦᠷᠲᠡᠭᠡᠬᠦ ᠶᠢ ᠪᠠᠷᠢᠮᠲᠠᠯᠠᠵᠤ᠂ ︽ᠵᠢᠷᠭᠤᠭᠠᠨ ᠣᠨᠣᠪᠴᠢᠲᠠᠢ︾᠂ ︽ᠲᠠᠪᠤᠨ ᠨᠢᠭᠡ ᠪᠦᠯᠦᠭ︾᠎ ᠤᠨ ᠠᠷᠭ᠎ᠠ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ ᠨᠡᠭᠦᠯᠭᠡᠨ ᠰᠢᠯᠵᠢᠭᠦᠯᠵᠦ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠨᠡᠶᠢᠭᠡᠮ ᠠᠴᠠ ᠶᠠᠳᠠᠭᠤ ᠶᠢ ᠲᠡᠳᠬᠦᠬᠦ᠂ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠵᠡᠷᠭᠡ ᠶᠠᠳᠠᠭᠤ ᠶᠢ ᠲᠡᠳᠬᠦᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠵᠤ᠂ ᠶᠠᠳᠠᠭᠤ ᠬᠦᠴᠢᠷᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠵᠤ᠂ ᠬᠠᠷᠢᠴᠠᠯᠠᠰᠢᠭᠦᠢ ᠶᠠᠳᠠᠭᠤ ᠬᠦᠴᠢᠷᠲᠡᠢ ᠪᠠᠶᠢᠳᠠᠯ ᠢ ᠠᠷᠢᠯᠭᠠᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠥᠷᠭᠡᠳᠬᠡᠨ᠎ᠡ᠃ ᠰᠢᠨ᠎ᠡ ᠶᠢ ᠡᠭᠦᠳᠦᠨ ᠠᠳᠠᠯ ᠦᠢᠯᠡᠰ ᠪᠣᠰᠬᠠᠬᠤ ᠶᠢ ᠬᠥᠮᠥᠵᠢᠭᠦᠯᠬᠦ ᠰᠠᠭᠤᠷᠢᠨ ᠭᠠᠵᠠᠷ ᠢ ᠦᠷᠭᠦᠯᠵᠢᠯᠡᠨ ᠴᠣᠭᠴᠠᠯᠠᠨ᠎ᠠ᠃ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠠᠵᠢᠯ ᠦᠭᠡᠢ ᠭᠡᠷ ᠪᠦᠯᠢ ᠶᠢ ᠭᠤᠣᠯᠳᠠᠯᠭ᠎ᠠ ᠲᠠᠢ ᠬᠠᠪᠰᠤᠷᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠪᠦᠬᠦ ᠵᠢᠯ ᠳᠤ ᠬᠤᠲᠠ ᠪᠠᠯᠭᠠᠰᠤᠨ ᠳᠤ 1200 ᠠᠵᠢᠯ ᠣᠯᠭᠤᠯᠲᠠ ᠶᠢᠨ ᠰᠢᠨ᠎ᠡ ᠠᠵᠢᠯ ᠤᠨ ᠪᠠᠶᠢᠷᠢ ᠶᠢ ᠨᠡᠭᠡᠭᠡᠬᠦ ᠪᠠᠷ ᠴᠢᠷᠮᠠᠶᠢᠨ ᠲᠡᠮᠡᠴᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 150᠎ ᠶᠢ ᠨᠡᠭᠡᠭᠡᠵᠦ᠂ ᠠᠳᠠᠯ ᠦᠢᠯᠡᠰ ᠪᠣᠰᠬᠠᠬᠤ ᠶᠢ ᠳᠡᠮᠵᠢᠨ ᠵᠣᠷᠢᠭᠵᠢᠭᠤᠯᠵᠤ᠂ ᠠᠳᠠᠯ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠤ᠂ ᠠᠳᠠᠯ ᠦᠢᠯᠡᠰ ᠪᠣᠰᠬᠠᠬᠤ ᠳᠠᠭᠠᠭᠠᠯᠲᠠᠲᠤ ᠵᠢᠭᠡᠯᠡᠯᠭᠡ ᠶᠢ 600 ᠲᠦᠮᠡᠨ ᠲᠥᠭᠦᠷᠢᠭ ᠲᠠᠷᠬᠠᠭᠠᠵᠤ᠂ ᠠᠩᠬᠠᠨ ᠤ ᠠᠳᠠᠯ ᠦᠢᠯᠡᠰ ᠪᠣᠰᠬᠠᠬᠤ 100 ᠡᠷᠦᠬᠡ ᠶᠢ ᠲᠡᠳᠬᠦᠨ ᠳᠡᠮᠵᠢᠵᠦ᠂ 450 ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ᠃ ᠨᠠᠰᠤᠵᠢᠯ᠂ ᠠᠵᠢᠯ ᠤᠨ ᠪᠠᠶᠢᠷᠢ ᠶᠢᠨ ᠰᠢᠷᠬᠠᠲᠤᠯ᠂ ᠡᠮ ᠡᠮᠨᠡᠯᠭᠡ᠂ ᠦᠷᠡᠵᠢᠯ ᠤᠨ ᠳᠠᠭᠠᠳᠬᠠᠯ ᠵᠡᠷᠭᠡ ᠦᠢᠯᠡᠴᠢᠯᠡᠭᠡ ᠶᠢᠨ ᠠᠵᠢᠯ ᠢ ᠦᠨᠡᠨ ᠬᠦ ᠰᠠᠶᠢᠲᠤᠷ ᠬᠢᠨ᠎ᠡ︔ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠪᠣᠯᠣᠨ ᠳᠦᠷ ᠴᠠᠭ ᠤᠨ ᠠᠪᠤᠷᠠᠨ ᠲᠤᠰᠠᠯᠠᠯᠲᠠ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠡ᠃ ᠰᠤᠷᠭᠠᠨ ᠬᠥᠮᠥᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠢᠷᠠᠭᠤ ᠳᠠᠬᠢ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠭᠠᠵᠠᠷ ᠰᠢᠯᠵᠢᠭᠦᠯᠦᠨ ᠰᠢᠨ᠎ᠡ ᠪᠠᠷ ᠪᠠᠶᠢᠭᠤᠯᠬᠤ᠂ ᠪᠢᠷᠠᠭᠤ ᠳᠠᠬᠢ ᠬᠤᠶᠠᠳᠤᠭᠠᠷ ᠪᠠᠭ᠎ᠠ ᠰᠤᠷᠭᠠᠭᠤᠯᠢ ᠶᠢ ᠵᠡᠭᠦᠨᠰᠢ ᠥᠷᠭᠡᠳᠬᠡᠬᠦ᠂ ᠪᠢᠷᠠᠭᠤ ᠳᠠᠬᠢ ᠭᠤᠷᠪᠠᠳᠤᠭᠠᠷ ᠪᠠᠭ᠎ᠠ ᠰᠤᠷᠭᠠᠭᠤᠯᠢ᠂ ᠪᠥᠸᠧ ᠶᠠ ᠬᠡᠦᠬᠡᠳ ᠤᠨ ᠴᠡᠴᠡᠷᠯᠢᠭ᠂ ᠪᠢᠷᠠᠭᠤ ᠳᠠᠬᠢ ᠭᠤᠣᠯ ᠪᠦᠷᠢᠨ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠪᠣᠯᠣᠨ ᠪᠠᠭᠰᠢ ᠠᠵᠢᠯᠲᠠᠳ ᠤᠨ ᠬᠤᠭᠤᠯᠠᠨ ᠲᠢᠩᠬᠢᠮ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠠᠨ ᠤ ᠬᠤᠰᠢᠭᠤᠨ ᠤ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠢ ᠭᠦᠢᠴᠡᠳ ᠠᠭᠤᠳᠠᠯᠯᠠᠵᠤ᠂ ᠬᠡᠰᠢᠭᠲᠡᠨ ᠬᠤᠰᠢᠭᠤᠨ ᠤ ᠬᠥᠮᠥᠨ ᠰᠣᠶᠣᠯ ᠤᠨ ᠲᠠᠲᠠᠬᠤ ᠬᠦᠴᠦᠨ ᠪᠣᠯᠣᠨ ᠵᠡᠷᠭᠡ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠦᠽᠧᠢ ᠶᠢ ᠥᠭᠡᠷᠡᠴᠢᠯᠡᠨ ᠵᠠᠰᠠᠵᠤ ᠰᠠᠶᠢᠵᠢᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠡᠮ ᠡᠮᠨᠡᠯᠭᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠢᠯᠡᠴᠢᠯᠡᠭᠡ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠪᠠᠶᠢᠳᠠᠯ ᠳᠣᠣᠷᠠᠬᠢ ᠣᠯᠠᠨ ᠲᠦᠮᠡᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠥᠷᠢᠴᠡᠯ ᠵᠢᠭᠤᠷᠠᠭᠠᠨ ᠢ ᠪᠦᠬᠦ ᠬᠦᠴᠦᠨ ᠢᠶᠠᠷ ᠨᠠᠮᠳᠠᠭᠤᠯᠤᠨ᠎ᠠ᠃ ᠠᠶᠤᠯᠭᠦᠢ ᠦᠢᠯᠡᠳᠪᠦᠷᠢᠯᠡᠯ ᠪᠣᠯᠣᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠠᠬᠢ ᠴᠣᠬᠢᠯᠲᠠ ᠥᠭᠬᠦ ᠬᠦᠴᠦᠯᠡᠴᠡ ᠶᠢ ᠨᠡᠮᠡᠭᠳᠡᠭᠦᠯᠵᠦ᠂ ᠠᠷᠠᠳ ᠣᠯᠠᠨ ᠤ ᠠᠮᠤᠷ ᠲᠦᠪᠰᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠷᠠᠳᠢᠣ᠋ ᠲᠧᠯᠸᠢᠰ᠂ ᠳᠠᠩᠰᠠ ᠡᠪᠬᠡᠮᠡᠯ᠂ ᠦᠨᠳᠦᠰᠦᠲᠡᠨ ᠱᠠᠰᠢᠨ ᠰᠤᠷᠲᠠᠬᠤᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠪᠠ ᠬᠡᠦᠬᠡᠳ ᠪᠠᠭᠠᠴᠤᠳ᠂ ᠵᠡᠮᠳᠡᠭᠴᠦᠳ ᠵᠡᠷᠡᠭᠡ ᠡᠯ᠎ᠡ ᠲᠥᠷᠥᠯ ᠤᠨ ᠠᠵᠢᠯ ᠦᠢᠯᠡᠰ ᠢ ᠢᠳᠡᠪᠬᠢᠲᠡᠢ ᠰᠠᠶᠢᠲᠤᠷ ᠬᠢᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号