2018 ᠣᠨ ᠤ ᠡᠳ᠋ ᠤᠨ ᠵᠠᠰᠠᠭ ︵ᠨᠢᠭᠡ︶
ᠨᠡᠶᠢᠲᠡᠯᠡᠭᠰᠡᠨ ᠴᠠᠭ᠄
2018/3/16
ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ 2017 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2018 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ       — 2018 ᠣᠨ ᠤ 2 ᠰᠠᠷ᠎ᠠ ᠶᠢᠨ 27 ᠤ ᠡᠳᠦᠷ ᠬᠡᠰᠢᠭᠲᠡᠨ ᠬᠤᠰᠢᠭᠤᠨ ᠤ         ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ         ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ            ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ  ᠵᠧᠩ ᠴᠢᠩ ᠵᠦᠩᠲᠥᠯᠥᠭᠡᠯᠡᠭᠴᠢᠳ ᠡ᠄        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠣᠳᠣ ᠬᠡᠰᠢᠭᠲᠡᠨ ᠬᠤᠰᠢᠭᠤᠨ ᠤ 2017 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠵᠢᠴᠢ 2018 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ ᠶᠢ ᠲᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠦᠶ᠎ᠡ᠂ ᠡᠭᠦᠨ ᠤ ᠬᠠᠮᠲᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠶ᠎ᠡ᠃         ᠨᠢᠭᠡ᠂ 2017 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ         ︵ᠨᠢᠭᠡ︶ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ         ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 53600 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 100% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢᠨ ᠠᠴᠠ 26900 ᠲᠦᠮᠡᠨ ᠲᠥᠭᠦᠷᠢᠭ ᠬᠠᠰᠤᠭᠳᠠᠵᠤ᠂ 33.42% ᠢᠶᠠᠷ ᠪᠠᠭᠤᠷᠠᠪᠠ᠂ ᠡᠭᠦᠨ ᠳᠤ᠄ ᠤᠯᠤᠰ ᠤᠨ ᠭᠠᠶᠢᠯᠢ ᠶᠢᠨ ᠰᠠᠯᠠᠭ᠎ᠠ ᠮᠥᠴᠢᠷ 21822 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 104.15% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 915 ᠲᠦᠮᠡᠨ ᠲᠥᠭᠦᠷᠢᠭ ᠨᠡᠮᠡᠭᠳᠡᠵᠦ᠂ 4.38% ᠪᠠᠷ ᠨᠡᠮᠡᠭᠳᠡᠪᠡ︔ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠥᠴᠢᠷ 29162 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 104.15% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 7994 ᠲᠦᠮᠡᠨ ᠲᠥᠭᠦᠷᠢᠭ ᠬᠠᠰᠤᠭᠳᠠᠵᠤ᠂ 21.51% ᠪᠠᠷ ᠪᠠᠭᠤᠷᠠᠪᠠ︔ ᠡᠳ᠋ ᠤᠨ ᠵᠠᠰᠠᠭ ᠤᠨ ᠰᠠᠯᠠᠭ᠎ᠠ ᠮᠥᠴᠢᠷ 2616 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 48.44% ᠶᠢ ᠪᠡᠶᠡᠯᠡᠭᠦᠯᠦᠨ᠂ ᠳᠡᠭᠡᠷ᠎ᠡ ᠵᠢᠯ ᠤᠨ  ᠬᠢ ᠠᠴᠠ 19821 ᠲᠦᠮᠡᠨ ᠲᠥᠭᠦᠷᠢᠭ ᠬᠠᠰᠤᠭᠳᠠᠵᠤ᠂ 88.34% ᠪᠠᠷ ᠪᠠᠭᠤᠷᠠᠪᠠ᠃         ᠲᠥᠷᠥᠯ ᠬᠤᠪᠢᠶᠠᠭᠰᠠᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ᠄ ᠨᠡᠮᠡᠭᠳᠡᠯ ᠥᠷᠲᠡᠭ ᠤᠨ ᠭᠠᠶᠢᠯᠢ ᠶᠢ 16523 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 113.95% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 1131 ᠲᠦᠮᠡᠨ ᠲᠥᠭᠦᠷᠢᠭ ᠨᠡᠮᠡᠭᠳᠡᠵᠦ᠂ 7.35% ᠪᠠᠷ ᠨᠡᠮᠡᠭᠳᠡᠪᠡ︔ ᠡᠵᠡᠩᠨᠡᠯᠲᠡ ᠶᠢᠨ ᠭᠠᠶᠢᠯᠢ ᠶᠢ 58 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 120.83% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 8116 ᠲᠦᠮᠡᠨ ᠲᠥᠭᠦᠷᠢᠭ ᠬᠠᠰᠤᠭᠳᠠᠵᠤ᠂ 99.29% ᠪᠠᠷ ᠪᠠᠭᠤᠷᠠᠪᠠ︔ ᠠᠵᠤ ᠠᠬᠤᠶᠢᠯᠠᠯ ᠤᠨ ᠣᠷᠣᠯᠭ᠎ᠠ ᠶᠢᠨ ᠭᠠᠶᠢᠯᠢ ᠶᠢ 6493 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 100.05% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 2 ᠲᠦᠮᠡᠨ ᠲᠥᠭᠦᠷᠢᠭ ᠨᠡᠮᠡᠭᠳᠡᠵᠦ᠂ 0.03% ᠪᠠᠷ ᠨᠡᠮᠡᠭᠳᠡᠪᠡ︔ ᠬᠤᠪᠢ ᠬᠥᠮᠦᠨ ᠤ ᠣᠷᠣᠯᠭ᠎ᠠ ᠶᠢᠨ ᠭᠠᠶᠢᠯᠢ ᠶᠢ 2295 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 113.9% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 273 ᠲᠦᠮᠡᠨ ᠲᠥᠭᠦᠷᠢᠭ ᠬᠠᠰᠤᠭᠳᠠᠵᠤ᠂ 10.63% ᠪᠠᠷ ᠪᠠᠭᠤᠷᠠᠪᠠ︔ ᠡᠬᠢ ᠪᠠᠶᠠᠯᠢᠭ ᠤᠨ ᠭᠠᠶᠢᠯᠢ ᠶᠢ 2485 ᠲᠦᠮᠡᠨ ᠲᠥᠭᠦᠷᠢᠭ ᠪᠡᠶᠡᠯᠡᠭᠦᠯᠦᠨ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 108.52% ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 467 ᠲᠦᠮᠡᠨ ᠲᠥᠭᠦᠷᠢᠭ ᠨᠡᠮᠡᠭᠳᠡᠵᠦ᠂ 23.14% ᠪᠠᠷ ᠨᠡᠮᠡᠭᠳᠡᠪᠡ︔ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢ 2368 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 117% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 490 ᠲᠦᠮᠡᠨ ᠲᠥᠭᠦᠷᠢᠭ ᠨᠡᠮᠡᠭᠳᠡᠵᠦ᠂ 26.09% ᠪᠠᠷ ᠨᠡᠮᠡᠭᠳᠡᠪᠡ︔ ᠭᠡᠷ ᠬᠦᠷᠦᠩᠭᠡ ᠶᠢᠨ ᠭᠠᠶᠢᠯᠢ ᠶᠢ 5637 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 103.49% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 235 ᠲᠦᠮᠡᠨ ᠲᠥᠭᠦᠷᠢᠭ ᠨᠡᠮᠡᠭᠳᠡᠵᠦ᠂ 4.35% ᠪᠠᠷ ᠨᠡᠮᠡᠭᠳᠡᠪᠡ︔ ᠲᠡᠮᠳᠡᠭᠲᠦ ᠶᠢᠨ ᠭᠠᠶᠢᠯᠢ ᠶᠢ 947 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 110.89% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 128 ᠲᠦᠮᠡᠨ ᠲᠥᠭᠦᠷᠢᠭ ᠨᠡᠮᠡᠭᠳᠡᠵᠦ᠂ 15.63% ᠪᠠᠷ ᠨᠡᠮᠡᠭᠳᠡᠪᠡ︔ ᠬᠤᠲᠠ ᠪᠠᠯᠭᠠᠰᠤ ᠶᠢᠨ ᠭᠠᠵᠠᠷ ᠰᠢᠷᠤᠢ ᠶᠢᠨ ᠬᠡᠷᠡᠭᠯᠡᠯᠲᠡ ᠶᠢᠨ ᠭᠠᠶᠢᠯᠢ ᠶᠢ 5151 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 91.65% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 72 ᠲᠦᠮᠡᠨ ᠲᠥᠭᠦᠷᠢᠭ ᠨᠡᠮᠡᠭᠳᠡᠵᠦ᠂ 1.42% ᠢᠶᠠᠷ ᠨᠡᠮᠡᠭᠳᠡᠪᠡ︔ ᠭᠠᠵᠠᠷ ᠰᠢᠷᠣᠢ ᠶᠢᠨ ᠨᠡᠮᠡᠭᠳᠡᠯ ᠥᠷᠲᠡᠭ ᠤᠨ ᠭᠠᠶᠢᠯᠢ ᠶᠢ 382 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 180.19% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 1646 ᠲᠦᠮᠡᠨ ᠲᠥᠭᠦᠷᠢᠭ ᠬᠠᠰᠤᠭᠳᠠᠵᠤ᠂ 81.16% ᠪᠠᠷ ᠪᠠᠭᠤᠷᠠᠪᠠ︔ ᠲᠡᠷᠭᠡ ᠤᠨᠤᠭᠠᠨ ᠤ ᠭᠠᠶᠢᠯᠢ ᠶᠢ 765 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 108.82% ᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 24 ᠲᠦᠮᠡᠨ ᠲᠥᠭᠦᠷᠢᠭ ᠨᠡᠮᠡᠭᠳᠡᠵᠦ᠂ 3.24% ᠪᠠᠷ ᠨᠡᠮᠡᠭᠳᠡᠪᠡ︔ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠶᠢ 3151 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 113.35% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 89 ᠲᠦᠮᠡᠨ ᠲᠥᠭᠦᠷᠢᠭ ᠨᠡᠮᠡᠭᠳᠡᠵᠦ᠂ 2.91% ᠪᠠᠷ ᠨᠡᠮᠡᠭᠳᠡᠪᠡ︔ ᠭᠡᠷ᠎ᠡ ᠶᠢᠨ ᠭᠠᠶᠢᠯᠢ ᠶᠢ 2248 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 90.94% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 277 ᠲᠦᠮᠡᠨ ᠲᠥᠭᠦᠷᠢᠭ ᠨᠡᠮᠡᠭᠳᠡᠵᠦ᠂ 14.05% ᠪᠠᠷ ᠨᠡᠮᠡᠭᠳᠡᠪᠡ︔ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠣᠷᠣᠯᠭ᠎ᠠ ᠶᠢ 41 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 33 ᠲᠦᠮᠡᠨ ᠲᠥᠭᠦᠷᠢᠭ ᠨᠡᠮᠡᠭᠳᠡᠨ᠂ 412.5% ᠪᠠᠷ ᠨᠡᠮᠡᠭᠳᠡᠪᠡ︔ ᠵᠠᠰᠠᠭ ᠵᠠᠬᠢᠷᠭᠠᠨ ᠤ ᠴᠢᠨᠠᠷᠲᠠᠢ ᠰᠦᠢᠳᠬᠡᠯ ᠬᠤᠷᠢᠶᠠᠭᠰᠠᠨ ᠣᠷᠣᠯᠭ᠎ᠠ ᠶᠢ 639 