2018 ᠤᠨ ᠤ ᠬᠡᠰᠢᠭᠲᠡᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2018/3/22
      2018 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠶᠡᠷᠦᠩᠬᠡᠢ ᠠᠵᠢᠯ ᠤᠨ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠳᠡᠭᠡᠷ᠎ᠡ ᠱᠠᠲᠤᠨ ᠤ ᠰᠢᠭᠦᠬᠦ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠡᠯ᠎ᠡ ᠲᠥᠷᠥᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠭᠦᠨ ᠲᠠᠰᠤᠯᠵᠤ ᠭᠦᠢᠴᠡᠳᠬᠡᠬᠦ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠡᠰᠢᠭᠲᠡᠨ ᠬᠤᠰᠢᠭᠤᠨ ᠤ ᠰᠢᠭᠦᠬᠦ ᠬᠤᠷᠢᠶ᠎ᠠ ᠶᠢᠨ ᠪᠦᠬᠦᠯᠢ ᠴᠣᠭᠴᠠ ᠶᠢᠨ ᠠᠵᠢᠯ ᠤᠨ ᠤᠯᠠᠭᠠᠨᠬᠠᠳᠠ ᠬᠤᠲᠠ ᠶᠢᠨ ᠰᠢᠭᠦᠬᠦ ᠬᠤᠷᠢᠶ᠎ᠠ ᠶᠢᠨ ᠰᠢᠰᠲ᠋ᠧᠮ ᠤᠨ ᠡᠮᠦᠨ᠎ᠡ ᠡᠩᠨᠡᠭᠡᠨ ᠳᠤ ᠵᠢᠭᠰᠠᠭᠠᠭᠳᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠬᠤᠰᠢᠭᠤᠨ ᠤ ᠨᠡᠶᠢᠭᠡᠮ ᠤᠨ ᠲᠣᠭᠲᠠᠭᠤᠨ ᠪᠠ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ ᠡᠭᠦᠨ ᠤ ᠲᠤᠯᠠᠳᠠ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠷᠮᠠᠶᠢᠨ ᠰᠠᠶᠢᠲᠤᠷ ᠬᠢᠨ᠎ᠡ᠄        ᠨᠢᠭᠡ ᠳᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠡᠳᠬᠢᠯ ᠰᠢᠭᠤᠳᠤᠨ ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠳᠦᠷᠪᠡᠨ ᠤᠬᠠᠮᠰᠠᠷ︾᠎ ᠢ ᠠᠵᠢᠯ ᠤᠨ ᠪᠠᠶᠢᠷᠢ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠠᠯᠤᠰ ᠬᠡᠲᠦ ᠶᠢᠨ ᠴᠢᠨᠠᠷ᠂ ᠤᠷᠢᠳᠴᠢᠯᠠᠨ ᠰᠡᠷᠡᠬᠦ ᠴᠢᠨᠠᠷ᠂ ᠬᠥᠳᠡᠯᠦᠩᠭᠦᠢ ᠴᠢᠨᠠᠷ ᠢ ᠴᠢᠩᠭᠠᠳᠬᠠᠵᠤ᠂ ᠬᠤᠰᠢᠭᠤ ᠬᠡᠪᠴᠢᠶ᠎ᠡ ᠶᠢᠨ ᠠᠵᠤ ᠠᠬᠤᠢ ᠶᠢᠨ ᠬᠥᠭᠵᠢᠯᠲᠡ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠳᠤ ᠴᠢᠷᠮᠠᠶᠢᠨ ᠦᠢᠯᠡᠴᠢᠯᠡᠬᠦ ᠬᠡᠷᠡᠭᠲᠡᠢ ᠦᠢᠯᠡᠴᠢᠯᠡᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠬᠠᠷᠠᠯᠲᠠ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠵᠥᠷᠢᠴᠡᠯ ᠢ ᠨᠠᠮᠳᠠᠭᠤᠯᠬᠤ᠂ ᠵᠥᠪ ᠪᠤᠷᠤᠭᠤ ᠶᠢ ᠢᠯᠭᠠᠨ ᠲᠣᠳᠣᠷᠬᠠᠶᠢᠯᠠᠬᠤ ᠪᠠᠷ ᠳᠠᠮᠵᠢᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠳᠤ ᠦᠨᠡᠨ ᠬᠦ ᠨᠡᠶᠢᠴᠡᠬᠦ ᠦᠢᠯᠡ ᠠᠵᠢᠯᠯᠠᠭ᠎ᠠ ᠳᠤ ᠵᠣᠷᠢᠭᠵᠢᠭᠤᠯᠤᠯ ᠬᠦᠷᠲᠡᠭᠡᠵᠦ᠂ ᠭᠤᠣᠯᠯᠠᠬᠤ ᠥᠷᠲᠡᠭ ᠤᠨ ᠦᠵᠡᠯᠲᠡ ᠠᠴᠠ ᠲᠡᠷᠰᠯᠡᠭᠰᠡᠨ ᠦᠢᠯᠡ ᠠᠵᠢᠯᠯᠠᠭ᠎ᠠ ᠳᠤ ᠵᠠᠯᠬᠠᠭᠠᠯ ᠦᠵᠡᠭᠦᠯᠦᠨ᠎ᠡ᠃ ᠬᠡᠰᠡᠭ ᠲᠠᠯ᠎ᠠ ᠪᠣᠯᠣᠨ ᠪᠦᠬᠦ ᠲᠠᠯ᠎ᠠ ᠶᠢᠨ ᠬᠠᠷᠢᠴᠠᠭ᠎ᠠ ᠶᠢ ᠵᠥᠪ ᠣᠨᠣᠪᠴᠢᠲᠠᠢ ᠪᠠᠷ ᠰᠢᠢᠳᠪᠦᠷᠢᠯᠡᠵᠦ᠂ ᠣᠨᠴᠠᠭᠠᠢ ᠬᠡᠷᠡᠭ ᠤᠨ ᠰᠢᠳᠤᠷᠭᠤ ᠶᠣᠰᠣ ᠪᠣᠯᠣᠨ ᠳᠦᠷᠢᠮ ᠤᠨ ᠰᠢᠳᠤᠷᠭᠤ ᠶᠣᠰᠣ ᠶᠢ ᠪᠦᠬᠦ ᠲᠠᠯ᠎ᠠ ᠪᠠᠷ ᠪᠣᠳᠣᠯᠬᠢᠯᠠᠵᠤ᠂ ᠬᠡᠷᠡᠭ ᠢ ᠳᠠᠭᠤᠰᠬᠠᠬᠤ ᠪᠠ ᠤᠴᠢᠷ ᠶᠠᠪᠤᠳᠠᠯ ᠢ ᠲᠡᠭᠦᠰᠬᠡᠬᠦ ᠶᠢ ᠬᠠᠮᠲᠤ ᠳᠤ ᠨᠢ ᠬᠠᠷᠠᠭᠠᠯᠵᠠᠵᠤ᠂ ᠬᠠᠤᠯᠢ ᠴᠠᠭᠠᠵᠠ ᠪᠣᠯᠣᠨ ᠤᠴᠢᠷ ᠶᠣᠰᠣ ᠶᠢ ᠲᠡᠩᠴᠡᠭᠦᠷᠢ ᠲᠠᠢ ᠪᠠᠶᠢᠯᠭᠠᠬᠤ᠂ ᠣᠨᠴᠠᠭᠠᠢ ᠬᠡᠷᠡᠭ ᠢ ᠰᠢᠢᠳᠪᠦᠷᠢᠯᠡᠬᠦ ᠪᠠ ᠡᠷᠬᠡ ᠲᠡᠭᠰᠢ ᠪᠠᠷ ᠬᠡᠷᠡᠭᠯᠡᠬᠦ ᠶᠢ ᠵᠣᠬᠢᠴᠠᠩᠭᠤᠢ ᠪᠠᠶᠢᠯᠭᠠᠬᠤ ᠶᠢ ᠪᠡᠶᠡᠯᠡᠭᠦᠯᠵᠦ᠂ ᠡᠭᠦᠨᠴᠢᠯᠡᠨ ᠥᠨᠳᠥᠷ ᠬᠢᠷᠢ ᠲᠦᠪᠰᠢᠨ᠂ ᠥᠨᠳᠥᠷ ᠶᠠᠰᠤ ᠴᠢᠨᠠᠷ ᠪᠦᠬᠦᠢ ᠬᠠᠤᠯᠢ ᠴᠠᠭᠠᠵᠠ ᠶᠢᠨ ᠬᠢᠷᠢ ᠪᠦᠲᠦᠮᠵᠢ ᠶᠢ ᠡᠭᠦᠳᠴᠦ᠂ ᠨᠡᠶᠢᠭᠡᠮ ᠤᠨ ᠥᠷᠲᠡᠭ ᠤᠨ ᠤᠳᠤᠷᠢᠳᠤᠮᠵᠢ ᠶᠢᠨ ᠬᠦᠴᠦᠨ ᠢ ᠲᠣᠪᠣᠶᠢᠮ᠎ᠠ ᠢᠯᠡᠷᠡᠭᠦᠯᠦᠨ᠎ᠡ᠃       ᠬᠤᠶᠠᠷ ᠲᠤ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠡᠭᠦᠷᠭᠡᠯᠡᠵᠦ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠨ᠎ᠠ᠃ ᠡᠷᠡᠭᠦᠦ ᠶᠢᠨ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠭᠤᠴᠢᠯᠠᠬᠤ ᠪᠠ ᠴᠢᠩᠭ᠎ᠠ ᠰᠢᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠰᠢᠭᠦᠨ ᠲᠠᠰᠤᠯᠬᠤ ᠪᠠᠷ ᠭᠤᠣᠯ ᠪᠣᠯᠭᠠᠭᠰᠠᠨ ᠡᠷᠡᠭᠦᠦ ᠶᠢᠨ ᠵᠠᠷᠭᠤ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣ ᠪᠠᠷ ᠴᠢᠩᠭ᠎ᠠ ᠴᠣᠬᠢᠯᠲᠠ ᠥᠭᠭᠦᠨ᠎ᠡ︔ ︽ᠬᠤᠶᠠᠷ ᠳᠡᠭᠡᠳᠦ ᠬᠤᠷᠢᠶ᠎ᠠ ᠬᠤᠶᠠᠷ ᠶᠠᠮᠤᠨ︾᠎ ᠤ ᠵᠢᠯᠣᠭᠤᠳᠬᠤ ᠰᠠᠨᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠢ ᠭᠦᠢᠴᠡᠳ ᠳᠠᠶᠢᠴᠢᠯᠠᠨ ᠣᠯᠠᠨ ᠲᠦᠮᠡᠨ ᠳᠤ ᠲᠦᠰᠢᠭᠯᠡᠵᠦ᠂ ᠬᠠᠤᠯᠢ ᠶᠣᠰᠣ ᠪᠠᠷ᠂ ᠵᠥᠪ ᠣᠨᠣᠪᠴᠢᠲᠠᠢ᠂ ᠬᠦᠴᠦᠲᠡᠢ ᠪᠠᠷ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢ ᠰᠢᠢᠳᠬᠡᠵᠦ᠂ ᠬᠠᠷ᠎ᠠ ᠪᠦᠯᠦᠭ ᠢ ᠠᠷᠢᠯᠭᠠᠨ ᠬᠠᠷᠭᠢᠰ ᠬᠦᠴᠦᠨ ᠢ ᠴᠡᠪᠡᠷᠯᠡᠬᠦ ᠲᠤᠰᠬᠠᠢ ᠲᠥᠷᠥᠯ ᠤᠨ ᠲᠡᠮᠡᠴᠡᠯ ᠢ ᠭᠦᠨᠵᠡᠭᠡᠢ ᠥᠷᠨᠢᠭᠦᠯᠬᠦ ᠶᠢ ᠠᠬᠢᠭᠤᠯᠤᠨ᠎ᠠ᠃ ᠢᠷᠭᠡᠨ ᠤ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠥᠪ ᠤᠨ ᠠᠵᠤ ᠠᠬᠤᠢ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡ ᠶᠢᠨ ᠰᠢᠭᠦᠨ ᠲᠠᠰᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠮᠥᠩᠭᠦᠨ ᠭᠦᠢᠯᠭᠡᠭᠡ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠬᠠᠮᠠᠭᠠᠯᠠᠨ᠎ᠠ ︔ ᠨᠠᠰᠤᠲᠠᠶᠢᠴᠤᠳ ᠨᠢᠯᠬᠠᠰ ᠡᠮᠡᠭᠲᠡᠶᠢᠴᠦᠳ ᠪᠠᠭᠤᠷᠠᠶᠢᠴᠤᠤᠯ᠂ ᠰᠤᠷᠭᠠᠭᠤᠯᠢ ᠳᠤ ᠪᠠᠶᠢᠭ᠎ᠠ ᠰᠤᠷᠤᠭᠴᠢ᠂ ᠭᠡᠷ ᠲᠤ ᠪᠠᠨ ᠬᠤᠴᠣᠷᠤᠭᠰᠠᠨ ᠬᠥᠮᠥᠰ ᠵᠡᠷᠭᠡ ᠣᠨᠴᠠᠭᠠᠢ ᠬᠥᠮᠥᠰ ᠤᠨ ᠵᠢᠭᠤᠷᠠᠭᠠᠨ ᠤ ᠵᠣᠬᠢᠰᠲᠠᠢ ᠰᠢᠢᠳᠪᠦᠷᠢᠯᠡᠵᠦ᠂ ᠲᠣᠭᠲᠠᠭᠤᠨ ᠨᠡᠶᠢᠭᠡᠮ ᠤᠨ ᠡᠮᠬᠢ ᠲᠢᠭᠯᠢᠮ ᠢ ᠪᠠᠲᠤᠯᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠵᠠᠰᠠᠨ ᠰᠡᠷᠭᠦᠬᠦ ᠪᠠ ᠲᠥᠯᠥᠪᠦᠷᠢ ᠥᠭᠬᠦ ᠳᠦᠷᠢᠮ ᠢ ᠪᠠᠶᠢᠭᠤᠯᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠪᠠᠷ ᠦᠢᠯᠡᠴᠢᠯᠡᠨ᠎ᠡ᠃ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠪᠠ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠳᠤ ᠲᠣᠭᠲᠠᠭᠠᠭᠰᠠᠨ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠵᠤ᠂ ᠬᠠᠤᠯᠢ ᠶᠣᠰᠣ ᠪᠠᠷ ᠵᠠᠰᠠᠭ ᠵᠠᠬᠢᠷᠭᠠᠨ ᠤ ᠬᠡᠷᠡᠭ ᠢ ᠰᠢᠭᠦᠨ ᠰᠢᠢᠳᠪᠦᠷᠢᠯᠡᠨ᠎ᠡ︔ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠪᠠ ᠬᠠᠤᠯᠢ ᠪᠠᠷᠢᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠤᠨ ᠲᠤᠰᠬᠠᠬᠤ ᠠᠵᠢᠯ ᠢ ᠠᠬᠢᠭᠤᠯᠵᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠤᠬᠠᠮᠰᠠᠷ ᠪᠣᠯᠣᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠵᠢᠭᠤᠷᠠᠭᠠᠨ ᠢ ᠰᠡᠷᠭᠡᠶᠢᠯᠡᠨ ᠨᠠᠮᠳᠠᠭᠤᠯᠬᠤ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃       ᠭᠤᠷᠪᠠ ᠳᠤ ᠶᠡᠷᠦᠩᠬᠡᠢ ᠵᠠᠷᠴᠢᠮ ᠢ ᠦᠢᠯᠡᠳᠦᠯᠭᠡᠵᠢᠭᠦᠯᠵᠦ᠂ ᠦᠨᠳᠦᠰᠦ ᠶᠢ ᠪᠠᠬᠢᠵᠢᠭᠦᠯᠦᠨ ᠰᠠᠭᠤᠷᠢ ᠪᠠᠨ ᠪᠠᠲᠤᠳᠬᠠᠵᠤ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤ ᠥᠭᠭᠦᠨ᠎ᠡ᠃ ᠲᠣᠭᠤᠷᠢᠨ ᠰᠢᠭᠦᠨ ᠲᠠᠰᠤᠯᠬᠤ ᠠᠵᠢᠯ ᠢ ᠴᠢᠩᠭᠠᠳᠬᠠᠵᠤ᠂ ᠲᠣᠭᠤᠷᠢᠨ ᠰᠢᠭᠦᠨ ᠲᠠᠰᠤᠯᠬᠤ ᠦᠢᠯᠡᠴᠢᠯᠡᠭᠡ ᠶᠢᠨ ᠰᠦᠯᠵᠢᠶ᠎ᠡ ᠶᠢ ᠲᠡᠭᠦᠯᠳᠡᠷᠵᠢᠭᠦᠯᠵᠦ᠂ ᠲᠣᠭᠲᠠᠮᠠᠯ ᠲᠣᠭᠤᠷᠢᠨ ᠰᠢᠭᠦᠬᠦ ᠪᠠ ᠨᠡᠭᠦᠳᠡᠯ ᠲᠣᠭᠤᠷᠢᠨ ᠰᠢᠭᠦᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠣᠯᠠᠨ ᠲᠦᠮᠡᠨ ᠤ ᠣᠶᠢᠷ᠎ᠠ ᠣᠷᠴᠢᠨ ᠳᠤ ᠰᠢᠭᠦᠯᠲᠡ ᠡᠬᠢᠯᠡᠭᠦᠯᠦᠨ ᠬᠡᠷᠡᠭ ᠢ ᠰᠢᠭᠦᠨ ᠰᠢᠢᠳᠪᠦᠷᠢᠯᠡᠬᠦ ᠶᠢ ᠪᠠᠷᠢᠮᠲᠠᠯᠠᠨ᠎ᠠ᠃ ᠡᠭᠦᠨ ᠤ ᠬᠠᠮᠲᠤ᠂ ᠣᠯᠠᠨ ᠲᠦᠮᠡᠨ ᠳᠤ ᠳᠥᠭᠦᠮ ᠦᠵᠡᠭᠦᠯᠬᠦ ᠵᠠᠷᠭᠤ ᠶᠢᠨ ᠵᠠᠷᠴᠢᠮ ᠢ ᠪᠠᠷᠢᠮᠲᠠᠯᠠᠨ᠂ ᠲᠣᠭᠤᠷᠢᠨ ᠰᠢᠭᠦᠨ ᠲᠠᠰᠤᠯᠬᠤ ᠠᠵᠢᠯ ᠢ ᠬᠢᠨᠠᠨ ᠰᠢᠯᠭᠠᠬᠤ ᠪᠠ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠣᠭᠤᠷᠢᠨ ᠰᠢᠭᠦᠨ ᠲᠠᠰᠤᠯᠬᠤ ᠠᠵᠢᠯ ᠳᠠᠬᠢ ᠬᠡᠯᠪᠡᠷᠢ ᠶᠢᠨ ᠦᠵᠡᠯ ᠢ ᠲᠡᠪᠴᠢᠵᠦ᠂ ᠲᠤᠬᠠᠢ ᠶᠢᠨ ᠬᠥᠮᠥᠨ ᠤ ᠵᠠᠷᠭᠤ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠵᠠᠷᠭᠤ ᠶᠢᠨ ᠦᠢᠯᠡᠴᠢᠯᠡᠭᠡ ᠶᠢᠨ ᠴᠢᠳᠠᠪᠤᠷᠢ ᠶᠢ ᠲᠡᠭᠦᠯᠳᠡᠷᠵᠢᠭᠦᠯᠵᠦ᠂ ᠬᠡᠷᠡᠭ ᠪᠣᠯᠭᠠᠨ ᠳᠠᠩᠰᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ 12368 ᠵᠠᠷᠭᠤ ᠶᠢᠨ ᠦᠢᠯᠡᠴᠢᠯᠡᠭᠡ ᠶᠢᠨ ᠰᠢᠭᠤᠳ ᠤᠲᠠᠰᠤ ᠪᠠᠷ ᠰᠤᠷᠠᠭ ᠵᠠᠩᠭᠢ ᠶᠢ ᠯᠠᠪᠯᠠᠨ ᠠᠰᠠᠭᠤᠬᠤ᠂ ᠵᠠᠷᠭᠤ ᠶᠢ ᠯᠠᠪᠯᠠᠨ ᠠᠰᠠᠭᠤᠬᠤ᠂ ᠤᠷᠢᠳᠴᠢᠯᠠᠨ ᠪᠣᠯᠵᠣᠬᠤ ᠦᠢᠯᠡᠴᠢᠯᠡᠭᠡ᠂ ᠵᠠᠭᠠᠯᠳᠤᠨ ᠢᠯᠡᠴᠢᠯᠡᠨ ᠮᠡᠳᠡᠭᠦᠯᠬᠦ᠂ ᠰᠠᠨᠠᠯ ᠰᠠᠨᠠᠭᠤᠯᠭ᠎ᠠ ᠳᠡᠪᠰᠢᠭᠦᠯᠬᠦ ᠦᠢᠯᠡᠳᠦᠯ ᠢ ᠪᠠᠳᠠᠷᠠᠭᠤᠯᠵᠤ᠂ ᠬᠠᠤᠯᠢ ᠴᠠᠭᠠᠵᠠ ᠶᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠡᠩ ᠣᠶᠢᠷᠠᠲᠤᠭᠤᠯᠤᠨ᠎ᠠ᠃ ᠠᠷᠠᠳ ᠤᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠤᠭ ᠬᠤᠷᠢᠮ᠂ ᠰᠤᠷᠭᠠᠨ ᠬᠥᠮᠥᠵᠢᠯ᠂ ᠠᠵᠢᠯ ᠣᠯᠭᠤᠯᠲᠠ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠬᠡᠷᠡᠭ ᠢ ᠵᠣᠬᠢᠰᠲᠠᠢ ᠰᠢᠭᠦᠨ ᠰᠢᠢᠳᠪᠦᠷᠢᠯᠡᠵᠦ᠂ ᠪᠠᠭᠤᠷᠠᠶᠢᠴᠤᠤᠯ ᠳᠠᠬᠢ ᠬᠠᠤᠯᠢ ᠴᠠᠭᠠᠵᠠ ᠶᠢᠨ ᠬᠠᠮᠠᠭᠠᠯᠠᠬᠤ ᠬᠦᠴᠦᠯᠡᠴᠡ ᠶᠢ ᠨᠡᠮᠡᠭᠳᠡᠭᠦᠯᠦᠨ᠎ᠡ᠃ ᠲᠠᠰᠤᠯᠤᠨ ᠲᠣᠭᠲᠠᠭᠠᠬᠤ ᠬᠡᠮ ᠪᠠᠷᠢᠮᠵᠢᠶ᠎ᠠ ᠶᠢ ᠳᠦᠷᠢᠮᠵᠢᠭᠦᠯᠵᠦ᠂ ᠢᠵᠢᠯ ᠲᠥᠷᠥᠯ ᠤᠨ ᠬᠡᠷᠡᠭ ᠤᠨ ᠰᠢᠭᠦᠯᠲᠡ ᠶᠢᠨ ᠪᠠᠷᠢᠮᠵᠢᠶ᠎ᠠ ᠶᠢ ᠨᠢᠭᠡᠳᠬᠡᠵᠦ᠂ ︽ᠠᠳᠠᠯᠢ ᠲᠥᠷᠥᠯ ᠤᠨ ᠬᠡᠷᠡᠭ ᠨᠢ ᠠᠳᠠᠯᠢ ᠪᠤᠰᠤ ᠲᠠᠰᠤᠯᠤᠯᠲᠠ ᠲᠠᠢ ᠪᠠᠶᠢᠬᠤ︾ ᠦᠵᠡᠭᠳᠡᠯ ᠢ ᠡᠷᠡᠰ ᠲᠡᠪᠴᠢᠵᠦ᠂ ᠬᠡᠷᠡᠭ ᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠴᠢᠷᠮᠠᠶᠢᠨ ᠢᠯᠡᠷᠡᠭᠦᠯᠦᠨ᠎ᠡ᠃       ᠳᠥᠷᠪᠡ ᠳᠤ ᠵᠣᠬᠢᠮᠵᠢ ᠳᠤ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠦᠬᠦ ᠬᠤᠷᠢᠶ᠎ᠠ ᠶᠢᠨ ᠡᠯ᠎ᠡ ᠲᠥᠷᠥᠯ ᠤᠨ ᠠᠵᠢᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠴᠢᠷᠮᠠᠶᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠦᠭᠴᠢ ᠶᠢᠨ ᠡᠷᠬᠡ ᠠᠰᠢᠭ ᠤᠨ ᠬᠠᠮᠠᠭᠠᠯᠠᠯᠲᠠ ᠶᠢ ᠲᠦᠷᠭᠡᠨ ᠠᠬᠢᠭᠤᠯᠵᠤ᠂ ᠲᠤᠰᠬᠠᠢ ᠰᠢᠭᠦᠭᠴᠢ ᠶᠢᠨ ᠬᠤᠷᠠᠯ ᠤᠨ ᠳᠦᠷᠢᠮ ᠵᠡᠷᠭᠡ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠤᠷᠢᠶ᠎ᠠ ᠶᠢᠨ ᠳᠠᠷᠤᠭ᠎ᠠ ᠪᠠ ᠲᠢᠩᠬᠢᠮ ᠤᠨ ᠳᠠᠷᠤᠭ᠎ᠠ ᠶᠢᠨ ᠬᠡᠷᠡᠭ ᠰᠢᠭᠦᠨ ᠰᠢᠢᠳᠪᠦᠷᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠦᠬᠦ ᠵᠢᠯ ᠳᠤ ᠬᠤᠷᠢᠶ᠎ᠠ ᠶᠢᠨ ᠳᠠᠷᠤᠭ᠎ᠠ ᠶᠢᠨ ᠬᠡᠷᠡᠭ ᠰᠢᠭᠦᠨ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠰᠢᠭᠦᠭᠴᠢ ᠶᠢᠨ ᠬᠡᠷᠡᠭ ᠰᠢᠭᠦᠬᠦ ᠳᠤᠮᠳᠠᠴᠢ ᠲᠤᠭ᠎ᠠ ᠶᠢᠨ 5%᠎ ᠠᠴᠠ ᠳᠣᠣᠷ᠎ᠠ ᠦᠭᠡᠢ ᠪᠠᠶᠢᠯᠭᠠᠵᠤ᠂ ᠬᠤᠷᠢᠶ᠎ᠠ ᠶᠢᠨ ᠳᠡᠳ᠋ ᠳᠠᠷᠤᠭ᠎ᠠ ᠶᠢᠨ ᠬᠡᠷᠡᠭ ᠰᠢᠭᠦᠨ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠰᠢᠭᠦᠭᠴᠢ ᠶᠢᠨ ᠬᠡᠷᠡᠭ ᠰᠢᠭᠦᠬᠦ ᠳᠤᠮᠳᠠᠴᠢ ᠲᠤᠭ᠎ᠠ ᠶᠢᠨ 30%᠎ ᠠᠴᠠ ᠳᠣᠣᠷ᠎ᠠ ᠦᠭᠡᠢ ᠪᠠᠶᠢᠯᠭᠠᠵᠤ᠂ ᠲᠢᠩᠬᠢᠮ ᠤᠨ ᠳᠠᠷᠤᠭ᠎ᠠ ᠶᠢᠨ ᠬᠡᠷᠡᠭ ᠰᠢᠭᠦᠨ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠰᠢᠭᠦᠭᠴᠢ ᠶᠢᠨ ᠬᠡᠷᠡᠭ ᠰᠢᠭᠦᠬᠦ ᠳᠤᠮᠳᠠᠴᠢ ᠲᠤᠭ᠎ᠠ ᠶᠢᠨ 50%᠎ ᠠᠴᠠ ᠳᠣᠣᠷ᠎ᠠ ᠦᠭᠡᠢ ᠪᠠᠶᠢᠯᠭᠠᠨ᠎ᠠ᠃ ᠬᠠᠤᠯᠢ ᠴᠠᠭᠠᠵᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠤᠳᠤᠯᠢᠶᠠᠨᠲᠠᠢ ᠪᠠ ᠳᠥᠭᠦᠮ ᠢ ᠰᠠᠯᠭᠠᠨ ᠲᠣᠬᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠰᠢᠭᠦᠬᠦ ᠬᠤᠷᠢᠶ᠎ᠠ ᠶᠢᠨ ᠳᠣᠲᠣᠭᠠᠳᠤ ᠳᠤ ᠲᠣᠬᠢᠷᠠᠭᠤᠯᠤᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠰᠢᠨ᠎ᠡ ᠬᠡᠪ ᠪᠠᠶᠢᠳᠠᠯ ᠳᠣᠣᠷᠠᠬᠢ ᠬᠡᠷᠡᠭ ᠤᠨ ᠲᠦᠷᠭᠡᠨ ᠨᠡᠮᠡᠭᠳᠡᠯ ᠤᠨ ᠬᠠᠨᠳᠤᠰᠢ ᠶᠢ ᠢᠳᠡᠪᠬᠢᠲᠡᠢ ᠪᠠᠷ ᠠᠷᠭᠠᠴᠠᠭᠠᠵᠤ᠂ ᠵᠢᠭᠤᠷᠠᠭᠠᠨ ᠢ ᠰᠢᠢᠳᠪᠦᠷᠢᠯᠡᠬᠦ ᠣᠯᠠᠨ ᠡᠰᠢᠲᠦ ᠵᠣᠬᠢᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠬᠢ ᠡᠭᠦᠰᠦᠯ ᠳᠡᠭᠡᠷ᠎ᠡ ᠨᠢ ᠵᠥᠷᠢᠴᠡᠯ ᠵᠢᠭᠤᠷᠠᠭᠠᠨ ᠢ ᠪᠠᠭᠠᠰᠬᠠᠨ᠎ᠠ᠃       ᠱᠠᠲᠤ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠭᠦᠢᠴᠡᠳᠬᠡᠬᠦ ᠠᠵᠢᠯ ᠤᠨ ᠵᠣᠬᠢᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠭᠦᠢᠴᠡᠳᠬᠡᠬᠦ ᠶᠢᠨ ᠡᠩᠨᠡᠭᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠭᠦᠢᠴᠡᠳᠬᠡᠬᠦ ᠱᠠᠲᠤᠨ ᠳᠤ 3 ᠭᠦᠢᠴᠡᠳᠬᠡᠬᠦ ᠡᠩᠨᠡᠭᠡ ᠶᠢ ᠪᠠᠶᠢᠭᠤᠯᠵᠤ᠂ ᠣᠷᠣᠨ ᠲᠣᠭᠠᠲᠤ ᠰᠢᠭᠦᠭᠴᠢ ᠶᠢᠨ ᠵᠢᠯᠣᠭᠤᠳᠤᠯᠭ᠎ᠠ ᠳᠣᠣᠷ᠎ᠠ ᠠᠵᠢᠯ ᠢᠶᠠᠨ ᠥᠷᠨᠢᠭᠦᠯᠦᠨ᠎ᠡ᠃ ᠡᠭᠦᠨ ᠤ ᠬᠠᠮᠲᠤ᠂ ᠭᠦᠢᠴᠡᠳᠬᠡᠬᠦ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠵᠦ᠂ ᠭᠦᠢᠴᠡᠳᠬᠡᠬᠦ ᠬᠦᠴᠦᠨ ᠢ ᠴᠢᠩᠭᠠᠳᠬᠠᠨ᠎ᠠ︔ ᠭᠦᠢᠴᠡᠳᠬᠡᠬᠦ ᠪᠠ ᠲᠠᠰᠤᠯᠤᠨ ᠲᠣᠭᠲᠠᠭᠠᠬᠤ ᠶᠢ ᠰᠠᠯᠭᠠᠬᠤ ᠶᠢ ᠪᠠᠷᠢᠮᠲᠠᠯᠠᠵᠤ᠂ ᠡᠷᠬᠡ ᠳᠤ ᠬᠢᠨᠠᠯᠲᠠ ᠲᠠᠯᠪᠢᠨ ᠡᠷᠬᠡ ᠶᠢ ᠬᠢᠵᠠᠭᠠᠷᠯᠠᠬᠤ ᠶᠢ ᠴᠢᠩᠭᠠᠳᠬᠠᠨ᠎ᠠ︔  ᠲᠥᠩ ᠳ᠋ᠠ ᠬᠠᠢ ᠰᠢᠰᠲ᠋ᠧᠮ ᠵᠡᠷᠭᠡ ᠰᠤᠷᠠᠭ ᠵᠠᠩᠭᠢᠵᠢᠯᠲᠠ ᠶᠢᠨ ᠴᠢᠳᠠᠮᠵᠢ ᠶᠢ ᠭᠦᠨᠵᠡᠭᠡᠢ ᠠᠭᠤᠳᠠᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠲᠡᠢ ᠲᠤᠯᠭᠠᠭᠤᠷᠢᠯᠠᠯ ᠢ ᠬᠠᠩᠭᠠᠨ᠎ᠠ︔ ᠭᠦᠢᠴᠡᠳᠬᠡᠬᠦ ᠶᠢ ᠳᠠᠮᠫᠤᠷᠠᠯ ᠤᠨ ᠬᠢᠨᠠᠨ ᠪᠠᠶᠢᠴᠠᠭᠠᠬᠤ ᠳᠤ ᠰᠢᠯᠵᠢᠭᠦᠯᠬᠦ᠂ ᠭᠦᠢᠴᠡᠳᠬᠡᠬᠦ ᠶᠢ ᠬᠤᠪᠢᠶᠠᠷᠢᠯᠠᠬᠤ ᠳᠤ ᠣᠷᠣᠯᠴᠠᠭᠤᠯᠬᠤ ᠵᠡᠷᠭᠡ ᠰᠢᠨ᠎ᠡ ᠵᠣᠬᠢᠮᠵᠢ ᠶᠢ ᠢᠳᠡᠪᠬᠢᠲᠡᠢ ᠪᠠᠷ ᠰᠦᠪᠡᠭᠴᠢᠯᠡᠵᠦ᠂ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠮᠤᠭ ᠡᠴᠦᠰ ᠲᠤ ᠪᠤᠢ ᠪᠦᠬᠦᠢ ᠭᠦᠢᠴᠡᠳᠬᠡᠬᠦ ᠬᠡᠷᠡᠭ ᠢ ᠳᠦᠷᠢᠮᠵᠢᠭᠦᠯᠬᠦ ᠶᠢ ᠪᠡᠶᠡᠯᠡᠭᠦᠯᠦᠨ᠎ᠡ᠃       ᠲᠠᠪᠤ ᠳᠤ ᠪᠠᠲᠤᠯᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠲᠥᠪ ᠭᠤᠣᠯᠴᠢ ᠥᠨᠳᠥᠷ ᠪᠦᠲᠦᠮᠵᠢ ᠲᠢ ᠠᠷᠢᠭᠤᠨ ᠴᠢᠬᠡᠴᠢ ᠣᠳᠣᠬᠢᠴᠢᠯᠠᠭᠰᠠᠨ ᠰᠢᠭᠦᠬᠦ ᠬᠤᠷᠢᠶ᠎ᠠ ᠶᠢ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠣᠶᠤᠨᠴᠢ ᠰᠢᠭᠦᠬᠦ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠪᠢᠶ᠎ᠠ ᠪᠠᠷ ᠰᠢᠩᠭᠡᠭᠡᠨ ᠣᠷᠣᠭᠤᠯᠬᠤ᠂ ᠣᠶᠤᠨᠯᠢᠭ ᠢᠶᠠᠷ ᠲᠠᠭᠯᠠᠬᠤ᠂ ᠪᠢᠴᠢᠭ ᠬᠠᠷ᠎ᠠ ᠥᠪᠡᠷᠲᠡᠭᠡᠨ ᠪᠦᠷᠢᠯᠳᠦᠬᠦ᠂ ᠡᠯᠧᠺᠲᠷᠣᠨ ᠡᠪᠬᠡᠮᠡᠯ ᠨᠢ ᠬᠡᠷᠡᠭ ᠲᠠᠢ ᠢᠵᠢᠯ ᠠᠯᠬᠤᠮ ᠢᠶᠠᠷ ᠪᠦᠷᠢᠯᠳᠦᠬᠦ ᠵᠡᠷᠭᠡ ᠠᠯᠪᠠᠯᠠᠨ ᠬᠡᠷᠡᠭ ᠰᠢᠢᠳᠪᠦᠷᠢᠯᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠮᠡᠭᠡ ᠵᠠᠩᠭᠢᠵᠢᠯᠲᠠ ᠪᠠ ᠰᠢᠭᠦᠬᠦ ᠬᠤᠷᠢᠶ᠎ᠠ ᠶᠢᠨ ᠠᠵᠢᠯ ᠢ ᠪᠦᠬᠦ ᠲᠠᠯ᠎ᠠ ᠪᠠᠷ ᠠᠭᠤᠰᠤᠯᠴᠠᠭᠤᠯᠬᠤ ᠶᠢ ᠴᠢᠷᠮᠠᠶᠢᠨ ᠠᠬᠢᠭᠤᠯᠤᠨ᠎ᠠ᠃ ︽ᠲᠠᠪᠤ ᠶᠢ ᠡᠷᠡᠰ ᠴᠠᠭᠠᠵᠠᠯᠠᠬᠤ︾᠂ ᠲᠤᠰᠢᠶᠠᠯ ᠡᠭᠦᠷᠭᠡᠯᠡᠭᠦᠯᠬᠦ ᠠᠴᠠ ᠵᠠᠶᠢᠯᠠᠭᠤᠯᠬᠤ᠂ ᠬᠡᠷᠡᠭ ᠤᠨ ᠲᠡᠮᠳᠡᠭᠯᠡᠯ ᠳᠤ ᠭᠠᠷ ᠳᠦᠷᠦᠬᠦ ᠪᠠ ᠠᠰᠠᠭᠤᠬᠤ ᠠᠵᠢᠯᠯᠠᠭ᠎ᠠ ᠶᠢ ᠨᠡᠶᠢᠲᠡᠯᠡᠨ ᠬᠠᠷᠢᠭᠤᠴᠠᠯᠭ᠎ᠠ ᠨᠡᠬᠡᠮᠵᠢᠯᠡᠬᠦ᠂ ᠬᠠᠤᠯᠢ ᠴᠠᠭᠠᠵᠠ ᠶᠢᠨ ᠠᠵᠢᠯᠲᠠᠨ ᠪᠣᠯᠣᠨ ᠬᠤᠯᠪᠣᠭᠳᠠᠯ ᠪᠦᠬᠦᠢ ᠬᠥᠮᠥᠰ ᠤᠨ ᠶᠠᠪᠤᠯᠴᠠᠭ᠎ᠠ ᠶᠢ ᠳᠦᠷᠢᠮᠵᠢᠭᠦᠯᠬᠦ ᠵᠡᠷᠭᠡ ᠴᠢᠩᠭ᠎ᠠ ᠲᠣᠭᠲᠠᠭᠠᠯ ᠬᠤᠷᠢᠭ᠎ᠠ ᠴᠠᠭᠠᠵᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠷᠠᠭ ᠪᠦᠷᠢ ᠳᠤ ᠨᠢᠭᠡ ᠤᠳᠠᠭ᠎ᠠ ᠰᠢᠭᠦᠯᠲᠡ ᠶᠢᠨ ᠠᠵᠢᠯ ᠤᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠪᠦᠬᠦ ᠵᠢᠯ ᠳᠤ ᠰᠢᠭᠦᠯᠲᠡ ᠶᠢᠨ ᠠᠵᠢᠯ ᠤᠨ ᠬᠢᠨᠠᠨ ᠪᠠᠶᠢᠴᠠᠭᠠᠯᠲᠠ ᠶᠢ 50 ᠤᠳᠠᠭ᠎ᠠ ᠠᠴᠠ ᠳᠡᠭᠡᠭᠰᠢ ᠥᠷᠨᠢᠭᠦᠯᠬᠦ ᠶᠢ ᠪᠠᠲᠤᠯᠠᠵᠤ᠂ ᠺᠠᠳ᠋ᠷ ᠴᠠᠭᠳᠠᠭ᠎ᠠ ᠨᠠᠷ ᠰᠠᠬᠢᠯᠭ᠎ᠠ ᠲᠠᠢ ᠰᠡᠷᠡᠮᠵᠢ ᠲᠠᠢ ᠬᠢᠴᠢᠶᠡᠩᠭᠦᠢ ᠪᠠᠶᠢᠬᠤ ᠶᠢ ᠰᠢᠪᠠᠳᠠᠨ ᠱᠠᠭᠠᠷᠳᠠᠨ᠎ᠠ᠃ ᠰᠢᠭᠦᠬᠦ ᠬᠤᠷᠢᠶ᠎ᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠬᠤᠷᠢᠶ᠎ᠠ ᠶᠢ ᠴᠢᠩᠭ᠎ᠠ ᠵᠠᠰᠠᠬᠤ ᠠᠵᠢᠯ ᠳᠠᠬᠢ ᠪᠠᠭᠤᠷᠠᠢ ᠭᠤᠭᠴᠤᠭ᠎ᠠ᠂ ᠲᠦᠭᠰᠢᠭᠦᠷᠢ ᠲᠠᠢ ᠵᠠᠩᠭᠢᠯᠠᠭ᠎ᠠ ᠶᠢᠨ ᠬᠡᠰᠡᠭ ᠢ ᠨᠠᠷᠢᠨ ᠬᠢᠨᠠᠮᠠᠭᠠᠢ ᠡᠷᠢᠨ ᠭᠠᠷᠭᠠᠵᠤ᠂ ᠴᠢᠭᠯᠡᠯᠲᠦ ᠴᠢᠨᠠᠷ ᠲᠠᠢ ᠳᠦᠷᠢᠮ ᠢ ᠪᠠᠶᠢᠭᠤᠯᠵᠤ᠂ ᠳᠦᠷᠢᠮ ᠤᠨ ᠰᠠᠭᠤᠷᠢ ᠶᠢ ᠪᠠᠲᠤ ᠴᠢᠩᠭ᠎ᠠ ᠲᠠᠯᠪᠢᠨ᠎ᠠ᠃ ᠰᠢᠭᠦᠨ ᠲᠠᠰᠤᠯᠤᠯᠲᠠ ᠶᠢᠨ ᠶᠠᠪᠤᠴᠠ ᠶᠢ ᠢᠯᠡ ᠪᠣᠯᠭᠠᠬᠤ᠂ ᠲᠠᠰᠤᠯᠤᠯᠲᠠ ᠶᠢᠨ ᠪᠢᠴᠢᠭ ᠬᠠᠷ᠎ᠠ ᠶᠢ ᠢᠯᠡ ᠪᠣᠯᠭᠠᠬᠤ᠂ ᠭᠦᠢᠴᠡᠳᠬᠡᠬᠦ ᠰᠤᠷᠠᠭ ᠵᠠᠩᠭᠢ ᠶᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠭᠰᠠᠨ ᠤ ᠰᠠᠭᠤᠷᠢᠨ ᠳᠡᠭᠡᠷ᠎ᠡ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠭᠦᠯᠲᠡ ᠶᠢᠨ ᠶᠠᠪᠤᠴᠠ ