ᠬᠡᠰᠢᠭᠳᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2018 ᠣᠨ ᠤ ᠨᠢᠭᠲᠠᠯᠠᠨ ᠪᠣᠳᠣᠭᠴᠢ  ᠶᠢᠨ ᠲᠣᠰᠬᠠᠢ ᠮᠡᠷᠭᠡᠵᠢᠯ ᠤᠨ ᠲᠣᠮᠲᠠ ᠲᠡᠰ ᠤᠨ ᠬᠢᠷᠢ ᠬᠡᠮ ᠤᠨ ᠰᠢᠯᠭᠠᠯᠲᠠ ᠶᠢᠨ ᠠᠬᠤᠢ ᠲᠠᠯᠠᠪᠠᠢ ᠳᠤ ᠬᠢᠨᠠᠨ ᠬᠠᠷᠭᠤᠭᠤᠯᠬᠤ ᠬᠠᠮᠢᠶ᠎ᠠ ᠪᠦᠬᠦᠢ ᠱᠠᠭᠠᠷᠳᠠᠯᠭ᠎ᠠ
ᠨᠡᠶᠢᠲᠡᠯᠡᠭᠰᠡᠨ ᠴᠠᠭ᠄
2018/3/19
       ᠨᠢᠭᠡ᠂ ᠠᠬᠤᠢ ᠲᠠᠯᠠᠪᠠᠢ ᠳᠤ ᠬᠢᠨᠠᠨ ᠬᠠᠷᠭᠤᠭᠤᠯᠬᠤ ᠠᠵᠢᠯ ᠤᠨ ᠴᠠᠭ ᠵᠢᠴᠢ ᠭᠠᠵᠠᠷ        2018 ᠣᠨ ᠤ 3 ᠰᠠᠷ᠎ᠠ ᠶᠢᠨ 20 ᠤ ᠡᠳᠦᠷ ——3 ᠰᠠᠷ᠎ᠠ ᠶᠢᠨ 30 ᠤ ᠡᠳᠦᠷ᠂ ᠬᠡᠰᠢᠭᠳᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 506 ᠭᠡᠷ        ᠬᠤᠶᠠᠷ᠂  ᠬᠠᠮᠢᠶ᠎ᠠ ᠪᠦᠬᠦᠢ ᠱᠠᠭᠠᠷᠳᠠᠯᠭ᠎ᠠ         ︵ᠨᠢᠭᠡ︶᠂ ᠨᠠᠷ᠎ᠠ ᠮᠡᠳᠡᠭᠦᠯᠬᠦ ᠬᠢᠷᠢ ᠬᠡᠮ ᠤᠨ ᠬᠢᠨᠠᠨ ᠬᠠᠷᠭᠤᠭᠤᠯᠣᠯᠲᠠ᠄ ᠰᠦᠯᠵᠢᠶᠡᠨ ᠲᠡᠭᠡᠷ᠎ᠡ ᠨᠡᠷ᠎ᠡ ᠮᠡᠳᠡᠭᠦᠯᠦᠭᠰᠡᠨ ᠴᠢᠮᠡᠭᠡ ᠵᠠᠩᠬᠢ ᠶᠢᠨ ᠬᠦᠰᠦᠨᠦᠭᠲᠦ ︵ᠪᠠᠶᠢᠭᠤᠯᠣᠯᠭ᠎ᠠ ᠨᠢᠭᠡᠴᠡ ᠶᠢᠨ ᠲᠠᠮᠠᠭ᠎ᠠ ᠲᠠᠷᠣᠨ᠎ᠠ︶᠂ ᠰᠦᠯᠵᠢᠶᠡᠨ ᠲᠡᠭᠡᠷ᠎ᠡ ᠬᠡᠷᠡᠭᠯᠡᠭᠰᠡᠨ ᠰᠡᠭᠦᠳᠡᠷ ᠲᠠᠢ ᠠᠳᠠᠯᠢᠬᠠᠨ ᠨᠢᠭᠡ ᠬᠠᠪᠢ ᠰᠡᠭᠦᠳᠡᠷ ︵ᠰᠡᠭᠦᠳᠡᠷ ᠤᠨ ᠢᠶᠠᠨ ᠠᠷᠣ ᠲᠠᠯ᠎ᠠ ᠳᠤ ︿ᠬᠡᠰᠢᠭᠳᠡᠨ ᠬᠤᠰᠢᠭᠤ + ᠬᠤᠪᠢ ᠬᠦᠮᠦᠨ ᠤ ᠨᠡᠷ᠎ᠡ﹀︶᠂ ᠪᠠᠶ᠎ᠠ ᠶᠢᠨ ᠦᠨᠡᠮᠯᠡᠯ᠂  ᠲᠡᠭᠡᠳᠦ ᠵᠡᠷᠭᠡ  ᠶᠢᠨ ᠲᠣᠰᠬᠠᠢ ᠮᠡᠷᠭᠡᠵᠢᠯ ᠠᠴᠠ ᠲᠡᠭᠡᠭᠰᠢᠬᠢ ᠰᠣᠷᠣᠯᠭ᠎ᠠ ᠶᠢᠨ ᠨᠠᠮᠳᠠᠷ ᠤᠨ ᠦᠨᠡᠮᠯᠡᠯ ᠢᠶᠠᠨ  ᠠᠪᠴᠦ ᠨᠠᠷ᠎ᠠ ᠮᠡᠳᠡᠭᠦᠯᠬᠦ ᠠᠬᠤᠢ ᠲᠠᠯᠠᠪᠠᠢ ᠳᠤ ᠬᠦᠷᠴᠦ ᠬᠢᠷᠢ ᠬᠡᠮ ᠤᠨ ᠬᠢᠨᠡᠨ ᠬᠠᠷᠭᠤᠭᠤᠯᠣᠯᠲᠠ ᠬᠢᠨ᠎ᠡ︔ ᠣᠯᠠᠭᠠᠨᠬᠠᠳᠠ ᠶᠢᠨ ᠪᠣᠰᠣ ᠡᠷᠦᠬᠡ ᠠᠮᠠ ᠲᠠᠢ ᠬᠦᠮᠦᠰ ᠣᠯᠠᠭᠠᠨᠬᠠᠳᠠ ᠳᠤ ᠬᠠᠷᠢᠶᠠᠯᠠᠭᠳᠠᠬᠤ ᠭᠠᠵᠠᠷ ᠣᠷᠣᠨ ᠤ ᠬᠦᠮᠦᠨ ᠤ ᠬᠦᠴᠦᠨ ᠬᠢᠭᠡᠳ ᠨᠡᠶᠢᠬᠡᠮ ᠤᠨ ᠪᠠᠳᠣᠯᠠᠭ᠎ᠠ ᠶᠢᠨ ᠰᠠᠯᠠᠭ᠎ᠠ ᠮᠦᠴᠢᠷ ᠯᠤᠭ᠎ᠠ ᠲᠣᠭᠳᠠᠭᠰᠠᠨ ᠬᠦᠳᠡᠯᠮᠦᠷᠢ ᠶᠢᠨ ᠭᠡᠷ᠎ᠡ ᠶᠢᠨ ᠣᠭ ᠡᠬᠡ ᠶᠢ ᠬᠠᠩᠭᠠᠬᠤ ᠬᠡᠷᠡᠭᠳᠡᠢ᠃         ︵ᠬᠤᠶᠠᠷ︶᠂ ᠰᠡᠭᠦᠳᠡᠷ᠄ ᠰᠦᠯᠵᠢᠶᠡᠨ ᠳᠤ ᠨᠡᠷ᠎ᠡ ᠮᠡᠳᠡᠭᠦᠯᠦᠭᠰᠡᠨ ᠴᠢᠮᠡᠭᠡ ᠵᠠᠩᠭᠢ ᠶᠢᠨ ᠬᠦᠰᠦᠨᠦᠭᠲᠦ ᠪᠡ ᠨᠡᠷ᠎ᠡ ᠮᠡᠳᠡᠭᠦᠯᠬᠦ ᠦᠶ᠎ᠡ ᠶᠢᠨ ᠪᠣᠳᠠᠳᠣ ᠰᠡᠭᠦᠳᠡᠷ ᠨᠢ ᠵᠠᠪᠠᠯ ᠨᠢᠭᠡᠳᠦᠯᠳᠡᠢ ᠪᠠᠶᠢᠬᠤ ᠬᠡᠷᠡᠭᠳᠡᠢ᠂ ᠲᠠᠷᠣᠢ ᠪᠠᠷᠢᠮᠵᠢᠶᠠᠲᠦ ᠨᠢᠭᠡ ᠢᠮᠠᠬᠤ ᠶᠢᠨ ᠦᠨᠡᠮᠯᠡᠯ ᠳᠤ ᠬᠡᠷᠡᠭᠯᠡᠬᠦ  ᠴᠣᠯᠣ ᠴᠠᠭᠠᠨ ᠲᠠᠪᠢᠰᠬᠡᠷᠲᠦ  ᠂ JPG ᠬᠡᠯᠪᠡᠷᠢ ᠶᠢᠨ 25mm×35mm᠂ ᠲᠣᠳᠣᠷᠠᠴᠠ ᠨᠢ 295px×413px  ᠪᠤᠯᠬᠤ ᠰᠡᠭᠦᠳᠡᠷ᠃         ᠭᠤᠷᠪᠠ᠂ ᠠᠩᠬᠠᠷᠬᠤ ᠵᠦᠢᠯ         ︵ᠨᠢᠭᠡ︶ ᠲᠣᠰ ᠣᠳᠠᠭᠠᠨ ᠤ ᠨᠡᠷ᠎ᠡ ᠮᠡᠳᠡᠭᠦᠯᠬᠦ᠂ ᠰᠢᠯᠭᠠᠯᠲᠠ ᠶᠢᠨ ᠰᠦᠢᠳᠬᠡᠯ᠂ ᠰᠣᠷᠬᠤ ᠮᠠᠲ᠋ᠧᠷᠢᠶᠠᠯ  ᠤᠨ ᠰᠦᠢᠳᠬᠡᠯ ᠢ ᠪᠦᠬᠦᠨ ᠢ ᠰᠦᠯᠵᠢᠶᠡᠨ ᠲᠡᠭᠡᠷ᠎ᠡ ᠲᠣᠰᠢᠶᠠᠨ᠎ᠠ︔         ︵ᠬᠤᠶᠠᠷ︶ ᠰᠢᠯᠭᠠᠭᠰᠠᠳ ᠡᠷᠬᠡᠪᠰᠢ ᠲᠣᠭᠳᠠᠭᠰᠠᠨ ᠬᠤᠭᠤᠴᠠᠭᠠᠨ ᠳᠤ ᠰᠦᠢᠳᠬᠡᠯ ᠢᠶᠠᠨ ᠲᠣᠰᠢᠶᠠᠬᠤ ᠬᠡᠷᠡᠭᠳᠡᠢ᠂ ᠲᠣᠭᠳᠠᠭᠰᠠᠨ ᠬᠤᠭᠤᠴᠠᠭᠠᠨ ᠳᠤ ᠲᠣᠰᠢᠶᠠᠬᠤ ᠦᠭᠡᠢ ᠪᠤᠯ ᠨᠡᠷ᠎ᠡ ᠮᠡᠳᠡᠭᠦᠯᠵᠦ ᠲᠡᠶᠢᠯᠬᠦ ᠦᠭᠡᠢ︔         ︵ᠭᠤᠷᠪᠠ︶ ᠰᠢᠯᠭᠠᠭᠰᠠᠳ 2018 ᠣᠨ ᠤ 9 ᠰᠠᠷ᠎ᠠ ᠶᠢᠨ 1 ᠤ ᠡᠳᠦᠷ—— 9 ᠤ ᠡᠳᠦᠷ ᠪᠣᠯᠳᠠᠯ᠎ᠠ ᠰᠢᠯᠭᠠᠭᠤᠯᠬᠤ ᠶᠢ ᠵᠦᠪᠰᠢᠶᠡᠷᠡᠬᠦ ᠦᠨᠡᠮᠯᠡᠯ ᠢᠶᠠᠨ ᠦᠪᠡᠰᠦᠪᠡᠨ ᠲᠠᠷᠣᠮᠠᠯᠯᠠᠵᠤ ᠠᠪᠤᠨ᠎ᠠ︔         ︵ᠲᠦᠷᠪᠡ︶  ᠰᠢᠯᠭᠠᠭᠰᠠᠳ ᠤᠨ ᠦᠯᠡᠳᠡᠭᠡᠭᠰᠡᠨ ᠬᠠᠷᠢᠯᠴᠠᠬᠤ ᠣᠳᠠᠰᠣ ᠴᠢᠨᠢ ᠬᠤᠪᠢᠷᠠᠯᠲᠠ ᠲᠠᠢ ᠪᠤᠯ ᠴᠠᠭ ᠲᠣᠬᠠᠢ ᠳᠤ ᠨᠢ ᠮᠠᠨ ᠤ ᠲᠣᠪᠴᠢᠶᠠᠨ ᠳᠤ ᠬᠦᠷᠴᠦ ᠲᠠᠩᠰᠠᠯᠠᠨ ᠮᠡᠳᠡᠬᠦᠯᠬᠦ ᠬᠡᠷᠡᠭᠳᠡᠢ᠂ ᠮᠡᠳᠡᠭᠦᠯᠬᠦ ᠦᠭᠡᠢ ᠪᠠᠶᠢᠭᠠᠳ ᠬᠠᠷᠢᠯᠴᠠᠵᠤ ᠲᠡᠶᠢᠯᠬᠦ ᠠᠴᠠ ᠪᠤᠯᠤᠭᠰᠠᠨ ᠦᠷ᠎ᠡ ᠳ᠋ᠦᠩ ᠢ ᠰᠢᠯᠭᠠᠭᠰᠠᠳ ᠦᠪᠡᠰᠦᠪᠡᠨ ᠬᠠᠷᠢᠭᠤᠴᠠᠨ᠎ᠠ  ᠃                        ᠬᠡᠰᠢᠭᠳᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ                        2018 ᠣᠨ ᠤ 3 ᠰᠠᠷ᠎ᠠ ᠶᠢᠨ 10 ᠤ ᠡᠳᠦᠷ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号