2018 ᠣᠨ ᠤ ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠨᠢᠭᠡ︶
ᠨᠡᠶᠢᠲᠡᠯᠡᠭᠰᠡᠨ ᠴᠠᠭ᠄
2018/3/21
                 —2018 ᠣᠨ ᠤ 2 ᠰᠠᠷ᠎ᠠ ᠶᠢᠨ 27 ᠤ ᠡᠳᠦᠷ ᠬᠡᠰᠢᠭᠲᠡᠨ ᠬᠤᠰᠢᠭᠤᠨ ᠤ                      ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ                      ᠶᠡᠭᠡ  ᠬᠤᠷᠠᠯ  ᠤᠨ  ᠬᠤᠶᠠᠳᠤᠭᠠᠷ  ᠤᠳᠠᠭᠠᠨ   ᠤ   ᠬᠤᠷᠠᠯ   ᠳᠡᠭᠡᠷ᠎ᠡ                 ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ   ᠯᠢᠦ ᠵᠢᠩ ᠺᠦᠢᠲᠥᠯᠥᠭᠡᠯᠡᠭᠴᠢᠳ ᠡ᠄       ᠣᠳᠣ᠂ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠲᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       2017 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠶᠡᠷᠦᠩᠬᠡᠢ ᠱᠠᠭᠠᠷᠳᠠᠯᠭ᠎ᠠ ᠪᠣᠯᠭᠠᠬᠤ᠂ ︽ᠬᠠᠤᠯᠢ ᠴᠠᠭᠠᠵᠠ ᠶᠢᠨ ᠬᠡᠷᠡᠭ ᠪᠦᠷᠢ ᠠᠴᠠ ᠠᠷᠠᠳ ᠤᠯᠠᠨ ᠳᠤ ᠲᠥᠪ ᠭᠤᠣᠯᠴᠢ ᠡᠷᠬᠡ ᠲᠡᠭᠰᠢ ᠶᠢ ᠮᠡᠳᠡᠷᠡᠭᠦᠯᠬᠦ︾ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠪᠠᠷ ᠬᠡᠷᠡᠭᠵᠢᠭᠦᠯᠵᠦ᠂ ᠡᠯ᠎ᠡ ᠲᠠᠯ᠎ᠠ ᠶᠢᠨ ᠠᠵᠢᠯ ᠳᠤ ᠪᠠᠨ ᠰᠢᠨ᠎ᠡ ᠠᠬᠢᠯᠲᠠ ᠲᠠᠢ ᠪᠣᠯᠣᠭᠰᠠᠨ ᠪᠠᠶᠢᠨ᠎ᠠ᠃ ᠪᠦᠬᠦ ᠵᠢᠯ ᠳᠤ ᠡᠯ᠎ᠡ ᠲᠥᠷᠥᠯ ᠤᠨ ᠬᠡᠷᠡᠭ ᠢ 11291 ᠵᠦᠢᠯ ᠬᠦᠯᠢᠶᠡᠨ ᠠᠪᠴᠤ ᠰᠢᠢᠳᠪᠦᠷᠢᠯᠡᠵᠦ᠂ 9986 ᠵᠦᠢᠯ ᠢ ᠰᠢᠭᠦᠨ ᠭᠦᠢᠴᠡᠳᠬᠡᠨ ᠳᠠᠭᠤᠰᠬᠠᠵᠤ᠂ 2016 ᠣᠨ ᠤ 10032 ᠬᠡᠷᠡᠭ ᠢ ᠬᠦᠯᠢᠶᠡᠨ ᠠᠪᠴᠤ᠂ 8962 ᠬᠡᠷᠡᠭ ᠢ ᠳᠠᠭᠤᠰᠬᠠᠭᠰᠠᠨ  ᠲᠠᠢ ᠬᠠᠷᠢᠴᠠᠭᠤᠯᠪᠠᠯ᠂ ᠲᠤᠰᠪᠦᠷᠢ 12.53% ᠪᠠ 11.47% ᠪᠠᠷ ᠳᠡᠭᠡᠭᠰᠢᠯᠡᠵᠦ᠂ ᠬᠡᠷᠡᠭ ᠢ ᠳᠠᠭᠤᠰᠬᠠᠭᠰᠠᠨ ᠨᠣᠷᠮ᠎ᠠ ᠨᠢ 88.44% ᠬᠦᠷᠪᠡ᠃ ᠡᠭᠦᠨ ᠳᠤ ᠵᠠᠷᠭᠤ ᠶᠢᠨ ᠬᠡᠷᠡᠭ ᠢ 6678 ᠵᠦᠢᠯ ᠬᠦᠯᠢᠶᠡᠨ ᠠᠪᠴᠤ ᠰᠢᠢᠳᠪᠦᠷᠢᠯᠡᠵᠦ᠂ 5934 ᠵᠦᠢᠯ ᠢ ᠰᠢᠭᠦᠨ ᠳᠠᠭᠤᠰᠬᠠᠵᠤ᠂ ᠬᠡᠷᠡᠭ ᠢ ᠳᠠᠭᠤᠰᠬᠠᠭᠰᠠᠨ ᠨᠤᠷᠮ᠎ᠠ ᠨᠢ 88.85% ᠬᠦᠷᠪᠡ︔ 4613 ᠬᠡᠷᠡᠭ ᠢ ᠬᠦᠯᠢᠶᠡᠨ ᠠᠪᠴᠤ ᠰᠢᠢᠳᠪᠦᠷᠢᠯᠡᠨ ᠭᠦᠢᠴᠡᠳᠬᠡᠵᠦ᠂ 4052 ᠬᠡᠷᠡᠭ ᠢ ᠭᠦᠢᠴᠡᠳᠬᠡᠨ ᠳᠠᠭᠤᠰᠬᠠᠵᠤ᠂ ᠭᠦᠢᠴᠡᠳᠬᠡᠨ ᠳᠠᠭᠤᠰᠬᠠᠭᠰᠠᠨ ᠨᠤᠷᠮ᠎ᠠ ᠨᠢ 87.84% ᠬᠦᠷᠪᠡ᠃       ᠨᠢᠭᠡ᠂ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠳᠤ ᠪᠦᠬᠦ ᠬᠦᠴᠦᠨ ᠢᠶᠠᠷ ᠦᠢᠯᠡᠴᠢᠯᠡᠵᠦ᠂ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠬᠠᠤᠯᠢ ᠶᠣᠰᠣ ᠪᠠᠷ ᠬᠡᠷᠡᠭᠵᠢᠭᠦᠯᠪᠡ       ᠡᠷᠡᠭᠦᠦ ᠶᠢᠨ ᠶᠠᠯᠠᠲᠤ ᠬᠡᠷᠡᠭ ᠲᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠪᠠ ᠃ ᠰᠢᠨᠵᠢᠯᠡᠬᠦ ᠤᠬᠠᠭᠠᠨᠴᠢ ᠡᠷᠡᠭᠦᠦ ᠶᠢᠨ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠴᠢᠯᠠᠬᠤ ᠪᠠ ᠴᠢᠩᠭ᠎ᠠ ᠰᠢᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠪᠦᠬᠦ ᠵᠢᠯ ᠳᠤ ᠡᠯ᠎ᠡ ᠲᠥᠷᠥᠯ ᠤᠨ ᠡᠷᠡᠭᠦᠦ ᠶᠢᠨ ᠬᠡᠷᠡᠭ  149 ᠵᠦᠢᠯ 190 ᠬᠥᠮᠥᠨ ᠢ ᠰᠢᠭᠦᠨ ᠳᠠᠭᠤᠰᠬᠠᠭᠰᠠᠨ ᠪᠠᠶᠢᠨ᠎ᠠ᠃ ᠠᠷᠠᠳ ᠣᠯᠠᠨ ᠤ ᠠᠮᠤᠷ ᠲᠦᠪᠰᠢᠨ ᠲᠥᠷᠥᠭᠳᠡᠯ ᠢ ᠨᠥᠯᠥᠭᠡᠯᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠡᠭᠡᠷᠡᠮᠳᠡᠭᠰᠡᠨ᠂ ᠬᠦᠴᠦᠷᠬᠡᠭᠯᠡᠭᠰᠡᠨ᠂ ᠠᠶᠤᠯᠲᠠᠢ ᠪᠠᠷ ᠲᠡᠷᠭᠡ ᠵᠢᠯᠣᠭᠤᠳᠤᠭᠰᠠᠨ ᠵᠡᠷᠭᠡ ᠶᠠᠯᠠᠲᠤ ᠬᠡᠷᠡᠭ 40 ᠬᠡᠷᠡᠭ 40 ᠬᠥᠮᠥᠨ ᠢ ᠰᠢᠭᠦᠨ ᠳᠠᠭᠤᠰᠬᠠᠵᠤ᠂ ᠡᠭᠦᠨ ᠳᠤ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠨᠡᠯᠢᠶᠡᠳ ᠥᠨᠳᠥᠷ ᠪᠠᠶᠢᠭ᠎ᠠ ᠠᠶᠤᠯᠲᠠᠢ ᠪᠠᠷ ᠲᠡᠷᠭᠡ ᠵᠢᠯᠣᠭᠤᠳᠬᠤ ᠵᠡᠷᠭᠡ ᠶᠠᠯᠠᠲᠤ ᠠᠵᠢᠯᠯᠠᠭ᠎ᠠ ᠳᠤ᠂ ᠵᠠᠷᠴᠢᠮ ᠳᠡᠭᠡᠷ᠎ᠡ ᠪᠠᠨ ᠴᠥᠮ ᠪᠣᠳᠠᠲᠤ ᠡᠷᠡᠭᠦᠦ ᠰᠢᠢᠳᠬᠡᠯ ᠥᠭᠴᠦ᠂ ᠬᠦᠴᠦᠷᠬᠡᠭ ᠶᠡᠭᠡ ᠰᠦᠷᠳᠡᠭᠦᠯᠬᠦ ᠬᠦᠴᠦᠨ ᠢ ᠪᠦᠷᠢᠯᠳᠦᠭᠦᠯᠦᠭᠰᠡᠨ ᠪᠠᠶᠢᠨ᠎ᠠ᠃ ᠲᠠᠷᠢᠶᠠᠯᠠᠩ ᠤᠨ ᠮᠠᠲ᠋ᠧᠷᠢᠶᠠᠯ ᠤᠨ ᠨᠥᠬᠦᠪᠦᠷᠢ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠨᠥᠬᠦᠪᠦᠷᠢ ᠶᠢ ᠱᠠᠮᠰᠢᠭᠰᠠᠨ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠱᠠᠮᠰᠢᠨ ᠬᠠᠭ᠋ᠤᠤᠯᠢᠳᠠᠭᠰᠠᠨ ᠶᠠᠯᠠᠲᠤ ᠬᠡᠷᠡᠭ 5 ᠬᠡᠷᠡᠭ 22 ᠬᠥᠮᠥᠨ ᠢ ᠰᠢᠭᠦᠨ ᠳᠠᠭᠤᠰᠬᠠᠵᠤ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠳᠤ ᠡᠷᠡᠰ ᠴᠢᠩᠭ᠎ᠠ ᠰᠢᠢᠳᠬᠡᠯ ᠥᠭᠭᠦᠭᠰᠡᠨ ᠪᠠᠶᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠠᠩᠨᠠᠭᠰᠠᠨ᠂ ᠬᠠᠤᠯᠢ ᠪᠤᠰᠤ ᠪᠠᠷ ᠮᠣᠳᠣ ᠣᠭᠲᠣᠯᠣᠭᠰᠠᠨ᠂ ᠬᠠᠤᠯᠢ ᠪᠤᠰᠤ ᠪᠠᠷ ᠲᠠᠷᠢᠶᠠᠯᠠᠩ ᠤᠨ ᠬᠡᠷᠡᠭᠯᠡᠭᠡᠨ ᠤ ᠭᠠᠵᠠᠷ ᠢ ᠡᠵᠡᠯᠡᠭᠰᠡᠨ ᠵᠡᠷᠭᠡ ᠶᠠᠯᠠᠲᠤ ᠬᠡᠷᠡᠭ 5 ᠬᠡᠷᠡᠭ 5 ᠬᠥᠮᠥᠨ ᠢ ᠰᠢᠭᠦᠨ ᠳᠠᠭᠤᠰᠬᠠᠵᠤ᠂ ᠠᠮᠢ ᠠᠬᠤᠢ ᠰᠠᠶᠢᠵᠢᠷᠠᠭᠰᠠᠨ ᠬᠡᠰᠢᠭᠲᠡᠨ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠭᠰᠠᠨ ᠪᠠᠶᠢᠨ᠎ᠠ᠃ ᠡᠭᠦᠨ ᠤ ᠬᠠᠮᠲᠤ᠂ ᠪᠡᠶᠡᠴᠢ ᠬᠥᠨᠥᠭᠡᠯᠲᠦ ᠴᠢᠨᠠᠷ ᠨᠢ ᠨᠡᠯᠢᠶᠡᠳ ᠪᠠᠭ᠎ᠠ᠂ ᠶᠠᠯ᠎ᠠ ᠬᠢᠭᠰᠡᠨ ᠦᠢᠯᠡ ᠪᠠᠶᠢᠳᠠᠯ ᠨᠢ ᠨᠡᠯᠢᠶᠡᠳ ᠬᠥᠩᠭᠡᠨ ᠪᠣᠯ᠂ ᠬᠠᠤᠯᠢ ᠶᠣᠰᠣ ᠪᠠᠷ ᠬᠥᠩᠭᠡᠨ ᠢᠶᠠᠷ ᠰᠢᠢᠳᠬᠡᠨ᠂ ᠬᠥᠩᠭᠡᠷᠡᠭᠦᠯᠦᠨ ᠰᠢᠢᠳᠬᠡᠵᠦ᠂ ᠪᠦᠬᠦ ᠵᠢᠯ ᠳᠤ ᠶᠠᠯ᠎ᠠ ᠶᠢᠨ ᠪᠠᠶᠢᠳᠠᠯ ᠨᠢ ᠨᠡᠯᠢᠶᠡᠳ ᠬᠥᠩᠭᠡᠨ 43 ᠨᠡᠷ᠎ᠡ ᠵᠠᠭᠠᠯᠳᠤᠭᠳᠠᠭᠴᠢ ᠳᠤ ᠡᠷᠡᠭᠦᠦ ᠰᠢᠢᠳᠬᠡᠯ ᠢ ᠬᠤᠶᠢᠰᠢᠯᠠᠭᠤᠯᠬᠤ᠂ ᠵᠠᠬᠢᠷᠤᠨ ᠬᠠᠮᠢᠶᠠᠷᠬᠤ ᠵᠡᠷᠭᠡ ᠥᠯᠥ ᠬᠤᠷᠢᠬᠤ ᠰᠢᠢᠳᠬᠡᠯ ᠢ ᠬᠡᠷᠡᠭᠯᠡᠭᠰᠡᠨ ᠪᠠᠶᠢᠨ᠎ᠠ᠃ ᠣᠨᠴᠠᠭᠠᠢ ᠬᠥᠮᠥᠰ ᠢ ᠬᠠᠪᠰᠤᠷᠤᠨ ᠬᠥᠮᠥᠵᠢᠭᠦᠯᠬᠦ ᠬᠠᠮᠢᠶᠠᠷᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢᠨ ᠬᠠᠮᠲᠤ᠂ ᠰᠢᠭᠦᠨ ᠲᠠᠰᠤᠯᠤᠯᠲᠠ ᠶᠢᠨ ᠠᠵᠢᠯᠯᠠᠭᠠᠨ ᠢᠶᠠᠷ ᠳᠠᠮᠵᠢᠭᠤᠯᠤᠨ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠴᠣᠭᠴᠠᠯᠠᠭᠰᠠᠨ ᠪᠠᠶᠢᠨ᠎ᠠ᠃       ᠢᠷᠭᠡᠨ ᠤ ᠬᠤᠳᠠᠯᠳᠤᠭᠠᠨ ᠤ ᠬᠡᠷᠡᠭ ᠤᠨ ᠵᠢᠭᠤᠷᠠᠭᠠᠨ ᠢ ᠵᠣᠬᠢᠰᠲᠠᠢ ᠰᠢᠭᠦᠨ ᠰᠢᠢᠳᠪᠦᠷᠢᠯᠡᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ᠃ ᠢᠷᠭᠡᠨ ᠤ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠤᠯᠲᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠲᠠᠰᠤᠯᠤᠨ ᠲᠣᠭᠲᠠᠭᠠᠬᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠭᠰᠠᠨ ᠪᠠᠶᠢᠨ᠎ᠠ᠃ ᠪᠦᠬᠦ ᠵᠢᠯ ᠳᠤ ᠢᠷᠭᠡᠨ ᠤ ᠬᠤᠳᠠᠯᠳᠤᠭᠠᠨ ᠤ ᠬᠡᠷᠡᠭ ᠢ 5639 ᠵᠦᠢᠯ ᠰᠢᠭᠦᠨ ᠳᠠᠭᠤᠰᠬᠠᠵᠤ᠂ ᠵᠠᠷᠭᠤ ᠶᠢᠨ ᠬᠠᠷᠠᠯᠲᠠ ᠪᠣᠳᠠᠰ ᠤᠨ ᠵᠣᠭᠤᠰ ᠤᠨ ᠲᠤᠭ᠎ᠠ ᠨᠢ 8.27 ᠳ᠋ᠦᠩᠰᠢᠭᠤᠷ ᠲᠥᠭᠦᠷᠢᠭ ᠬᠦᠷᠪᠡ᠃ ᠠᠵᠤ ᠠᠬᠤᠢ ᠶᠢᠨ ᠬᠠᠷᠢᠴᠠᠭ᠎ᠠ ᠶᠢ ᠬᠠᠤᠯᠢ ᠶᠣᠰᠣ ᠪᠠᠷ ᠲᠣᠬᠢᠷᠠᠭᠤᠯᠵᠤ᠂ ᠮᠥᠩᠭᠦᠨ ᠭᠦᠢᠯᠭᠡᠭᠡ ᠶᠢᠨ ᠵᠢᠭᠡᠯᠡᠯᠭᠡ᠂ ᠠᠷᠠᠯᠵᠢᠶ᠎ᠠ᠂ ᠳᠠᠭᠠᠳᠬᠠᠯ ᠵᠡᠷᠭᠡ ᠭᠡᠷ᠎ᠡ ᠶᠢᠨ ᠵᠢᠭᠤᠷᠠᠭᠠᠨ ᠤ ᠬᠡᠷᠡᠭ ᠢ 1865 ᠵᠦᠢᠯ ᠰᠢᠭᠦᠨ ᠳᠠᠭᠤᠰᠬᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠭᠰᠠᠨ ᠪᠠᠶᠢᠨ᠎ᠠ᠃ ᠠᠷᠠᠳ ᠤᠨ ᠳᠤᠮᠳᠠᠬᠢ ᠪᠡᠯᠡ ᠨᠡᠶᠢᠯᠡᠭᠦᠯᠬᠦ ᠠᠵᠢᠯᠯᠠᠭ᠎ᠠ ᠶᠢ ᠳᠦᠷᠢᠮᠵᠢᠭᠦᠯᠬᠦ ᠪᠠ ᠤᠳᠤᠷᠢᠳᠤᠨ ᠳᠠᠭᠠᠭᠤᠯᠵᠤ᠂ ᠠᠷᠠᠳ ᠤᠨ ᠳᠤᠮᠳᠠᠬᠢ ᠵᠢᠭᠡᠯᠡᠯᠭᠡ ᠶᠢᠨ ᠵᠢᠭᠤᠷᠠᠭᠠᠨ ᠤ ᠬᠡᠷᠡᠭ ᠢ 2099 ᠵᠦᠢᠯ ᠰᠢᠭᠦᠨ ᠳᠠᠭᠤᠰᠬᠠᠵᠤ᠂ ᠠᠷᠠᠳ ᠤᠨ ᠳᠤᠮᠳᠠᠬᠢ ᠵᠢᠭᠡᠯᠡᠯᠭᠡ ᠶᠢ ᠳᠦᠷᠢᠮᠵᠢᠭᠦᠯᠬᠦ ᠶᠢ ᠠᠬᠢᠭᠤᠯᠤᠭᠰᠠᠨ ᠪᠠᠶᠢᠨ᠎ᠠ᠃ ︽ᠭᠤᠷᠪᠠᠨ ᠲᠠᠷᠢᠶᠠᠯᠠᠬᠤ ᠭᠤᠷᠪᠠᠨ ᠮᠠᠯᠵᠢᠬᠤ ᠳᠤ ᠦᠢᠯᠡᠴᠢᠯᠡᠬᠦ︾ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᡁᠢ ᠿᠦᠢ ᠪᠠᠯᠭᠠᠰᠤ ᠶᠢᠨ 40 ᠭᠠᠷᠤᠢ ᠡᠷᠦᠬᠡ ᠶᠢᠨ ᠠᠷᠠᠳ ᠪᠣᠯᠣᠨ ᠰᠢᠤᠸᠠᠢ ᠴᠤᠸᠠᠨ ᠺᠣᠮᠫᠠᠨᠢ ᠶᠢᠨ ᠬᠥᠳᠡᠭᠡ ᠲᠤᠰᠬᠤᠨ ᠤ ᠭᠠᠵᠠᠷ ᠰᠢᠷᠣᠢ ᠶᠢᠨ ᠡᠷᠬᠡ ᠶᠢᠨ ᠳᠠᠭᠠᠭᠠᠴᠢᠯᠠᠯᠲᠠ ᠰᠢᠯᠵᠢᠯᠲᠡ ᠶᠢᠨ ᠭᠡᠷ᠎ᠡ ᠶᠢᠨ ᠵᠢᠭᠤᠷᠠᠭᠠᠨ ᠤ ᠬᠡᠷᠡᠭ ᠢᠶᠠᠷ ᠵᠢᠱᠢᠶᠡᠯᠡᠪᠡᠯ᠂ ᠮᠠᠯᠴᠢᠨ ᠲᠠᠷᠢᠶᠠᠴᠢᠳ ᠤᠨ ᠠᠮᠢᠳᠤᠷᠠᠯ ᠦᠢᠯᠡᠳᠪᠦᠷᠢᠯᠡᠯ ᠯᠦᠭᠡ ᠨᠢᠭᠲᠠ ᠬᠤᠯᠪᠣᠭᠳᠠᠯ ᠪᠦᠬᠦᠢ ᠵᠥᠷᠢᠴᠡᠯ ᠵᠢᠭᠤᠷᠠᠭᠠᠨ ᠢ ᠴᠠᠭ ᠲᠤᠬᠠᠢ ᠳᠤ ᠨᠢ ᠰᠢᠢᠳᠪᠦᠷᠢᠯᠡᠵᠦ᠂ ᠲᠣᠭᠲᠠᠭᠤᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠪᠠᠶᠢᠨ᠎ᠠ᠃       ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠬᠠᠤᠯᠢ ᠴᠠᠭᠠᠵᠠ ᠶᠢᠨ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠡᠷᠡᠭ ᠢ 39 ᠵᠦᠢᠯ ᠰᠢᠭᠦᠨ ᠳᠠᠭᠤᠰᠬᠠᠵᠤ᠂ ᠡᠷᠬᠡᠲᠦ ᠠᠷᠠᠳ ᠤᠨ ᠵᠠᠰᠠᠭ ᠵᠠᠬᠢᠷᠭᠠᠨ ᠤ ᠵᠠᠷᠭᠤ ᠶᠢᠨ ᠡᠷᠬᠡ ᠶᠢ ᠬᠠᠮᠠᠭᠠᠯᠠᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣ ᠪᠠᠷ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠳᠤ ᠬᠢᠨᠠᠯᠲᠠ ᠲᠠᠯᠪᠢᠨ ᠳᠡᠮᠵᠢᠯᠭᠡ ᠦᠵᠡᠭᠦᠯᠦᠭᠰᠡᠨ ᠪᠠᠶᠢᠨ᠎ᠠ᠃ ᠵᠠᠷᠭᠤ ᠶᠢᠨ ᠪᠤᠰᠤ ᠵᠠᠰᠠᠭ ᠵᠠᠬᠢᠷᠭᠠᠨ ᠤ ᠭᠦᠢᠴᠡᠳᠬᠡᠬᠦ ᠠᠵᠢᠯ ᠢ ᠴᠢᠩᠭᠠᠳᠬᠠᠵᠤ᠂ ᠵᠠᠷᠭᠤ ᠶᠢᠨ ᠪᠤᠰᠤ ᠵᠠᠰᠠᠭ ᠵᠠᠬᠢᠷᠭᠠᠨ ᠤ ᠭᠦᠢᠴᠡᠳᠬᠡᠬᠦ ᠬᠡᠷᠡᠭ ᠢ 47 ᠵᠦᠢᠯ ᠬᠢᠨᠠᠨ ᠪᠠᠶᠢᠴᠠᠭᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠢ ᠠᠬᠢᠭᠤᠯᠵᠤ᠂ ᠪᠦᠬᠦ ᠵᠢᠯ ᠳᠤ ᠵᠠᠰᠠᠭ ᠵᠠᠬᠢᠷᠭᠠᠨ ᠤ ᠳᠠᠷᠤᠭ᠎ᠠ 3 ᠤᠳᠠᠭ᠎ᠠ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠪᠠᠶᠢᠨ᠎ᠠ᠃ ᠵᠠᠷᠭᠤ ᠶᠢᠨ ᠬᠡᠷᠡᠭ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠯᠦᠭᠡ 7 ᠤᠳᠠᠭ᠎ᠠ ᠰᠠᠭᠤᠳᠠᠯ ᠤᠨ ᠬᠤᠷᠠᠯ ᠢᠶᠠᠷ ᠶᠠᠷᠢᠯᠴᠠᠵᠤ᠂ ᠬᠠᠤᠯᠢ ᠴᠠᠭᠠᠵᠠ ᠪᠣᠯᠣᠨ ᠵᠠᠰᠠᠭ ᠵᠠᠬᠢᠷᠭᠠᠨ ᠤ ᠰᠠᠶᠢᠨ ᠦᠢᠯᠡᠳᠦᠯᠴᠡᠯ ᠢ ᠠᠬᠢᠭᠤᠯᠤᠭᠰᠠᠨ ᠪᠠᠶᠢᠨ᠎ᠠ᠃       ᠬᠤᠶᠠᠷ᠂ ᠠᠷᠠᠳ ᠤᠨ ᠲᠥᠯᠥᠭᠡ ᠬᠠᠤᠯᠢ ᠪᠠᠷᠢᠬᠤ ᠶᠡᠷᠦᠩᠬᠡᠢ ᠵᠠᠷᠴᠢᠮ ᠢ ᠪᠠᠷᠢᠮᠲᠠᠯᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠴᠢᠷᠮᠠᠶᠢᠨ ᠬᠠᠩᠭᠠᠪᠠ       ᠵᠠᠷᠭᠤ ᠶᠢᠨ ᠦᠢᠯᠡᠴᠢᠯᠡᠭᠡ ᠶᠢᠨ ᠵᠣᠬᠢᠮᠵᠢ ᠶᠢ ᠪᠦᠷᠢᠨᠰᠢᠭᠦᠯᠪᠡ᠃ ᠵᠠᠷᠭᠤ ᠶᠢᠨ ᠦᠢᠯᠡᠴᠢᠯᠡᠭᠡ ᠶᠢᠨ ᠲᠢᠩᠬᠢᠮ᠂ ᠵᠠᠷᠭᠤ ᠶᠢᠨ ᠦᠢᠯᠡᠴᠢᠯᠡᠭᠡ ᠶᠢᠨ ᠰᠦᠯᠵᠢᠶ᠎ᠡ᠂ 12368 ᠵᠠᠷᠭᠤ ᠶᠢᠨ ᠦᠢᠯᠡᠴᠢᠯᠡᠭᠡ ᠶᠢᠨ ᠰᠢᠭᠤᠳ ᠤᠲᠠᠰᠤ ︽ᠭᠤᠷᠪᠠ ᠶᠢ ᠨᠢᠭᠡ ᠴᠣᠭᠴᠠᠵᠢᠭᠤᠯᠬᠤ︾ ᠵᠠᠷᠭᠤ ᠶᠢᠨ ᠦᠢᠯᠡᠴᠢᠯᠡᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠷᠭᠤ ᠶᠢᠨ ᠦᠢᠯᠡᠴᠢᠯᠡᠭᠡ ᠶᠢᠨ ᠡᠭᠦᠷᠭᠡ ᠴᠢᠳᠠᠪᠤᠷᠢ ᠶᠢ ᠨᠢᠭᠡᠳᠬᠡᠵᠦ᠂ ᠵᠠᠷᠭᠤ ᠶᠢᠨ ᠦᠢᠯᠡᠴᠢᠯᠡᠭᠡ ᠶᠢᠨ ᠴᠣᠩᠬᠤ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠬᠠᠢ ᠶᠢᠨ ᠬᠥᠮᠥᠨ ᠳᠤ ︽ᠨᠢᠭᠡ ᠥᠷᠲᠡᠭᠡ ᠬᠡᠯᠪᠡᠷᠢ︾ ᠶᠢᠨ ᠵᠠᠷᠭᠤ ᠶᠢᠨ ᠦᠢᠯᠡᠴᠢᠯᠡᠭᠡ ᠶᠢ ᠬᠠᠩᠭᠠᠭᠰᠠᠨ ᠪᠠᠶᠢᠨ᠎ᠠ᠃ ᠪᠦᠬᠦ ᠵᠢᠯ ᠳᠤ ᠲᠤᠬᠠᠢ ᠶᠢᠨ ᠬᠥᠮᠥᠨ ᠢ 15000 ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ ᠨᠥᠬᠦᠴᠡᠯ ᠳᠤ ᠨᠡᠶᠢᠴᠡᠬᠦ 10077 ᠬᠡᠷᠡᠭ ᠢ ᠲᠤᠬᠠᠢ ᠶᠢᠨ ᠲᠠᠯᠠᠪᠠᠢ ᠳᠤ ᠨᠢ ᠬᠡᠷᠡᠭ ᠪᠣᠯᠭᠠᠨ ᠳᠠᠩᠰᠠᠯᠠᠭᠰᠠᠨ ᠪᠠᠶᠢᠨ᠎ᠠ᠃       ᠲᠣᠭᠤᠷᠢᠨ ᠰᠢᠭᠦᠬᠦ ᠠᠵᠢᠯ ᠢ ᠴᠢᠩᠭᠠᠳᠬᠠᠪᠠ᠃ ᠲᠣᠭᠤᠷᠢᠨ ᠰᠢᠭᠦᠬᠦ ᠠᠵᠢᠯ ᠤᠨ ᠰᠦᠯᠵᠢᠶ᠎ᠡ ᠶᠢ ᠲᠡᠭᠦᠯᠳᠡᠷᠵᠢᠭᠦᠯᠵᠦ᠂ ᠪᠦᠬᠦ ᠵᠢᠯ ᠳᠤ 3954 ᠬᠡᠷᠡᠭ ᠢ ᠲᠣᠭᠤᠷᠢᠨ ᠰᠢᠭᠦᠨ ᠰᠢᠢᠳᠪᠦᠷᠢᠯᠡᠵᠦ᠂ ᠵᠥᠷᠢᠴᠡᠯ ᠵᠢᠭᠤᠷᠠᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠲᠤᠰ ᠭᠠᠵᠠᠷ ᠲᠤ ᠨᠢ ᠨᠠᠮᠳᠠᠭᠤᠯᠤᠭᠰᠠᠨ ᠪᠠᠶᠢᠨ᠎ᠠ᠃ ᠮᠠᠨ ᠤ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠪᠠᠳᠠᠷᠠᠨ ᠬᠥᠭᠵᠢᠭᠰᠡᠨ ᠣᠳᠣᠬᠢ ᠪᠠᠶᠢᠳᠠᠯ ᠳᠤ ᠴᠢᠭᠯᠡᠭᠦᠯᠵᠦ᠂ ᠤᠯᠠᠭᠠᠨᠪᠤᠲᠤᠩ᠂ ᠳᠠᠯᠠᠢ ᠨᠠᠭᠤᠷ᠂ ᠭᠠᠯᠳᠠᠰᠤᠲᠠᠢ ᠷᠠᠰᠢᠶᠠᠨ ᠭᠤᠷᠪᠠᠨ ᠭᠤᠣᠯ ᠰᠢᠭᠦᠬᠦ ᠲᠢᠩᠬᠢᠮ ᠳᠤ ᠲᠦᠰᠢᠭᠯᠡᠵᠦ᠂ ᠲᠣᠭᠤᠷᠢᠨ ᠰᠢᠭᠦᠬᠦ ᠲᠡᠷᠭᠡ ᠶᠢ ᠠᠰᠢᠭᠯᠠᠵᠤ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠡᠯ᠎ᠡ ᠶᠡᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠤᠷᠢᠨ ᠬᠡᠷᠡᠭ ᠰᠢᠢᠳᠪᠦᠷᠢᠯᠡᠵᠦ᠂ ᠵᠢᠭᠤᠯᠴᠢᠯᠠᠯ ᠤᠨ ᠵᠢᠭᠤᠷᠠᠭᠠᠨ ᠤ ᠬᠡᠷᠡᠭ ᠢ ᠴᠠᠭ ᠲᠤᠬᠠᠢ ᠳᠤ ᠨᠢ ᠰᠢᠢᠳᠪᠦᠷᠢᠯᠡᠬᠦ ᠶᠢ ᠪᠠᠲᠤᠯᠠᠭᠰᠠᠨ ᠪᠠᠶᠢᠨ᠎ᠠ᠃       ᠭᠦᠢᠴᠡᠳᠬᠡᠬᠦ ᠳᠤ ᠬᠦᠴᠢᠷᠲᠡᠢ ᠪᠠᠶᠢᠳᠠᠯ ᠢ ᠪᠦᠬᠦ ᠬᠦᠴᠦᠨ ᠢᠶᠠᠷ ᠰᠢᠢᠳᠪᠦᠷᠢᠯᠡᠪᠡ᠃ ᠭᠦᠢᠴᠡᠳᠬᠡᠬᠦ ᠶᠢᠨ ᠬᠤᠯᠪᠣᠯᠳᠤᠯ ᠵᠣᠬᠢᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠦᠢᠴᠡᠳᠬᠡᠬᠦ ᠠᠵᠢᠯ ᠤᠨ ᠬᠦᠴᠦᠯᠡᠴᠡ ᠶᠢ ᠨᠡᠮᠡᠭᠳᠡᠭᠦᠯᠵᠦ᠂ ᠲᠤᠰᠬᠠᠢ ᠲᠥᠷᠥᠯ ᠤᠨ ᠠᠵᠢᠯᠯᠠᠭᠠᠨ ᠢ ᠲᠥᠪᠯᠡᠷᠡᠭᠦᠯᠦᠨ ᠥᠷᠨᠢᠭᠦᠯᠵᠦ᠂ 3080 ᠬᠡᠷᠡᠭ ᠢ ᠭᠦᠢᠴᠡᠳᠬᠡᠨ ᠳᠠᠭᠤᠰᠬᠠᠵᠤ᠂ ᠭᠦᠢᠴᠡᠳᠬᠡᠭᠰᠡᠨ ᠬᠠᠷᠠᠯᠲᠠ ᠶᠢᠨ ᠵᠣᠭᠤᠰ ᠤᠨ ᠲᠤᠭ᠎ᠠ ᠨᠢ 4.45 ᠳ᠋ᠦᠩᠰᠢᠭᠤᠷ ᠲᠥᠭᠦᠷᠢᠭ ᠬᠦᠷᠪᠡ᠃ ︽ᠬᠠᠤᠯᠢ ᠶᠢᠨ ᠲᠣᠣᠷ ᠠᠵᠢᠯᠯᠠᠭᠠᠨ︾ ᠢ ᠥᠷᠨᠢᠭᠦᠯᠬᠦ ᠪᠠᠷ ᠠᠰᠢᠭᠲᠠᠢ ᠲᠣᠬᠢᠶᠠᠯ ᠪᠣᠯᠭᠠᠵᠤ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ 93 ᠬᠥᠮᠥᠨ ᠤᠳᠠᠭ᠎ᠠ ᠢᠯᠡᠴᠢᠯᠡᠵᠦ᠂ ᠬᠠᠤᠯᠢ ᠶᠣᠰᠣ ᠪᠠᠷ ᠳᠦᠷ ᠬᠤᠷᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ 395 ᠬᠥᠮᠥᠨ ᠤᠳᠠᠭ᠎ᠠ ᠬᠡᠷᠡᠭᠯᠡᠵᠦ᠂ ᠰᠢᠭᠦᠨ ᠲᠠᠰᠤᠯᠤᠯᠲᠠ ᠶᠢ ᠭᠦᠢᠴᠡᠳᠬᠡᠬᠦ ᠶᠢ ᠲᠡᠪᠴᠢᠭᠰᠡᠨ ᠶᠠᠯ᠎ᠠ ᠶᠢᠨ ᠰᠡᠵᠢᠭᠲᠡᠨ ᠢᠶᠠᠷ 1 ᠨᠡᠷ᠎ᠡ ᠭᠦᠢᠴᠡᠳᠬᠡᠭᠳᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠡᠷᠡᠭ ᠪᠣᠯᠭᠠᠨ ᠳᠠᠩᠰᠠᠯᠠᠨ ᠪᠠᠶᠢᠴᠠᠭᠠᠵᠤ᠂ ᠭᠦᠢᠴᠡᠳᠬᠡᠭᠳᠡᠭᠴᠢ ᠶᠢᠨ ᠡᠭᠦᠷᠭᠡ ᠪᠠᠨ ᠴᠠᠭ ᠲᠤᠬᠠᠢ ᠳᠤ ᠨᠢ ᠭᠦᠢᠴᠡᠳᠬᠡᠬᠦ ᠶᠢ ᠪᠦᠲᠦᠮᠵᠢᠲᠡᠢ ᠪᠠᠷ ᠰᠢᠪᠠᠳᠠᠨ ᠱᠠᠭᠠᠷᠳᠠᠵᠤ᠂ ︽ᠬᠤᠶᠠᠷ ᠠᠴᠠ ᠭᠤᠷᠪᠠᠨ ᠵᠢᠯ ᠤᠨ ᠬᠤᠭᠤᠴᠠᠭ᠎ᠠ ᠬᠡᠷᠡᠭᠰᠡᠨ ᠭᠦᠢᠴᠡᠳᠬᠡᠬᠦ ᠳᠤ ᠬᠦᠴᠢᠷᠲᠡᠢ ᠪᠠᠶᠢᠳᠠᠯ ᠢ ᠦᠨᠳᠦᠰᠦᠨ ᠳᠤ ᠪᠠᠨ ᠰᠢᠢᠳᠪᠦᠷᠢᠯᠡᠬᠦ︾ ᠲᠥᠪ ᠴᠢᠩᠭ᠎ᠠ ᠠᠮᠠᠯᠠᠯᠲᠠ ᠶᠢ ᠪᠣᠳᠠᠲᠤ ᠦᠢᠯᠡ ᠠᠵᠢᠯᠯᠠᠭ᠎ᠠ ᠪᠠᠷ ᠦᠢᠯᠡᠳᠦᠯᠭᠡᠵᠢᠭᠦᠯᠦᠭᠰᠡᠨ ᠪᠠᠶᠢᠨ᠎ᠠ᠃       ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠪᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠺᠣᠮᠢᠰ ᠢ ᠪᠠᠶᠢᠭᠤᠯᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠠᠵᠢᠯ ᠢ ᠲᠤᠰᠬᠠᠢ ᠬᠠᠷᠢᠭᠤᠴᠠᠭᠤᠯᠵᠤ᠂ ᠪᠦᠬᠦ ᠵᠢᠯ ᠳᠤ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ 5 ᠵᠦᠢᠯ ᠰᠢᠢᠳᠪᠦᠷᠢᠯᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠮᠥᠩᠭᠦ ᠶᠢ 23.4 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ ᠡᠭᠦᠨ ᠤ ᠬᠠᠮᠲᠤ᠂ ᠠᠵᠤ ᠠᠬᠤᠢ ᠶᠢᠨ ᠲᠠᠯ᠎ᠠ ᠪᠠᠷ ᠦᠨᠡᠨ ᠬᠦ ᠬᠦᠴᠢᠷᠲᠡᠢ ᠪᠠᠶᠢᠭ᠎ᠠ 34 ᠨᠡᠷ᠎ᠡ ᠲᠤᠬᠠᠢ ᠶᠢᠨ ᠬᠥᠮᠥᠨ ᠤ ᠵᠠᠷᠭᠤ ᠶᠢᠨ ᠰᠦᠢᠳᠬᠡᠯ ᠢ 13 ᠲᠦᠮᠡ ᠭᠠᠷᠤᠢ ᠲᠥᠭᠦᠷᠢᠭ ᠬᠠᠰᠤᠨ᠂ ᠬᠤᠶᠢᠰᠢᠯᠠᠭᠤᠯᠤᠨ᠂ ᠬᠡᠯᠲᠦᠷᠢᠯᠡᠭᠦᠯᠦᠭᠰᠡᠨ ᠪᠠᠶᠢᠨ᠎ᠠ᠃       ᠭᠤᠷᠪᠠ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠴᠢᠷᠮᠠᠶᠢᠨ ᠳᠡᠭᠡᠭᠰᠢᠯᠡᠭᠦᠯᠪᠡ       ᠠᠵᠢᠯᠲᠠᠨ ᠤ ᠲᠥᠷᠥᠯ ᠠᠩᠭᠢᠯᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠰᠢᠭᠦᠨ ᠲᠠᠰᠤᠯᠤᠯᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂  30 ᠰᠢᠭᠦᠨ ᠲᠠᠰᠤᠯᠬᠤ ᠪᠦᠯᠬᠦᠮ ᠪᠠᠶᠢᠭᠤᠯᠵᠤ᠂ ᠬᠠᠷᠢᠴᠠᠩᠭᠤᠢ ᠬᠠᠪᠲᠠᠭᠠᠢ ᠬᠡᠯᠪᠡᠷᠢ ᠶᠢᠨ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠶᠢ ᠪᠦᠷᠢᠯᠳᠦᠭᠦᠯᠦᠭᠰᠡᠨ ᠪᠠᠶᠢᠨ᠎ᠠ᠃ ᠬᠤᠷᠢᠶ᠎ᠠ ᠶᠢᠨ ᠳᠠᠷᠤᠭ᠎ᠠ ᠪᠠ ᠲᠢᠩᠬᠢᠮ ᠤᠨ ᠳᠠᠷᠤᠭ᠎ᠠ ᠶᠢᠨ ᠬᠡᠷᠡᠭ ᠰᠢᠭᠦᠨ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 7 ᠰᠠᠷ᠎ᠠ ᠠᠴᠠ ᠨᠠᠰᠢ ᠬᠤᠷᠢᠶ᠎ᠠ ᠶᠢᠨ ᠳᠠᠷᠤᠭ᠎ᠠ 125 ᠬᠡᠷᠡᠭ᠂ ᠲᠢᠩᠬᠢᠮ ᠤᠨ ᠳᠠᠷᠤᠭ᠎ᠠ 2220 ᠬᠡᠷᠡᠭ ᠰᠢᠭᠦᠨ ᠰᠢᠢᠳᠪᠦᠷᠢᠯᠡᠵᠦ᠂ ᠵᠢᠱᠢᠶ᠎ᠡ ᠦᠵᠡᠭᠦᠯᠬᠦ ᠪᠠ ᠵᠢᠭᠠᠨ ᠵᠢᠯᠣᠭᠤᠳᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠤᠭᠰᠠᠨ ᠪᠠᠶᠢᠨ᠎ᠠ᠃       ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ︽ᠰᠢᠭᠦᠭᠴᠢ ᠰᠢᠭᠦᠨ ᠲᠠᠰᠤᠯᠵᠤ᠂ ᠰᠢᠭᠦᠨ ᠲᠠᠰᠤᠯᠤᠭᠴᠢ ᠬᠠᠷᠢᠭᠤᠴᠠᠬᠤ︾ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯ ᠰᠢᠭᠦᠭᠴᠢ᠂ ᠬᠠᠮᠲᠤᠷᠠᠨ ᠵᠥᠪᠯᠡᠬᠦ ᠲᠢᠩᠬᠢᠮ ᠤᠨ ᠬᠡᠷᠡᠭ ᠰᠢᠭᠦᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠤᠷᠢᠶ᠎ᠠ ᠶᠢᠨ ᠳᠠᠷᠤᠭ᠎ᠠ ᠪᠠ ᠲᠢᠩᠬᠢᠮ ᠤᠨ ᠳᠠᠷᠤᠭ᠎ᠠ ᠥᠪᠡᠷᠲᠡᠭᠡᠨ ᠣᠷᠣᠯᠴᠠᠭᠰᠠᠨ ᠦᠭᠡᠢ ᠰᠢᠭᠦᠯᠲᠡ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠪᠢᠴᠢᠭ ᠢ ᠬᠢᠨᠠᠨ ᠬᠠᠷᠭᠤᠭᠤᠯᠵᠤ ᠵᠥᠪᠰᠢᠶᠡᠷᠡᠨ ᠲᠠᠷᠬᠠᠭᠠᠵᠤ ᠦᠯᠦ ᠪᠣᠯᠬᠤ ᠶᠢ ᠲᠣᠳᠣᠷᠬᠠᠶᠢᠯᠠᠵᠤ᠂ ᠰᠢᠭᠦᠯᠲᠡ ᠶᠢᠨ ᠺᠣᠮᠢᠰ ᠤᠨ ᠬᠡᠷᠡᠭ ᠵᠥᠪᠯᠡᠬᠦ ᠬᠡᠪᠴᠢᠶ᠎ᠡ ᠶᠢ ᠳᠦᠷᠢᠮᠵᠢᠭᠦᠯᠬᠦ ᠪᠠ ᠪᠠᠭᠠᠰᠬᠠᠵᠤ᠂ ᠲᠤᠰᠬᠠᠢ ᠰᠢᠭᠦᠭᠴᠢ ᠶᠢᠨ ᠬᠤᠷᠠᠯ ᠢ ᠪᠠᠶᠢᠭᠤᠯᠤᠨ ᠰᠢᠭᠦᠭᠴᠢ ᠬᠡᠷᠡᠭ ᠰᠢᠭᠦᠨ ᠰᠢᠢᠳᠪᠦᠷᠢᠯᠡᠬᠦ ᠳᠤ ᠯᠠᠪᠯᠠᠬᠤ ᠰᠠᠨᠠᠯ ᠬᠠᠩᠭᠠᠵᠤ᠂ ᠭᠤᠣᠯ ᠰᠢᠭᠦᠭᠴᠢ᠂ ᠬᠠᠮᠲᠤᠷᠠᠨ ᠵᠥᠪᠯᠡᠬᠦ ᠲᠢᠩᠬᠢᠮ ᠤᠨ ᠬᠠᠤᠯᠢ ᠶᠣᠰᠣ ᠪᠠᠷ ᠲᠤᠰᠠᠭᠠᠷ ᠬᠡᠷᠡᠭ ᠰᠢᠭᠦᠨ ᠰᠢᠢᠳᠪᠦᠷᠢᠯᠡᠬᠦ ᠶᠢ ᠪᠠᠲᠤᠯᠠᠭᠰᠠᠨ ᠪᠠᠶᠢᠨ᠎ᠠ᠃ ᠬᠡᠷᠡᠭ ᠰᠢᠭᠦᠨ ᠰᠢᠢᠳᠪᠦᠷᠢᠯᠡᠬᠦ ᠶᠠᠰᠤ ᠴᠢᠨᠠᠷ ᠢ ᠨᠠᠰᠤᠨ ᠲᠤᠷᠰᠢᠲᠠ ᠬᠠᠷᠢᠭᠤᠴᠠᠬᠤ ᠳᠦᠷᠢᠮ ᠪᠠ ᠲᠠᠰᠢᠶ᠎ᠠ ᠪᠤᠷᠤᠭᠤ ᠰᠢᠭᠦᠨ ᠲᠠᠰᠤᠯᠤᠭᠰᠠᠨ ᠬᠡᠷᠡᠭ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠬᠡᠷᠡᠭ ᠢ ᠵᠠᠳᠠᠯᠬᠤ ᠬᠤᠷᠠᠯ ᠢ ᠤᠯᠠᠷᠢᠯ ᠢᠶᠠᠷ ᠡᠷᠬᠢᠯᠡᠨ ᠬᠤᠷᠠᠯᠳᠤᠭᠤᠯᠬᠤ ᠶᠢ ᠪᠠᠷᠢᠮᠲᠠᠯᠠᠵᠤ᠂ ᠪᠦᠬᠦ ᠵᠢᠯ ᠳᠤ 115 ᠬᠡᠷᠡᠭ ᠲᠤ ᠵᠠᠳᠠᠯᠤᠯᠲᠠ ᠬᠢᠵᠦ᠂ ᠬᠡᠷᠡᠭ ᠤᠨ ᠰᠢᠭᠦᠨ ᠲᠠᠰᠤᠯᠤᠯᠲᠠ ᠳᠤ ᠨᠢ ᠠᠯᠳᠠᠰᠢ ᠣᠷᠣᠰᠢᠵᠤ ᠪᠠᠶᠢᠬᠤ 8 ᠨᠡᠷ᠎ᠡ ᠳᠠᠭᠠᠭᠠᠴᠢᠯᠠᠨ ᠭᠦᠢᠴᠡᠳᠬᠡᠭᠴᠢ ᠠᠴᠠ ᠲᠣᠭᠲᠠᠭᠠᠯ ᠶᠣᠰᠣ ᠪᠠᠷ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃       ᠭᠦᠢᠴᠡᠳᠬᠡᠬᠦ ᠠᠵᠢᠯ ᠤᠨ ᠵᠣᠬᠢᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠬᠡᠷᠡᠭ ᠢ ᠨᠢᠭᠡ ᠯᠠ ᠬᠥᠮᠥᠨ ᠡᠴᠦᠰ ᠲᠤ ᠨᠢ ᠲᠤᠯᠲᠠᠯ᠎ᠠ ᠳᠠᠭᠠᠭᠠᠨ ᠭᠦᠢᠴᠡᠳᠬᠡᠬᠦ ᠤᠯᠠᠮᠵᠢᠯᠠᠯᠲᠤ ᠭᠦᠢᠴᠡᠳᠬᠡᠬᠦ ᠬᠡᠯᠪᠡᠷᠢ ᠶᠢ ᠥᠭᠡᠷᠡᠴᠢᠯᠡᠵᠦ᠂ ᠱᠠᠲᠤ ᠬᠤᠪᠢᠶᠠᠨ ᠭᠦᠢᠴᠡᠳᠬᠡᠬᠦ ᠠᠵᠢᠯ ᠤᠨ ᠵᠣᠬᠢᠮᠵᠢ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠡᠷᠡᠭ ᠢ ᠭᠦᠢᠴᠡᠳᠬᠡᠬᠦ ᠶᠠᠪᠤᠴᠠ ᠶᠢ 4 ᠱᠠᠲᠤ ᠦᠶ᠎ᠡ ᠬᠤᠪᠢᠶᠠᠵᠤ᠂ ᠱᠠᠲᠤ ᠦᠶ᠎ᠡ ᠪᠦᠷᠢ ᠶᠢᠨ ᠠᠵᠢᠯ ᠢ 1 ᠬᠡᠷᠡᠭ ᠰᠢᠢᠳᠪᠦᠷᠢᠯᠡᠬᠦ ᠳᠤᠭᠤᠶᠢᠯᠠᠩ ᠲᠥᠪᠯᠡᠷᠡᠭᠦᠯᠦᠨ ᠭᠦᠢᠴᠡᠳᠬᠡᠵᠦ᠂ ᠡᠭᠦᠨᠴᠢᠯᠡᠨ ᠬᠡᠷᠡᠭ ᠰᠢᠢᠳᠪᠦᠷᠢᠯᠡᠬᠦ ᠳᠤᠭᠤᠶᠢᠯᠠᠩ ᠤᠨ ᠬᠤᠭᠤᠷᠣᠨᠳᠤᠬᠢ ᠲᠤᠰ ᠲᠤᠰ ᠤᠨ ᠲᠤᠰᠢᠶᠠᠯ ᠢᠶᠠᠨ ᠭᠦᠢᠴᠡᠳᠬᠡᠬᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠭᠰᠡᠨ ᠪᠠᠶᠢᠨ᠎ᠠ᠃ ᠡᠭᠦᠨ ᠤ ᠰᠠᠭᠤᠷᠢᠨ ᠳᠡᠭᠡᠷ᠎ᠡ᠂ ᠬᠤᠪᠢᠶᠠᠨ ᠬᠠᠮᠢᠶᠠᠷᠴᠤ ᠪᠠᠶᠢᠭ᠎ᠠ ᠬᠤᠷᠢᠶ᠎ᠠ ᠶᠢᠨ ᠳᠠᠷᠤᠭ᠎ᠠ᠂ ᠭᠦᠢᠴᠡᠳᠬᠡᠬᠦ ᠲᠣᠪᠴᠢᠶ᠎ᠠ ᠶᠢᠨ ᠳᠠᠷᠤᠭ᠎ᠠ᠂ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠂ ᠶᠡᠷᠦᠩᠬᠡᠶᠢᠯᠡᠭᠰᠡᠨ ᠠᠵᠢᠯ ᠤᠨ ᠲᠣᠪᠴᠢᠶ᠎ᠠ᠂ ᠣᠯᠠᠨ ᠳᠠᠪᠬᠤᠷᠭ᠎ᠠ ᠪᠠᠷ ᠪᠦᠬᠦ ᠲᠠᠯ᠎ᠠ ᠪᠠᠷ ᠬᠡᠷᠡᠭ ᠤᠨ ᠵᠠᠩᠭᠢᠯᠠᠭ᠎ᠠ ᠶᠢ ᠠᠳᠬᠤᠵᠤ᠂ ᠭᠦᠢᠴᠡᠳᠬᠡᠬᠦ ᠠᠵᠢᠯ ᠤᠨ ᠳᠦᠷᠢᠮᠵᠢᠭᠦᠨ ᠡᠮᠬᠢ ᠴᠡᠭᠴᠡ ᠲᠠᠢ ᠥᠷᠨᠢᠬᠦ ᠶᠢ ᠰᠢᠪᠠᠳᠠᠨ ᠱᠠᠭᠠᠷᠳᠠᠭᠰᠠᠨ ᠪᠠᠶᠢᠨ᠎ᠠ᠃ ᠡᠭᠦᠨ ᠤ ᠬᠠᠮᠲᠤ᠂ ᠠᠵᠢᠯᠲᠠᠨ ᠤ ᠣᠷᠣᠨ ᠲᠣᠭᠠᠲᠤ ᠰᠢᠭᠦᠭᠴᠢ ᠶᠢᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠶᠢ ᠴᠢᠩᠭᠠᠳᠬᠠᠬᠤ᠂ ᠬᠠᠤᠯᠢ ᠶᠢᠨ ᠴᠠᠭᠳᠠᠭ᠎ᠠ ᠭᠦᠢᠴᠡᠳᠬᠡᠬᠦ ᠲᠣᠪᠴᠢᠶ᠎ᠠ ᠳᠤ ᠪᠠᠶᠢᠩᠭᠤ ᠰᠠᠭᠤᠨ ᠭᠦᠢᠴᠡᠳᠬᠡᠬᠦ ᠠᠵᠢᠯ ᠳᠤ ᠬᠠᠮᠵᠢᠯᠴᠠᠬᠤ᠂ ᠬᠡᠷᠡᠭ ᠰᠢᠢᠳᠪᠦᠷᠢᠯᠡᠬᠦ ᠪᠠᠷᠢᠮᠵᠢᠶᠠᠵᠢᠭᠰᠠᠨ ᠨᠠᠷᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠬᠦ ᠵᠡᠷᠭᠡ ᠨᠢᠭᠡ ᠰᠢᠷᠢᠰ ᠥᠭᠡᠷᠡᠴᠢᠯᠡᠯᠲᠡ ᠶᠢᠨ ᠠᠷᠭ᠎ᠠ ᠠᠪᠴᠠᠯ ᠢ ᠬᠡᠷᠡᠭᠯᠡᠨ ᠲᠡᠭᠦᠯᠳᠡᠷᠵᠢᠭᠦᠯᠵᠦ᠂ ᠭᠦᠢᠴᠡᠳᠬᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠭᠰᠡᠨ ᠪᠠᠶᠢᠨ᠎ᠠ᠃ ᠪᠦᠬᠦ ᠵᠢᠯ ᠤᠨ ᠬᠡᠷᠡᠭ ᠰᠢᠢᠳᠪᠦᠷᠢᠯᠡᠭᠰᠡᠨ ᠬᠢᠷᠢ ᠲᠡᠩᠴᠡᠭᠰᠡᠨ ᠨᠣᠷᠮ᠎ᠠ ᠨᠢ 90% ᠬᠦᠷᠴᠦ᠂ ᠪᠦᠬᠦ ᠬᠤᠲᠠ ᠶᠢᠨ ᠳᠤᠮᠳᠠᠴᠢ ᠬᠡᠮᠵᠢᠭᠳᠡᠯ 68% ᠠᠴᠠ 22 ᠵᠠᠭᠤᠨ ᠤ ᠬᠤᠪᠢ ᠳᠠᠪᠠᠵᠤ᠂ ᠪᠦᠬᠦ ᠬᠤᠲᠠ ᠶᠢᠨ 12 ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ ᠳᠤᠮᠳᠠ ᠨᠢᠭᠡᠳᠦᠭᠡᠷ ᠲᠤ ᠵᠢᠭᠰᠠᠭᠠᠭᠳᠠᠵᠤ᠂ ᠪᠣᠳᠠᠲᠠᠢ ᠭᠦᠢᠴᠡᠳᠬᠡᠨ ᠳᠠᠭᠤᠰᠬᠠᠭᠰᠠᠨ ᠨᠤᠷᠮ᠎ᠠ ᠨᠢ 64.5% ᠬᠦᠷᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠭᠦᠢᠴᠡᠳᠬᠡᠬᠦ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠰᠣᠨᠢᠨ᠂ ᠭᠤᠣᠯ ᠰᠦᠯᠵᠢᠶ᠎ᠡ᠂ ᠪᠢᠴᠢᠯ ᠪᠦᠷᠭᠡ᠂ ᠸᠢᠴᠠᠲ ᠢᠶᠠᠷ ᠥᠯᠥ ᠭᠦᠢᠴᠡᠳᠬᠡᠬᠦ ᠶᠢᠨ ᠬᠠᠤᠯᠢ ᠴᠠᠭᠠᠵᠠ ᠶᠢᠨ ᠦᠷ᠎ᠡ ᠳ᠋ᠦᠩ ᠢ ᠤᠬᠠᠭᠤᠯᠵᠤ᠂ ᠲᠤᠬᠠᠢ ᠶᠢᠨ ᠬᠥᠮᠥᠨ ᠤ ᠲᠦᠭᠰᠢᠭᠦᠷᠢ ᠶᠢ ᠥᠪᠡᠷᠲᠡᠭᠡᠨ ᠳᠠᠭᠠᠭᠠᠬᠤ ᠤᠬᠠᠮᠰᠠᠷ ᠢ ᠴᠢᠷᠮᠠᠶᠢᠨ ᠳᠡᠭᠡᠭᠰᠢᠯᠡᠭᠦᠯᠦᠭᠰᠡᠨ ᠪᠠᠶᠢᠨ᠎ᠠ᠃ ᠳᠡᠭᠡᠷᠡᠬᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠭᠦᠢᠴᠡᠳ ᠨᠤᠲᠠᠯᠠᠯ ᠢ ᠣᠯᠣᠭᠰᠠᠨ ᠪᠠᠶᠢᠨ᠎ᠠ᠃       ᠳᠥᠷᠪᠡ᠂ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠷ ᠬᠠᠤᠯᠢ ᠪᠠᠷᠢᠬᠤ ᠶᠢ ᠪᠠᠲᠤᠯᠠᠪᠠ       ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠰᠤᠷᠤᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠵᠢᠯ ᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ 4 ᠤᠳᠠᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠣᠯᠯᠠᠬᠤ ᠳᠤᠭᠤᠶᠢᠯᠠᠩ ᠤᠨ ᠰᠤᠷᠤᠯᠴᠠᠯᠭ᠎ᠠ ᠶᠢ 14 ᠤᠳᠠᠭ᠎ᠠ ᠵᠣᠬᠢᠶᠠᠨ ᠪᠠᠶᠢᠭᠤᠯᠤᠨ ᠡᠷᠬᠢᠯᠡᠭᠰᠡᠨ ᠪᠠᠶᠢᠨ᠎ᠠ᠃ ᠰᠢᠭᠦᠬᠦ ᠬᠤᠷᠢᠶ᠎ᠠ ᠶᠢᠨ ᠦᠵᠡᠯ ᠤᠬᠠᠮᠰᠠᠷ ᠤᠨ ᠪᠠᠶᠢᠳᠠᠯ ᠪᠣᠯᠣᠨ ᠤᠯᠤᠰ ᠲᠥᠷᠥ ᠶᠢᠨ ᠴᠢᠭᠯᠡᠯ ᠤᠨ ᠤᠳᠤᠷᠢᠳᠤᠮᠵᠢ ᠶᠢ ᠴᠢᠩᠭᠠᠳᠬᠠᠵᠤ᠂ ᠨᠠᠮ ᠤᠨ ᠡᠭᠦᠷ ᠢ ᠲᠤᠬᠠᠶᠢᠯᠠᠭᠰᠠᠨ ᠠᠵᠢᠯ ᠤᠨ ᠲᠢᠩᠬᠢᠮ ᠲᠠᠰᠤᠭ ᠤᠨ ᠳᠡᠭᠡᠷ᠎ᠡ ᠲᠣᠬᠢᠷᠠᠭᠤᠯᠵᠤ᠂ ᠦᠵᠡᠯ ᠤᠬᠠᠮᠰᠠᠷ ᠤᠨ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠰᠢᠭᠦᠬᠦ ᠬᠤᠷᠢᠶ᠎ᠠ ᠶᠢᠨ ᠡᠯ᠎ᠡ ᠲᠥᠷᠥᠯ ᠤᠨ ᠠᠵᠢᠯ ᠤᠨ ᠬᠠᠷᠢᠯᠴᠠᠨ ᠠᠭᠤᠰᠤᠯᠴᠠᠬᠤ ᠶᠢ ᠪᠡᠶᠡᠯᠡᠭᠦᠯᠦᠭᠰᠡᠨ ᠪᠠᠶᠢᠨ᠎ᠠ᠃       ᠬᠠᠤᠯᠢ ᠴᠠᠭᠠᠵᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠢᠭᠦᠨ ᠲᠠᠰᠤᠯᠵᠤ ᠭᠦᠢᠴᠡᠳᠬᠡᠬᠦ ᠠᠵᠢᠯ ᠯᠤᠭ᠎ᠠ ᠨᠢᠭᠲᠠ ᠤᠶᠠᠯᠳᠤᠭᠤᠯᠵᠤ᠂ ᠲᠠᠰᠢᠷᠠᠮ ᠤᠨ ᠰᠤᠭᠤᠴᠢᠨ ᠪᠠᠶᠢᠴᠠᠭᠠᠯᠲᠠ ᠪᠠᠷ ᠠᠵᠢᠯᠲᠠᠨ ᠤ ᠣᠷᠣᠨ ᠲᠣᠭᠠᠲᠤ ᠰᠢᠭᠦᠭᠴᠢ ᠶᠢᠨ ᠲᠢᠩᠬᠢᠮ ᠤᠨ ᠰᠢᠭᠦᠯᠲᠡ ᠶᠢᠨ ᠳᠦᠷᠰᠦ ᠰᠢᠩᠭᠡᠭᠡᠯᠲᠡ᠂ ᠬᠠᠤᠯᠢ ᠴᠠᠭᠠᠵᠠ ᠶᠢᠨ ᠪᠢᠴᠢᠭ ᠢ ᠲᠥᠪᠯᠡᠷᠡᠭᠦᠯᠦᠨ ᠦᠨᠡᠯᠡᠨ ᠪᠠᠶᠢᠴᠠᠭᠠᠵᠤ᠂ ᠲᠠᠰᠢᠷᠠᠮ ᠤᠨ ᠰᠤᠭᠤᠴᠢᠨ ᠪᠠᠶᠢᠴᠠᠭᠠᠯᠲᠠ ᠪᠠᠷ ᠲᠡᠮᠳᠡᠭᠯᠡᠭᠴᠢ ᠶᠢᠨ ᠪᠢᠴᠢᠭ ᠡᠪᠬᠡᠮᠡᠯ ᠳᠤ ᠬᠠᠷᠢᠯᠴᠠᠨ ᠦᠨᠡᠯᠡᠯᠲᠡ ᠬᠢᠵᠦ᠂ ᠬᠦᠷᠦᠯᠴᠡᠬᠦ ᠦᠭᠡᠢ ᠲᠠᠯ᠎ᠠ ᠶᠢ ᠡᠷᠢᠨ ᠭᠠᠷᠭᠠᠵᠤ᠂ ᠳᠤᠲᠠᠭᠳᠠᠯ ᠢ ᠨᠥᠬᠦᠪᠦᠷᠢᠯᠡᠭᠰᠡᠨ ᠪᠠᠶᠢᠨ᠎ᠠ︔ ᠲᠡᠮᠳᠡᠭᠯᠡᠭᠴᠢ ᠶᠢᠨ ᠬᠤᠷᠳᠤᠨ ᠪᠢᠴᠢᠬᠦ ᠤᠷᠤᠯᠳᠤᠭᠠᠨ᠂ ᠬᠠᠤᠯᠢ ᠶᠢᠨ ᠴᠠᠭᠳᠠᠭ᠎ᠠ ᠶᠢᠨ ᠲᠥᠪᠯᠡᠷᠡᠭᠦᠯᠦᠭᠰᠡᠨ ᠪᠣᠯᠪᠠᠰᠤᠷᠠᠯ ᠵᠡᠷᠭᠡ ᠠᠵᠢᠯ ᠤᠨ ᠪᠠᠶᠢᠷᠢ ᠶᠢᠨ ᠴᠡᠷᠢᠭ ᠪᠣᠯᠪᠠᠰᠤᠷᠠᠭᠤᠯᠬᠤ ᠠᠵᠢᠯᠯᠠᠭᠠᠨ ᠢ ᠵᠣᠬᠢᠶᠠᠨ ᠪᠠᠶᠢᠭᠤᠯᠵᠤ᠂ ᠺᠠᠳ᠋ᠷ ᠴᠠᠭᠳᠠᠭ᠎ᠠ ᠨᠠᠷ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃       ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠪᠠ᠃ ᠴᠢᠬᠡᠴᠢ ᠵᠠᠰᠠᠭ ᠤᠨ ᠲᠦᠰᠢᠭᠦᠷᠢ ᠶᠢ ᠰᠡᠷᠭᠡᠶᠢᠯᠡᠨ ᠡᠵᠡᠮᠳᠡᠬᠦ ᠵᠣᠬᠢᠮᠵᠢ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠥᠮᠥᠰ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠦᠬᠦ ᠵᠢᠯ ᠳᠤ ᠰᠢᠭᠦᠬᠦ ᠠᠵᠢᠯ ᠢ ᠬᠢᠨᠠᠨ ᠪᠠᠶᠢᠴᠠᠭᠠᠬᠤ ᠠᠵᠢᠯᠯᠠᠭᠠᠨ ᠢ 36 ᠤᠳᠠᠭ᠎ᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠯᠠᠷᠠᠭᠤᠯᠤᠭᠰᠠᠨ ᠪᠠᠶᠢᠨ᠎ᠠ᠃ ᠴᠢᠩᠭ᠎ᠠ ᠶᠢ ᠲᠡᠷᠢᠭᠦᠨ ᠳᠤ ᠲᠠᠯᠪᠢᠨ ᠬᠡᠷᠡᠭ ᠪᠠᠶᠢᠪᠠᠯ ᠵᠠᠪᠠᠯ ᠪᠠᠶᠢᠴᠠᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ᠂ ᠲᠤᠬᠠᠢ ᠶᠢᠨ ᠬᠥᠮᠥᠨ ᠤ ᠵᠠᠬᠢᠳᠠᠯ ᠰᠤᠷᠪᠤᠯᠵᠢᠯᠠᠭ᠎ᠠ᠂ ᠬᠡᠷᠡᠭ ᠤᠨ ᠵᠠᠳᠠᠯᠤᠯᠲᠠ ᠶᠢᠨ ᠬᠤᠷᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠭᠰᠠᠨ ᠰᠠᠨᠠᠯ ᠵᠡᠷᠭᠡ ᠠᠷᠭ᠎ᠠ ᠵᠠᠮ ᠢᠶᠠᠷ ᠣᠯᠣᠭᠰᠠᠨ ᠰᠦᠪᠡᠭᠴᠢ ᠶᠢ ᠦᠨᠳᠦᠰᠦᠯᠡᠨ᠂ 22 ᠬᠡᠷᠡᠭ ᠲᠤ ᠮᠥᠷᠳᠡᠨ ᠪᠠᠶᠢᠴᠠᠭᠠᠯᠲᠠ ᠬᠢᠵᠦ᠂ ᠠᠰᠠᠭᠤᠳᠠᠯ ᠦᠭᠡᠢ 20 ᠬᠡᠷᠡᠭ ᠤᠨ ᠪᠣᠳᠠᠲᠤ ᠪᠠᠶᠢᠳᠠᠯ ᠢ ᠴᠠᠭ ᠲᠤᠬᠠᠢ ᠳᠤ ᠨᠢ ᠲᠣᠳᠣᠷᠬᠠᠶᠢᠯᠠᠵᠤ᠂ ᠰᠢᠭᠦᠭᠴᠢ ᠶᠢᠨ ᠬᠠᠤᠯᠢ ᠶᠣᠰᠣ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠭᠰᠠᠨ ᠪᠠᠶᠢᠨ᠎ᠠ︔ ᠠᠰᠠᠭᠤᠳᠠᠯ ᠢᠯᠡᠷᠡᠭᠰᠡᠨ 2 ᠬᠡᠷᠡᠭ ᠢ ᠲᠥᠪ ᠴᠢᠩᠭ᠎ᠠ ᠪᠠᠷ ᠰᠢᠢᠳᠪᠦᠷᠢᠯᠡᠬᠦ ᠶᠢᠨ ᠬᠠᠮᠲᠤ᠂ 2 ᠨᠡᠷ᠎ᠡ ᠬᠠᠷᠢᠭᠤᠴᠠᠭᠴᠢ ᠳᠤ ᠲᠣᠭᠲᠠᠭᠠᠯ ᠶᠣᠰᠣ ᠪᠠᠷ ᠬᠠᠷᠠᠭᠠᠯᠵᠠᠭᠰᠠᠨ ᠰᠠᠬᠢᠯᠭ᠎ᠠ ᠪᠠᠲᠤ ᠶᠢᠨ ᠰᠢᠢᠳᠬᠡᠯ ᠣᠯᠭᠤᠭᠰᠠᠨ ᠪᠠᠶᠢᠨ᠎ᠠ᠃       ᠴᠢᠮᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ︽ᠨᠢᠭᠡ ᠴᠣᠭᠴᠠ ᠬᠤᠶᠠᠷ ᠲᠠᠯ᠎ᠠ︾ ᠶᠢᠨ ᠠᠵᠢᠯ ᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠭᠦᠳᠡᠯ ᠮᠠᠶ᠋ᠢᠭ ᠤᠨ ᠲᠣᠭᠠᠴᠠᠯᠠᠭᠰᠨ ᠰᠢᠭᠦᠬᠦ ᠲᠢᠩᠬᠢᠮ ᠤᠨ ᠲᠥᠬᠦᠭᠡᠷᠦᠮᠵᠢ᠂ ᠳᠥᠭᠦᠮ ᠬᠡᠯᠪᠡᠷᠢ ᠶᠢᠨ ᠲᠣᠭᠤᠷᠢᠨ ᠰᠢᠭᠦᠨ ᠲᠠᠰᠤᠯᠬᠤ ᠪᠣᠭᠴᠣ ᠬᠤᠳᠠᠯᠳᠤᠨ ᠠᠪᠴᠤ᠂ ᠲᠣᠭᠠᠴᠠᠯᠠᠭᠰᠨ ᠰᠢᠭᠦᠬᠦ ᠲᠢᠩᠬᠢᠮ ᠢ ᠵᠠᠪᠰᠠᠷ ᠦᠭᠡᠢ ᠪᠦᠷᠬᠦᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃ ᠡᠯᠧᠺᠲᠷᠣᠨ ᠪᠢᠴᠢᠭ ᠡᠪᠬᠡᠮᠡᠯ ᠢ ᠣᠷᠣᠭᠤᠯᠬᠤ᠂ ᠰᠢᠭᠦᠨ ᠲᠠᠰᠤᠯᠤᠯᠲᠠ ᠶᠢᠨ ᠣᠶᠤᠨᠴᠢ ᠦᠢᠯᠡᠴᠢᠯᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠪᠣᠯᠣᠨ ᠠᠯᠪᠠᠯᠠᠨ ᠬᠡᠷᠡᠭ ᠰᠢᠭᠦᠨ ᠰᠢᠢᠳᠪᠦᠷᠢᠯᠡᠬᠦ ᠲᠠᠪᠴᠠᠩ ᠢ ᠤᠶᠠᠯᠳᠤᠭᠤᠯᠬᠤ ᠶᠢ ᠠᠬᠢᠭᠤᠯᠵᠤ᠂ ᠴᠢᠮᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃       ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠡᠷᠡᠭ ᠬᠦᠯᠢᠶᠡᠨ ᠠᠪᠬᠤ ᠲᠤᠭ᠎ᠠ ᠬᠡᠮᠵᠢᠶ᠎ᠡ ᠶᠢᠨ ᠲᠦᠷᠭᠡᠨ ᠨᠡᠮᠡᠭᠳᠡᠯ ᠪᠣᠯᠣᠨ ᠥᠭᠡᠷᠡᠴᠢᠯᠡᠯᠲᠡ ᠶᠢᠨ ᠡᠭᠦᠷᠭᠡ ᠬᠦᠨᠳᠦ ᠪᠠᠶᠢᠭ᠎ᠠ ᠪᠠᠶᠢᠳᠠᠯ ᠳᠣᠣᠷ᠎ᠠ᠂ ᠪᠦᠬᠦ ᠺᠠᠳ᠋ᠷ ᠴᠠᠭᠳᠠᠭ᠎ᠠ ᠨᠠᠷ ᠳᠡᠭᠡᠳᠦ ᠬᠠᠷᠢᠭᠤᠴᠠᠯᠭᠠᠲᠤ ᠰᠡᠳᠬᠢᠯᠭᠡ ᠪᠣᠯᠣᠨ ᠦᠢᠯᠡᠰ ᠢᠶᠠᠨ ᠡᠷᠬᠢᠮᠯᠡᠬᠦ ᠵᠣᠷᠢᠭ ᠰᠠᠨᠠᠭ᠎ᠠ ᠪᠠᠷ ᠡᠯ᠎ᠡ ᠲᠥᠷᠥᠯ ᠤᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠦᠭᠰᠡᠨ ᠪᠠᠶᠢᠨ᠎ᠠ᠃ ᠠᠮᠵᠢᠯᠲᠠ ᠪᠦᠲᠦᠮᠵᠢ ᠣᠯᠣᠭᠰᠠᠨ ᠨᠢ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠦᠴᠦᠨ ᠪᠦᠬᠦᠢ ᠬᠢᠨᠠᠯᠲᠠ ᠲᠠᠯᠪᠢᠬᠤ ᠪᠠ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠨᠡᠶᠢᠭᠡᠮ ᠤᠨ ᠡᠯ᠎ᠡ ᠡᠲᠡᠭᠡᠳ᠂ ᠠᠷᠠᠳ ᠣᠯᠠᠨ ᠤ ᠬᠠᠯᠠᠮᠵᠢᠯᠠᠯ᠂ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠨᠠᠷ ᠤᠨ ᠢᠲᠡᠭᠡᠯ᠂ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠠᠳᠡ᠂ ᠪᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠴᠢᠩ ᠰᠡᠳᠬᠢᠯ ᠠᠴᠠ ᠪᠠᠨ ᠲᠠᠯᠠᠷᠬᠠᠬᠤ ᠶᠢᠨ ᠬᠠᠮᠲᠤ ᠬᠠᠮᠤᠭ ᠤᠨ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕       ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ᠂ ᠬᠠᠤᠯᠢ ᠪᠠᠷ ᠬᠤᠰᠢᠭᠤ ᠪᠠᠨ ᠵᠠᠰᠠᠬᠤ ᠰᠢᠨ᠎ᠡ ᠱᠠᠭᠠᠷᠳᠠᠯᠭ᠎ᠠ᠂ ᠪᠦᠬᠦ ᠬᠤᠰᠢᠭᠤᠨ ᠤ ᠠᠷᠠᠳ ᠲᠦᠮᠡᠨ ᠤ ᠰᠢᠨ᠎ᠡ ᠡᠷᠡᠮᠡᠯᠵᠡᠯ ᠳᠤ ᠬᠠᠨᠳᠤᠵᠤ᠂ ᠰᠢᠭᠦᠬᠦ ᠬᠤᠷᠢᠶ᠎ᠠ ᠶᠢᠨ ᠠᠵᠢᠯ ᠳᠤ ᠪᠠᠰᠠ ᠡᠳᠦᠢ ᠲᠡᠳᠦᠢ ᠬᠦᠴᠢᠷᠳᠡᠯᠭᠡ ᠪᠣᠯᠣᠨ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠭ᠎ᠠ ᠪᠠᠨ ᠰᠡᠷᠭᠡᠭ ᠢᠶᠠᠷ ᠲᠠᠨᠢᠵᠤ ᠣᠯᠣᠭᠰᠠᠨ ᠶᠤᠮ᠄ ᠨᠢᠭᠡ ᠳᠤ ᠬᠠᠤᠯᠢ ᠪᠠᠷᠢᠬᠤ ᠴᠢᠳᠠᠪᠤᠷᠢ ᠰᠢᠨ᠎ᠡ ᠪᠠᠶᠢᠳᠠᠯ ᠤᠨ ᠱᠠᠭᠠᠷᠳᠠᠯᠭ᠎ᠠ ᠳᠤ ᠵᠣᠬᠢᠴᠠᠬᠤ ᠦᠭᠡᠢ ᠪᠣᠯᠵᠤ᠂ ᠨᠡᠶᠢᠭᠡᠮ ᠤᠨ ᠬᠡᠯᠪᠡᠷᠢ ᠶᠢᠨ ᠬᠤᠪᠢᠷᠠᠯᠲᠠ ᠶᠢᠨ ᠬᠤᠭᠤᠴᠠᠭᠠᠨ ᠳᠤ᠂ ᠲᠡᠦᠬᠡ ᠶᠢᠨ ᠦᠯᠡᠳᠡᠭᠳᠡᠯ ᠠᠰᠠᠭᠤᠳᠠᠯ᠂ ᠪᠠᠶᠢᠭᠤᠯᠤᠮᠵᠢ ᠶᠢᠨ ᠵᠣᠬᠢᠮᠵᠢ ᠶᠢᠨ ᠠᠰᠠᠭᠤᠳᠠᠯ ᠵᠡᠷᠭᠡ ᠶᠡᠭᠡ ᠬᠡᠮᠵᠢᠶᠡᠨ ᠤ ᠪᠤᠳᠤᠯᠢᠶᠠᠨᠲᠠᠢ ᠵᠢᠭᠤᠷᠠᠭᠠᠨ  ᠨᠢ ᠬᠡᠷᠡᠭ ᠤᠨ ᠬᠡᠯᠪᠡᠷᠢ ᠪᠠᠷ ᠰᠢᠭᠦᠬᠦ ᠬᠤᠷᠢᠶ᠎ᠠ ᠳᠤ ᠣᠷᠣᠵᠤ᠂ ᠪᠣᠳᠠᠲᠤ ᠪᠠᠶᠢᠳᠠᠯ ᠢ ᠣᠨᠣᠪᠴᠢᠲᠠᠢ ᠪᠠᠷ ᠮᠠᠭᠠᠳᠯᠠᠬᠤ᠂ ᠬᠠᠤᠯᠢ ᠴᠠᠭᠠᠵᠠ ᠶᠢ ᠵᠥᠪ ᠣᠨᠣᠪᠴᠢᠲᠠᠢ ᠪᠠᠷ ᠬᠡᠷᠡᠭᠯᠡᠬᠦ᠂ ᠵᠥᠷᠢᠴᠡᠯ ᠢ ᠵᠣᠬᠢᠰᠲᠠᠢ ᠪᠠᠷ ᠨᠠᠮᠳᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠠᠬᠢᠴᠠ ᠳᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠨᠢ ᠴᠠᠭ ᠲᠤᠬᠠᠢ ᠳᠤ ᠨᠢ ᠲᠠᠭᠠᠨ ᠤᠷᠤᠭᠰᠢᠯᠠᠵᠤ ᠴᠢᠳᠠᠭᠰᠠᠨ ᠦᠭᠡᠢ ᠪᠠᠶᠢᠵᠤ᠂ ᠥᠭᠡᠷᠡᠴᠢᠯᠡᠯᠲᠡ ᠶᠢᠨ ᠰᠢᠰᠲ᠋ᠧᠮᠴᠢ ᠴᠢᠨᠠᠷ᠂ ᠪᠦᠬᠦᠯᠢ ᠴᠣᠭᠴᠠᠲᠤ ᠴᠢᠨᠠᠷ ᠪᠣᠯᠣᠨ ᠵᠣᠬᠢᠴᠠᠩᠭᠤᠢ ᠴᠢᠨᠠᠷ ᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠭᠤᠷᠪᠠ ᠳᠤ ᠭᠦᠢᠴᠡᠳᠬᠡᠬᠦ ᠳᠤ ᠬᠦᠴᠢᠷᠲᠡᠢ ᠪᠠᠶᠢᠳᠠᠯ ᠢ ᠰᠢᠢᠳᠪᠦᠷᠢᠯᠡᠭᠰᠡᠨ ᠨᠢ ᠬᠡᠳᠦᠶᠢᠪᠡᠷ ᠱᠠᠲᠤᠴᠢ ᠴᠢᠨᠠᠷ ᠲᠠᠢ ᠦᠷ᠎ᠡ ᠪᠦᠲᠦᠮᠵᠢ ᠣᠯᠣᠭᠰᠠᠨ ᠪᠣᠯᠪᠠᠴᠤ᠂ ᠭᠦᠢᠴᠡᠳᠬᠡᠬᠦ ᠶᠢᠨ ᠬᠤᠯᠪᠣᠯᠳᠤᠯ ᠵᠣᠬᠢᠮᠵᠢ᠂ ᠭᠦᠢᠴᠡᠳᠬᠡᠬᠦ ᠣᠷᠴᠢᠨ ᠲᠣᠭᠤᠷᠢᠨ᠂ ᠭᠦᠢᠴᠡᠳᠬᠡᠬᠦ ᠠᠵᠢᠯ ᠤᠨ ᠰᠤᠷᠲᠠᠯ ᠵᠡᠷᠭᠡ ᠲᠠᠯ᠎ᠠ ᠪᠠᠷ ᠦᠷᠭᠦᠯᠵᠢᠯᠡᠨ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠳᠣᠲᠣᠭᠠᠳᠤ ᠶᠢᠨ ᠬᠠᠮᠢᠶᠠᠷᠤᠯᠲᠠ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠡ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠂ ᠴᠢᠷᠮᠠᠶᠢᠨ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号