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 26.88% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 2440 ᠲᠦᠮᠡᠨ ᠲᠥᠭᠦᠷᠢᠭ ᠬᠠᠰᠤᠭᠳᠠᠵᠤ᠂ 79.25% ᠪᠠᠷ ᠪᠠᠭᠤᠷᠠᠪᠠ︔ ᠲᠣᠷᠭᠠᠵᠤ ᠬᠤᠷᠢᠶᠠᠭᠰᠠᠨ ᠣᠷᠣᠯᠭ᠎ᠠ ᠶᠢ 532 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 23.13% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 5232 ᠲᠦᠮᠡᠨ ᠲᠥᠭᠦᠷᠢᠭ ᠬᠠᠰᠤᠭᠳᠠᠵᠤ᠂ 90.77% ᠪᠠᠷ ᠪᠠᠭᠤᠷᠠᠪᠠ︔ ᠲᠤᠰᠬᠠᠢ ᠲᠥᠷᠥᠯ ᠤᠨ ᠣᠷᠣᠯᠭ᠎ᠠ ᠶᠢ 2555 ᠲᠦᠮᠡᠨ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠲᠣᠬᠢᠷᠠᠭᠤᠯᠤᠭᠰᠠᠨ ᠲᠥᠰᠥᠪ ᠤᠨ ᠣᠷᠣᠯᠭ᠎ᠠ ᠶᠢᠨ ᠡᠭᠦᠷᠭᠡ ᠶᠢᠨ 86.08% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 2853 ᠲᠦᠮᠡᠨ ᠲᠥᠭᠦᠷᠢᠭ ᠬᠠᠰᠤᠭᠳᠠᠵᠤ᠂ 53.76% ᠪᠠᠷ ᠪᠠᠭᠤᠷᠠᠪᠠ︔ ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠦᠷᠦᠩᠭᠡ︶ ᠢ ᠲᠥᠯᠥᠪᠦᠷᠢ ᠲᠠᠢ ᠬᠡᠷᠡᠭᠯᠡᠭᠰᠡᠨ ᠣᠷᠣᠯᠭ᠎ᠠ ᠶᠢ 1330 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 8782 ᠲᠦᠮᠡᠨ ᠲᠥᠭᠦᠷᠢᠭ ᠬᠠᠰᠤᠭᠳᠠᠨ᠂ 86.85% ᠪᠠᠷ ᠪᠠᠭᠤᠷᠠᠪᠠ᠃         ᠳᠡᠭᠡᠳᠦ ᠱᠠᠲᠤᠨ ᠤ ᠰᠢᠯᠵᠢᠭᠦᠯᠦᠨ ᠣᠯᠭᠤᠭᠰᠠᠨ ᠪᠡᠯᠡ ᠮᠥᠩᠭᠦ ᠶᠢ 221408 ᠲᠦᠮᠡᠨ ᠲᠥᠭᠦᠷᠢᠭ ᠣᠯᠵᠤ᠂ ᠳᠡᠭᠡᠷ᠎ᠡ ᠵᠢᠯ ᠤᠨ ᠬᠢ ᠠᠴᠠ 25594 ᠲᠦᠮᠡᠨ ᠲᠥᠭᠦᠷᠢᠭ ᠨᠡᠮᠡᠭᠳᠡᠨ᠂ 13.07% ᠪᠠᠷ ᠨᠡᠮᠡᠭᠳᠡᠪᠡ᠂ ᠡᠭᠦᠨ ᠳᠤ᠄ ᠪᠤᠴᠠᠭᠠᠵᠤ ᠥᠭᠭᠦᠭᠰᠡᠨ ᠴᠢᠨᠠᠷᠲᠠᠢ ᠣᠷᠣᠯᠭ᠎ᠠ 7046 ᠲᠦᠮᠡᠨ ᠲᠥᠭᠦᠷᠢᠭ᠂ ᠳᠡᠭᠡᠷ᠎ᠡ ᠵᠢᠯ ᠤᠨ  ᠬᠢ ᠠᠴᠠ 4238 ᠲᠦᠮᠡᠨ ᠲᠥᠭᠦᠷᠢᠭ ᠨᠡᠮᠡᠭᠳᠡᠨ᠂ 150.93% ᠪᠠᠷ ᠨᠡᠮᠡᠭᠳᠡᠪᠡ︔ ᠡᠩ ᠤᠨ ᠴᠢᠨᠠᠷᠲᠠᠢ ᠰᠢᠯᠵᠢᠭᠦᠯᠦᠨ ᠥᠭᠭᠦᠭᠰᠡᠨ ᠨᠢ 84024 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 9517 ᠲᠦᠮᠡᠨ ᠲᠥᠭᠦᠷᠢᠭ ᠨᠡᠮᠡᠭᠳᠡᠨ᠂ 12.77% ᠪᠠᠷ ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 24149 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 87506 ᠲᠦᠮᠡᠨ ᠲᠥᠭᠦᠷᠢᠭ ᠬᠠᠰᠤᠭᠳᠠᠵᠤ᠂ 78.37% ᠪᠠᠷ ᠪᠠᠭᠤᠷᠠᠪᠠ︔ ᠳᠡᠭᠡᠳᠦ ᠱᠠᠲᠤᠨ ᠤ ᠡᠩ ᠤᠨ ᠲᠤᠰᠬᠠᠢ ᠲᠥᠷᠥᠯ ᠤᠨ ᠪᠡᠯᠡ ᠮᠥᠩᠭᠦ 130338 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 13880 ᠲᠦᠮᠡᠨ ᠲᠥᠭᠦᠷᠢᠭ ᠨᠡᠮᠡᠭᠳᠡᠵᠦ᠂ 11.92% ᠢᠶᠠᠷ ᠨᠡᠮᠡᠭᠳᠡᠪᠡ︔ ᠳᠡᠭᠡᠷ᠎ᠡ ᠵᠢᠯ ᠤᠨ ᠲᠠᠰᠤᠯᠤᠨ ᠪᠣᠳᠣᠵᠤ ᠰᠢᠯᠵᠢᠭᠦᠯᠦᠭᠰᠡᠨ ᠪᠡᠯᠡ ᠮᠥᠩᠭᠦ 17725 ᠲᠦᠮᠡᠨ ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ 21084 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 16084 ᠲᠦᠮᠡᠨ ᠲᠥᠭᠦᠷᠢᠭ᠂ 321.68% ᠪᠠᠷ ᠨᠡᠮᠡᠭᠳᠡᠪᠡ᠃        2017 ᠣᠨ ᠳᠤ ᠡᠩ ᠤᠨ ᠣᠯᠠᠨ ᠨᠡᠶᠢᠲᠡ ᠶᠢᠨ ᠲᠥᠰᠥᠪ ᠤᠨ ᠡᠳ᠋ ᠤᠨ ᠬᠦᠴᠦᠨ 337966 ᠲᠦᠮᠡᠨ ᠲᠥᠭᠦᠷᠢᠭ᠂ ᠪᠡᠯᠡ ᠨᠡᠶᠢᠯᠡᠭᠦᠯᠦᠭᠰᠡᠨ ᠪᠡᠯᠡ ᠮᠥᠩᠭᠦ 271004 ᠲᠦᠮᠡᠨ ᠲᠥᠭᠦᠷᠢᠭ᠂ ᠪᠡᠯᠡ ᠮᠥᠩᠭᠦᠨ ᠤ ᠨᠡᠶᠢᠲᠡ ᠲᠤᠭ᠎ᠠ ᠨᠢ 608970 ᠲᠦᠮᠡᠨ ᠲᠥᠭᠦᠷᠢᠭ᠃        ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 608970 ᠲᠦᠮᠡᠨ ᠲᠥᠭᠦᠷᠢᠭ ᠪᠡᠶᠡᠯᠡᠭᠦᠯᠵᠦ᠂ ᠲᠣᠬᠢᠷᠠᠭᠤᠯᠤᠭᠰᠠᠨ ᠲᠥᠰᠥᠪ ᠤᠨ 103.7% ᠶᠢ ᠪᠡᠶᠡᠯᠡᠭᠦᠯᠵᠦ᠂ ᠲᠣᠬᠢᠷᠠᠭᠤᠯᠤᠭᠰᠠᠨ ᠲᠥᠰᠥᠪ ᠠᠴᠠ 21714 ᠲᠦᠮᠡᠨ ᠲᠥᠭᠦᠷᠢᠭ ᠨᠡᠮᠡᠭᠳᠡᠨ᠂ 3.7% ᠪᠠᠷ ᠨᠡᠮᠡᠭᠳᠡᠪᠡ᠂ ᠳᠡᠭᠡᠷ᠎ᠡ ᠵᠢᠯ ᠤᠨ ᠬᠢ ᠠᠴᠠ 228346 ᠲᠦᠮᠡᠨ ᠲᠥᠭᠦᠷᠢᠭ ᠨᠡᠮᠡᠭᠳᠡᠨ᠂ 59.99% ᠪᠠᠷ ᠨᠡᠮᠡᠭᠳᠡᠪᠡ᠂ ᠡᠭᠦᠨ ᠳᠤ᠄ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 28700 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 64.51% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 2924 ᠲᠦᠮᠡᠨ ᠲᠥᠭᠦᠷᠢᠭ ᠨᠡᠮᠡᠭᠳᠡᠨ᠂ 11.34% ᠪᠠᠷ ᠨᠡᠮᠡᠭᠳᠡᠪᠡ︔ ᠤᠯᠠᠨ ᠨᠡᠶᠢᠲᠡ ᠶᠢᠨ ᠠᠶᠤᠯᠭᠦᠢ ᠶᠢᠨ ᠵᠠᠷᠤᠯᠭ᠎ᠠ 9241 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 84.09% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 1473 ᠲᠦᠮᠡᠨ ᠲᠥᠭᠦᠷᠢᠭ ᠬᠠᠰᠤᠭᠳᠠᠵᠤ᠂ 13.75% ᠪᠠᠷ ᠪᠠᠭᠤᠷᠠᠪᠠ︔ ᠰᠤᠷᠭᠠᠨ ᠬᠥᠮᠥᠵᠢᠯ ᠤᠨ ᠵᠠᠷᠤᠯᠭ᠎ᠠ 43732 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 94.78% ᠶᠢ ᠪᠡᠶᠡᠯᠡᠭᠦᠯᠦᠨ᠂ ᠳᠡᠭᠡᠷ᠎ᠡ ᠵᠢᠯ ᠤᠨ  ᠬᠢ ᠠᠴᠠ 6569 ᠲᠦᠮᠡᠨ ᠲᠥᠭᠦᠷᠢᠭ ᠨᠡᠮᠡᠭᠳᠡᠵᠦ᠂ 17.68% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 276 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 43.21% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 211 ᠲᠦᠮᠡᠨ ᠲᠥᠭᠦᠷᠢᠭ ᠬᠠᠰᠤᠭᠳᠠᠵᠤ᠂ 43.33% ᠪᠠᠷ ᠪᠠᠭᠤᠷᠠᠪᠠ︔ ᠰᠣᠶᠣᠯ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 3207 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 147.72% ᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 983 ᠲᠦᠮᠡᠨ ᠲᠥᠭᠦᠷᠢᠭ ᠨᠡᠮᠡᠭᠳᠡᠵᠦ᠂ 44.2% ᠢᠶᠠᠷ ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠬᠢᠭᠡᠳ ᠠᠵᠢᠯ ᠣᠯᠭᠤᠯᠲᠠ ᠶᠢᠨ ᠵᠠᠷᠤᠯᠭ᠎ᠠ 49272 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 94.65% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 4335 ᠲᠦᠮᠡᠨ ᠲᠥᠭᠦᠷᠢᠭ ᠨᠡᠮᠡᠭᠳᠡᠵᠦ᠂ 9.65% ᠪᠠᠷ ᠨᠡᠮᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 33746 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 141.61% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 15463 ᠲᠦᠮᠡᠨ ᠲᠥᠭᠦᠷᠢᠭ ᠨᠡᠮᠡᠭᠳᠡᠵᠦ᠂ 84.58% ᠪᠠᠷ ᠨᠡᠮᠡᠭᠳᠡᠪᠡ︔ ᠡᠨᠧᠷᠭᠢ ᠠᠷᠪᠢᠯᠠᠨ ᠪᠣᠬᠢᠷᠲᠤᠯ ᠪᠠᠭᠠᠰᠬᠠᠬᠤ ᠵᠠᠷᠤᠯᠭ᠎ᠠ 20538 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 136.81% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 6757 ᠲᠦᠮᠡᠨ ᠲᠥᠭᠦᠷᠢᠭ ᠨᠡᠮᠡᠭᠳᠡᠵᠦ᠂ 49.03% ᠪᠠᠷ ᠨᠡᠮᠡᠭᠳᠡᠪᠡ︔ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 14512 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 61.31% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 3409 ᠲᠦᠮᠡᠨ ᠲᠥᠭᠦᠷᠢᠭ ᠨᠡᠮᠡᠭᠳᠡᠵᠦ᠂ 30.7% ᠪᠠᠷ ᠨᠡᠮᠡᠭᠳᠡᠪᠡ︔ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠶᠠᠪᠤᠳᠠᠯ ᠤᠨ ᠵᠠᠷᠤᠯᠭ᠎ᠠ 262116 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 455.05% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 202288 ᠨᠡᠮᠡᠭᠳᠡᠵᠦ᠂ 338.12% ᠢᠶᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 22012 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 189.17% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 14131 ᠲᠦᠮᠡᠨ ᠲᠥᠭᠦᠷᠢᠭ ᠨᠡᠮᠡᠭᠳᠡᠵᠦ᠂ 179.3% ᠪᠠᠷ ᠨᠡᠮᠡᠭᠳᠡᠪᠡ︔ ᠡᠬᠢ ᠪᠠᠶᠠᠯᠢᠭ ᠢ ᠬᠠᠶᠢᠨ ᠪᠠᠶᠢᠴᠠᠭᠠᠬᠤ ᠴᠢᠮᠡᠭᠡ ᠵᠠᠩᠭᠢ ᠵᠡᠷᠭᠡ ᠶᠠᠪᠤᠳᠠᠯ ᠤᠨ ᠵᠠᠷᠤᠯᠭ᠎ᠠ 1568 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 59.73% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 1268 ᠲᠦᠮᠡᠨ ᠲᠥᠭᠦᠷᠢᠭ ᠨᠡᠮᠡᠭᠳᠡᠨ ᠂ 422.67% ᠪᠠᠷ ᠨᠡᠮᠡᠭᠳᠡᠪᠡ︔ ᠬᠤᠳᠠᠯᠳᠤᠭᠠᠨ ᠤ ᠶᠠᠪᠤᠳᠠᠯ ᠦᠢᠯᠡᠴᠢᠯᠡᠭᠡᠨ ᠤ ᠦᠢᠯᠡᠰ ᠵᠡᠷᠭᠡ ᠶᠠᠪᠤᠳᠠᠯ ᠤᠨ ᠵᠠᠷᠤᠯᠭ᠎ᠠ 6558 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 98.32% ᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 4409 ᠲᠦᠮᠡᠨ ᠲᠥᠭᠦᠷᠢᠭ ᠨᠡᠮᠡᠭᠳᠡᠵᠦ᠂ 205.17% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠶᠠᠪᠤᠳᠠᠯ ᠤᠨ ᠵᠠᠷᠤᠯᠭ᠎ᠠ 19 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 9.69% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 19 ᠲᠦᠮᠡᠨ ᠲᠥᠭᠦᠷᠢᠭ ᠨᠡᠮᠡᠭᠳᠡᠪᠡ︔ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠴᠠᠭ ᠠᠭᠠᠷ ᠵᠡᠷᠭᠡ ᠶᠠᠪᠤᠳᠠᠯ ᠤᠨ ᠵᠠᠷᠤᠯᠭ᠎ᠠ 2386 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 87.34% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 718 ᠲᠦᠮᠡᠨ ᠲᠥᠭᠦᠷᠢᠭ ᠨᠡᠮᠡᠭᠳᠡᠵᠦ᠂ 43.05% ᠪᠠᠷ ᠨᠡᠮᠡᠭᠳᠡᠪᠡ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 24219 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 108.09% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 6712 ᠲᠦᠮᠡᠨ ᠲᠥᠭᠦᠷᠢᠭ ᠨᠡᠮᠡᠭᠳᠡᠨ᠂ 38.34% ᠪᠠᠷ ᠨᠡᠮᠡᠭᠳᠡᠪᠡ︔ ᠠᠮᠤ ᠲᠣᠰᠣ ᠡᠳ᠋ ᠪᠠᠷᠠᠭᠠᠨ ᠤ ᠬᠠᠮᠢᠶᠠᠷᠤᠯᠲᠠ ᠶᠢᠨ ᠶᠠᠪᠤᠳᠠᠯ ᠤᠨ ᠵᠠᠷᠤᠯᠭ᠎ᠠ 557 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 212.6% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 21 ᠲᠦᠮᠡᠨ ᠲᠥᠭᠦᠷᠢᠭ ᠨᠡᠮᠡᠭᠳᠡᠵᠦ᠂ 3.92% ᠢᠶᠠᠷ ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ  ᠨᠢ ᠪᠤᠴᠠᠭᠠᠵᠤ ᠬᠦᠦ ᠮᠥᠩᠭᠦ ᠶᠢ ᠨᠢ ᠲᠥᠯᠥᠭᠰᠡᠨ ᠵᠠᠷᠤᠯᠭ᠎ᠠ 7063 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 70.19% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 7063 ᠲᠦᠮᠡᠨ ᠲᠥᠭᠦᠷᠢᠭ ᠨᠡᠮᠡᠭᠳᠡᠪᠡ︔ ᠪᠤᠰᠤᠳ ᠵᠠᠷᠤᠯᠭ᠎ᠠ 2793 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 1.5% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 2487 ᠲᠦᠮᠡᠨ ᠲᠥᠭᠦᠷᠢᠭ ᠨᠡᠮᠡᠭᠳᠡᠵᠦ᠂ 812.75% ᠪᠠᠷ ᠨᠡᠮᠡᠭᠳᠡᠪᠡ᠃         ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠡᠬᠡ ᠮᠥᠩᠭᠦ ᠶᠢ ᠨᠢ ᠪᠤᠴᠠᠭᠠᠵᠤ ᠬᠦᠦ ᠮᠥᠩᠭᠦ ᠶᠢ ᠨᠢ ᠲᠥᠯᠥᠭᠰᠡᠨ ᠵᠠᠷᠤᠯᠭ᠎ᠠ 39994 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 75.09% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 35735 ᠲᠦᠮᠡᠨ ᠲᠥᠭᠦᠷᠢᠭ ᠨᠡᠮᠡᠭᠳᠡᠵᠦ᠂ 839.05% ᠪᠠᠷ ᠨᠡᠮᠡᠭᠳᠡᠪᠡ︔ ᠣᠷᠣᠯᠭ᠎ᠠ ᠠᠴᠠ ᠳᠡᠭᠡᠭᠰᠢ ᠲᠤᠰᠢᠶᠠᠭᠰᠠᠨ ᠵᠠᠷᠤᠯᠭ᠎ᠠ 20761 ᠲᠦᠮᠡᠨ ᠲᠥᠭᠦᠷᠢᠭ᠂ ᠲᠣᠬᠢᠷᠠᠭᠤᠯᠤᠭᠰᠠᠨ ᠲᠥᠰᠥᠪ ᠤᠨ 216.92% ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 6571 ᠲᠦᠮᠡᠨ ᠲᠥᠭᠦᠷᠢᠭ ᠨᠡᠮᠡᠭᠳᠡᠨ᠂ 46.31% ᠪᠠᠷ ᠨᠡᠮᠡᠭᠳᠡᠪᠡ︔ ᠡᠩ ᠤᠨ ᠥᠷᠢ ᠥᠭᠴᠡᠭᠡ ᠶᠢ ᠰᠣᠯᠢᠵᠤ ᠡᠬᠡ ᠮᠥᠩᠭᠦ ᠶᠢ  ᠨᠢ ᠪᠤᠴᠠᠭᠠᠭᠰᠠᠨ ᠵᠠᠷᠤᠯᠭ᠎ᠠ 15700 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 86806 ᠲᠦᠮᠡᠨ ᠲᠥᠭᠦᠷᠢᠭ ᠬᠠᠰᠤᠭᠳᠠᠨ᠂ 84.68% ᠪᠠᠷ ᠪᠠᠭᠤᠷᠠᠪᠠ᠃         ᠪᠦᠬᠦ ᠵᠢᠯ ᠤᠨ ᠣᠷᠣᠯᠭ᠎ᠠ ᠵᠠᠷᠤᠯᠭ᠎ᠠ ᠲᠡᠩᠴᠡᠭᠦᠷᠢᠲᠡᠢ᠂ ᠦᠯᠡᠳᠡᠪᠦᠷᠢ ᠦᠭᠡᠢ᠃         ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠢ ᠭᠦᠢᠴᠡᠳᠬᠡᠭᠰᠡᠨ ᠪᠠᠶᠢᠳᠠᠯ         ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ ᠶᠢ 23433 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 72.21% ᠶᠢ ᠪᠡᠶᠡᠯᠡᠭᠦᠯᠵᠦ᠂ ᠳᠡᠭᠡᠷ᠎ᠡ ᠵᠢᠯ ᠤᠨ  ᠬᠢ ᠠᠴᠠ 3929 ᠲᠦᠮᠡᠨ ᠲᠥᠭᠦᠷᠢᠭ ᠬᠠᠰᠤᠭᠳᠠᠨ᠂ 14.36% ᠪᠠᠷ ᠪᠠᠭᠤᠷᠠᠪᠠ᠂ ᠡᠭᠦᠨ ᠳᠤ᠄ ᠤᠯᠤᠰ ᠤᠨ ᠥᠮᠴᠢᠯᠡᠯᠲᠦ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ 16067 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 133.25% ᠶᠢ ᠪᠡᠶᠡᠯᠡᠭᠦᠯᠦᠨ᠂ ᠳᠡᠭᠡᠷ᠎ᠡ ᠵᠢᠯ ᠤᠨ  ᠬᠢ ᠠᠴᠠ 1484 ᠲᠦᠮᠡᠨ ᠲᠥᠭᠦᠷᠢᠭ ᠬᠠᠰᠤᠭᠳᠠᠵᠤ᠂ 8.46% ᠪᠠᠷ ᠪᠠᠭᠤᠷᠠᠪᠠ︔ ᠬᠤᠲᠠ ᠶᠢᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠰᠦᠢᠳᠬᠡᠯ ᠤᠨ ᠣᠷᠣᠯᠭ᠎ᠠ 464 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 58% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 203 ᠲᠦᠮᠡᠨ ᠲᠥᠭᠦᠷᠢᠭ ᠨᠡᠮᠡᠭᠳᠡᠨ᠂ 77.78% ᠪᠠᠷ ᠨᠡᠮᠡᠭᠳᠡᠪᠡ︔ ᠳᠡᠭᠡᠳᠦ ᠱᠠᠲᠤᠨ ᠤ ᠨᠦᠬᠦᠪᠦᠷᠢ ᠶᠢᠨ ᠣᠷᠣᠯᠭ᠎ᠠ 1349 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 53.96% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 789 ᠲᠦᠮᠡᠨ ᠲᠥᠭᠦᠷᠢᠭ ᠬᠠᠰᠤᠭᠳᠠᠵᠤ᠂ 36.9% ᠪᠠᠷ ᠪᠠᠭᠤᠷᠠᠪᠠ︔ ᠳᠡᠭᠡᠳᠦ ᠱᠠᠲᠤᠨ ᠤ ᠦᠯᠡᠳᠡᠪᠦᠷᠢ ᠶᠢᠨ ᠣᠷᠣᠯᠭ᠎ᠠ 4553 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 45.75% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 3503 ᠲᠦᠮᠡᠨ ᠲᠥᠭᠦᠷᠢᠭ ᠨᠡᠮᠡᠭᠳᠡᠨ᠂ 333.62% ᠢᠶᠠᠷ ᠨᠡᠮᠡᠭᠳᠡᠪᠡ︔ ᠠᠶᠢᠮᠠᠭ ᠬᠤᠲᠠ ᠶᠢᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠰᠡᠨ ᠣᠷᠣᠯᠭ᠎ᠠ 1000 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 20% ᠶᠢ ᠪᠡᠶᠡᠯᠡᠭᠦᠯᠵᠦ ᠂ ᠳᠡᠭᠡᠷ᠎ᠡ ᠵᠢᠯ ᠤᠨ ᠬᠢ ᠠᠴᠠ 4000 ᠲᠦᠮᠡᠨ ᠲᠥᠭᠦᠷᠢᠭ ᠬᠠᠰᠤᠭᠳᠠᠨ᠂ 80% ᠪᠠᠷ ᠪᠠᠭᠤᠷᠠᠪᠠ᠃         ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠶᠢ 22342 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 81.38% ᠶᠢ ᠪᠡᠶᠡᠯᠡᠭᠦᠯᠦᠨ᠂ ᠳᠡᠭᠡᠷ᠎ᠡ ᠵᠢᠯ ᠤᠨ  ᠬᠢ ᠠᠴᠠ 467 ᠲᠦᠮᠡᠨ ᠲᠥᠭᠦᠷᠢᠭ ᠬᠠᠰᠤᠭᠳᠠᠵᠤ᠂ 2.05% ᠪᠠᠷ ᠪᠠᠭᠤᠷᠠᠪᠠ᠂ ᠡᠭᠦᠨ ᠳᠤ᠄ ᠰᠣᠶᠣᠯ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 60 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 100% ᠶᠢ ᠪᠡᠶᠡᠯᠡᠭᠦᠯᠵᠦ᠂ ᠳᠡᠭᠡᠷ᠎ᠡ ᠵᠢᠯ ᠤᠨ ᠲᠤᠭ᠎ᠠ ᠲᠠᠢ ᠠᠳᠠᠯᠢ︔ ᠨᠡᠶᠢᠭᠡᠮ ᠤᠨ ᠪᠠᠲᠤᠯᠠᠭ᠎ᠠ ᠬᠢᠭᠡᠳ ᠠᠵᠢᠯ ᠣᠯᠭᠤᠯᠲᠠ ᠶᠢᠨ ᠵᠠᠷᠤᠯᠭ᠎ᠠ 157 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 36.94% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 212 ᠲᠦᠮᠡᠨ ᠲᠥᠭᠦᠷᠢᠭ ᠬᠠᠰᠤᠭᠳᠠᠨ᠂ 57.45% ᠪᠠᠷ ᠪᠠᠭᠤᠷᠠᠪᠠ︔ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 100 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 11.76% ᠶᠢ ᠪᠡᠶᠡᠯᠡᠭᠦᠯᠵᠦ᠂ ᠳᠡᠭᠡᠷ᠎ᠡ ᠵᠢᠯ ᠤᠨ  ᠬᠢ ᠠᠴᠠ 100 ᠲᠦᠮᠡᠨ ᠲᠥᠭᠦᠷᠢᠭ ᠨᠡᠮᠡᠭᠳᠡᠪᠡ︔ ᠬᠤᠳᠠᠯᠳᠤᠭᠠᠨ ᠤ ᠦᠢᠯᠡᠰ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 121 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 121 ᠲᠦᠮᠡᠨ ᠲᠥᠭᠦᠷᠢᠭ ᠨᠡᠮᠡᠭᠳᠡᠪᠡ︔ ᠪᠤᠰᠤᠳ ᠵᠠᠷᠤᠯᠭ᠎ᠠ 783 ᠲᠦᠮᠡᠨ ᠲᠥᠭᠦᠷᠢᠭ᠂ ᠵᠢᠯ ᠤᠨ ᠡᠬᠢᠨ ᠤ ᠲᠥᠰᠥᠪ ᠤᠨ ᠵᠠᠷᠤᠯᠭ᠎ᠠ ᠶᠢᠨ 94% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 120 ᠲᠦᠮᠡᠨ ᠲᠥᠭᠦᠷᠢᠭ ᠬᠠᠰᠤᠭᠳᠠᠵᠤ᠂ 13.29% ᠪᠠᠷ ᠪᠠᠭᠤᠷᠠᠪᠠ︔ ᠳᠡᠭᠡᠭᠰᠢ ᠲᠤᠰᠢᠶᠠᠭᠰᠠᠨ ᠳᠡᠭᠡᠳᠦ ᠱᠠᠲᠤᠨ ᠤ ᠵᠠᠷᠤᠯᠭ᠎ᠠ 37 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 30 ᠲᠦᠮᠡᠨ ᠲᠥᠭᠦᠷᠢᠭ ᠨᠡᠮᠡᠭᠳᠡᠵᠦ᠂ 428.57% ᠪᠠᠷ ᠨᠡᠮᠡᠭᠳᠡᠪᠡ︔ ᠲᠣᠬᠢᠷᠠᠭᠤᠯᠵᠤ ᠭᠠᠷᠭᠠᠭᠰᠠᠨ ᠪᠡᠯᠡ ᠮᠥᠩᠭᠦ ᠶᠢᠨ ᠵᠠᠷᠤᠯᠭ᠎ᠠ 21084 ᠲᠦᠮᠡᠨ ᠲᠥᠭᠦᠷᠢᠭ᠂ ᠳᠡᠭᠡᠷ᠎ᠡ ᠵᠢᠯ ᠤᠨ  ᠬᠢ ᠠᠴᠠ 16084 ᠲᠦᠮᠡᠨ ᠲᠥᠭᠦᠷᠢᠭ ᠨᠡᠮᠡᠭᠳᠡᠵᠦ᠂ 321.68% ᠪᠠᠷ ᠨᠡᠮᠡᠭᠳᠡᠪᠡ᠃         ᠪᠡᠯᠡ ᠮᠥᠩᠭᠦᠨ ᠤ ᠦᠯᠡᠳᠡᠪᠦᠷᠢ 1091 ᠲᠦᠮᠡᠨ ᠲᠥᠭᠦᠷᠢᠭ᠃         ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠢ ᠭᠦᠢᠴᠡᠳᠬᠡᠭᠰᠡᠨ ᠪᠠᠶᠢᠳᠠᠯ         ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠤᠨ ᠣᠷᠣᠯᠭ᠎ᠠ ᠶᠢ 62497 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 15913 ᠲᠦᠮᠡᠨ ᠲᠥᠭᠦᠷᠢᠭ ᠬᠠᠰᠤᠭᠳᠠᠵᠤ᠂ 20.29% ᠪᠠᠷ ᠪᠠᠭᠤᠷᠠᠪᠠ᠂ ᠡᠭᠦᠨ ᠳᠤ᠄ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠷᠣᠯᠭ᠎ᠠ ᠶᠢ 6656 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 1524 ᠲᠦᠮᠡᠨ ᠲᠥᠭᠦᠷᠢᠭ ᠨᠡᠮᠡᠭᠳᠡᠨ᠂ 29.7% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 11935 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 809 ᠲᠦᠮᠡᠨ ᠲᠥᠭᠦᠷᠢᠭ ᠬᠠᠰᠤᠭᠳᠠᠨ᠂ 6.35% ᠪᠠᠷ ᠪᠠᠭᠤᠷᠠᠪᠠ︔ ᠬᠥᠩᠭᠡᠵᠢᠬᠦ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 307 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 144 ᠲᠦᠮᠡᠨ ᠲᠥᠭᠦᠷᠢᠭ ᠬᠠᠰᠤᠭᠳᠠᠨ᠂ 31.93% ᠪᠠᠷ ᠪᠠᠭᠤᠷᠠᠪᠠ︔ ᠠᠵᠢᠯᠲᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 6066 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 5338 ᠲᠦᠮᠡᠨ ᠲᠥᠭᠦᠷᠢᠭ ᠬᠠᠰᠤᠭᠳᠠᠨ᠂ 46.81% ᠪᠠᠷ ᠪᠠᠭᠤᠷᠠᠪᠠ︔ ᠠᠵᠤ ᠠᠬᠤᠶᠢᠯᠠᠯ ᠤᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦᠨ ᠤ ᠣᠷᠣᠯᠭ᠎ᠠ ᠶᠢ 36468 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠲᠥᠰᠥᠪ ᠠᠴᠠ 36468 ᠲᠦᠮᠡᠨ ᠲᠥᠭᠦᠷᠢᠭ ᠨᠡᠮᠡᠭᠳᠡᠪᠡ︔ ᠠᠵᠢᠯ ᠤᠨ ᠭᠡᠮᠲᠦᠯ ᠤᠨ ᠳᠠᠭᠠᠳᠬᠠᠯ ᠤᠨ ᠮᠥᠩᠭᠦ ᠶᠢᠨ ᠣᠷᠣᠯᠭ᠎ᠠ ᠶᠢ 1065 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 1065 ᠲᠦᠮᠡᠨ ᠲᠥᠭᠦᠷᠢᠭ ᠨᠡᠮᠡᠭᠳᠡᠪᠡ᠃         ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 59180 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 9907 ᠲᠦᠮᠡᠨ ᠲᠥᠭᠦᠷᠢᠭ ᠬᠠᠰᠤᠭᠳᠠᠨ᠂ 14.34% ᠪᠠᠷ ᠪᠠᠭᠤᠷᠠᠪᠠ᠂ ᠡᠭᠦᠨ ᠳᠤ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 5032 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 1192 ᠲᠦᠮᠡᠨ ᠲᠥᠭᠦᠷᠢᠭ ᠨᠡᠮᠡᠭᠳᠡᠨ᠂31.04% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 11317 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 76 ᠲᠦᠮᠡᠨ ᠲᠥᠭᠦᠷᠢᠭ ᠬᠠᠰᠤᠭᠳᠠᠨ᠂ 0.67% ᠪᠠᠷ ᠪᠠᠭᠤᠷᠠᠪᠠ︔ ᠬᠥᠩᠭᠡᠵᠢᠬᠦ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 621 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 191 ᠲᠦᠮᠡᠨ ᠲᠥᠭᠦᠷᠢᠭ ᠨᠡᠮᠡᠭᠳᠡᠨ᠂ 44.42% ᠢᠶᠠᠷ ᠨᠡᠮᠡᠭᠳᠡᠪᠡ︔ ᠠᠵᠢᠯᠲᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 8773 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 1521 ᠲᠦᠮᠡᠨ ᠲᠥᠭᠦᠷᠢᠭ ᠨᠡᠮᠡᠭᠳᠡᠨ᠂ 20.97% ᠪᠠᠷ ᠨᠡᠮᠡᠭᠳᠡᠪᠡ︔ ᠠᠵᠤ ᠠᠬᠤᠶᠢᠯᠠᠯ ᠤᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦᠨ ᠤ ᠵᠠᠷᠤᠯᠭ᠎ᠠ ᠶᠢ 31447 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 31447 ᠲᠦᠮᠡᠨ ᠲᠥᠭᠦᠷᠢᠭ ᠨᠡᠮᠡᠭᠳᠡᠪᠡ︔ ᠠᠵᠢᠯ ᠤᠨ ᠭᠡᠮᠲᠦᠯ ᠤᠨ ᠳᠠᠭᠠᠳᠬᠠᠯ ᠤᠨ ᠮᠥᠩᠭᠦ ᠶᠢᠨ ᠵᠠᠷᠤᠯᠭ᠎ᠠ ᠶᠢ 1990 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠠᠴᠠ 1990 ᠲᠦᠮᠡᠨ ᠲᠥᠭᠦᠷᠢᠭ ᠨᠡᠮᠡᠭᠳᠡᠪᠡ᠃         ᠵᠢᠯ ᠤᠨ ᠰᠡᠭᠦᠯᠴᠢ ᠶᠢᠨ ᠦᠯᠡᠳᠡᠪᠦᠷᠢ 3317 ᠲᠦᠮᠡᠨ ᠲᠥᠭᠦᠷᠢᠭ᠂ ᠨᠡᠶᠢᠲᠡ ᠦᠯᠡᠳᠡᠪᠦᠷᠢ 30899 ᠲᠦᠮᠡᠨ ᠲᠥᠭᠦᠷᠢᠭ᠃         ︵ᠳᠥᠷᠪᠡ︶ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠥᠪ ᠢ ᠭᠦᠢᠴᠡᠳᠬᠡᠭᠰᠡᠨ ᠪᠠᠶᠢᠳᠠᠯ         ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠦᠭᠰᠡᠨ ᠦᠭᠡᠢ᠂ ᠳᠡᠭᠡᠷ᠎ᠡ ᠵᠢᠯ ᠤᠨ ᠬᠢ ᠠᠴᠠ 2293 ᠲᠦᠮᠡᠨ ᠲᠥᠭᠦᠷᠢᠭ ᠬᠠᠰᠤᠭᠳᠠᠵᠤ᠂ 100% ᠪᠠᠷ ᠳᠣᠷᠣᠭᠰᠢᠯᠠᠪᠠ ︵ᠵᠢᠭᠤᠯᠴᠢᠯᠠᠯ ᠤᠨ ᠺᠣᠮᠫᠠᠨᠢ ᠵᠡᠷᠭᠡ ᠨᠢᠭᠡᠴᠡ ᠨᠢ 2017 ᠣᠨ ᠤ ᠵᠢᠯ ᠤᠨ ᠰᠡᠭᠦᠯᠴᠢ ᠳᠤ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢ ᠲᠤᠰᠢᠶᠠᠬᠤ ᠦᠶᠡᠰ ᠵᠤᠭᠤᠰ ᠲᠤᠰᠢᠶᠠᠬᠤ ᠬᠠᠭᠤᠳᠠᠰᠤ ᠶᠢ ᠪᠤᠷᠤᠭᠤ ᠲᠠᠭᠯᠠᠭᠰᠠᠨ ᠠᠴᠠ ᠪᠣᠯᠵᠤ ᠪᠠᠩᠬᠢ ᠠᠴᠠ ᠪᠤᠴᠠᠭᠠᠨ ᠥᠭᠴᠦ᠂ ᠬᠤᠯᠪᠣᠭᠳᠠᠯ ᠪᠦᠬᠦᠢ ᠣᠷᠣᠯᠭ᠎ᠠ ᠶᠢ 2017 ᠣᠨ ᠤ ᠤᠯᠤᠰ ᠤᠨ ᠰᠠᠩ ᠳᠤ ᠲᠤᠰᠢᠶᠠᠵᠤ ᠲᠡᠶᠢᠯᠦᠭᠰᠡᠨ ᠦᠭᠡᠢ᠂ 2018 ᠣᠨ ᠤ  ᠬᠢ ᠳᠤ ᠰᠢᠯᠵᠢᠭᠦᠯᠦᠨ ᠲᠠᠰᠤᠯᠤᠨ ᠪᠤᠳᠤᠵᠤ ᠲᠤᠰᠢᠶᠠᠬᠤ ᠪᠠᠷ ᠪᠣᠯᠪᠠ︶᠂ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠵᠠᠷᠤᠯᠭ᠎ᠠ ᠶᠢ 60 ᠲᠦᠮᠡᠨ ᠲᠥᠭᠦᠷᠢᠭ ᠪᠡᠶᠡᠯᠡᠭᠦᠯᠵᠦ᠂ ᠰᠢᠯᠵᠢᠭᠦᠯᠦᠨ ᠭᠠᠷᠭᠠᠭᠰᠠᠨ ᠵᠠᠷᠤᠯᠭ᠎ᠠ ᠪᠠᠶᠢᠬᠤ ᠦᠭᠡᠢ᠂ ᠳᠡᠭᠡᠷ᠎ᠡ ᠵᠢᠯ ᠤᠨ ᠬᠢ ᠠᠴᠠ 2233 ᠲᠦᠮᠡᠨ ᠲᠥᠭᠦᠷᠢᠭ ᠬᠠᠰᠤᠭᠳᠠᠵᠤ᠂ 96.39% ᠪᠠᠷ ᠪᠠᠭᠤᠷᠠᠪᠠ᠃         ︵ᠲᠠᠪᠤ︶ ᠵᠠᠰᠠᠭ ᠤᠨ ᠣᠷᠳᠣᠨ ᠤ ᠴᠢᠨᠠᠷᠲᠠᠢ ᠥᠷᠢ ᠶᠢᠨ ᠪᠠᠶᠢᠳᠠᠯ         2017 ᠣᠨ ᠤ ᠵᠢᠯ ᠤᠨ ᠰᠡᠭᠦᠯᠴᠢ ᠪᠣᠯᠲᠠᠯ᠎ᠠ᠂ ᠪᠦᠬᠦ ᠬᠦᠷᠢᠶ᠎ᠡ ᠬᠡᠪᠴᠢᠶᠡᠨ ᠤ ᠥᠷᠢ ᠨᠡᠶᠢᠲᠡ 778075 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 297672.39 ᠲᠦᠮᠡᠨ ᠲᠥᠭᠦᠷᠢᠭ ᠨᠡᠮᠡᠭᠳᠡᠵᠦ ᠂ 61.96% ᠪᠠᠷ ᠨᠡᠮᠡᠭᠳᠡᠪᠡ᠂ ᠡᠭᠦᠨ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠶᠢᠨ ᠰᠢᠰᠲ᠋ᠧᠮ ᠤᠨ ᠬᠢᠵᠠᠭᠠᠷᠯᠠᠯ ᠲᠣᠭᠠᠨ ᠳᠣᠲᠣᠷᠠᠬᠢ ᠵᠠᠰᠠᠭ ᠤᠨ ᠣᠷᠳᠣᠨ ᠤ ᠥᠷᠢ ᠨᠢ 237000 ᠲᠦᠮᠡᠨ ᠲᠥᠭᠦᠷᠢᠭ᠂ ᠰᠢᠰᠲ᠋ᠧᠮ ᠤᠨ ᠭᠠᠳᠠᠨᠠᠬᠢ ᠥᠷᠢ ᠨᠢ 541075 ᠲᠦᠮᠡᠨ ᠲᠥᠭᠦᠷᠢᠭ᠃         ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠤᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 24149 ᠲᠦᠮᠡᠨ ᠲᠥᠭᠦᠷᠢᠭ᠂ ᠭᠤᠣᠯᠳᠠᠭᠤ ᠥᠩᠭᠡᠷᠡᠭᠰᠡᠨ ᠵᠢᠯ ᠤᠳ ᠲᠤ ᠬᠠᠳᠠᠭᠠᠯᠠᠭᠳᠠᠵᠤ ᠪᠠᠶᠢᠭᠰᠠᠨ ᠵᠠᠰᠠᠭ ᠤᠨ ᠣᠷᠳᠣᠨ ᠤ ᠴᠢᠨᠠᠷᠲᠠᠢ ᠥᠷᠢ ᠶᠢ ᠰᠣᠯᠢᠬᠤ ᠳᠤ ᠬᠡᠷᠡᠭᠯᠡᠪᠡ᠃         ᠬᠤᠲᠠ ᠶᠢᠨ ᠳᠡᠰ ᠪᠠ ᠬᠤᠰᠢᠭᠤᠨ ᠳᠡᠰ ᠤᠨ ᠪᠡᠯᠡ ᠨᠡᠶᠢᠯᠡᠭᠦᠯᠬᠦ ᠲᠠᠪᠴᠠᠩ ᠢᠶᠠᠷ ᠳᠠᠮᠵᠢᠭᠤᠯᠤᠨ ᠵᠢᠭᠡᠯᠡᠭᠰᠡᠨ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠮᠥᠩᠭᠦ 273523.39 ᠲᠦᠮᠡᠨ ᠲᠥᠭᠦᠷᠢᠭ᠂ ᠭᠤᠣᠯᠳᠠᠭᠤ ᠠᠷᠪᠠ ᠶᠢ ᠪᠦᠷᠬᠦᠭᠦᠯᠬᠦ ᠢᠨᠵᠧᠨᠧᠷᠢᠩ᠂ ᠪᠠᠶᠢᠰᠢᠩ ᠭᠡᠷ ᠤᠨ ᠲᠣᠭᠤᠷᠢᠭ ᠢ ᠦᠭᠡᠷᠡᠴᠢᠯᠡᠨ ᠵᠠᠰᠠᠬᠤ᠂ ᠪᠢᠷᠠᠭᠤ ᠪᠠᠯᠭᠠᠰᠤ ᠶᠢᠨ ᠵᠠᠮ ᠢ ᠵᠠᠰᠠᠵᠤ ᠥᠭᠡᠷᠡᠴᠢᠯᠡᠬᠦ ᠵᠡᠷᠭᠡ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号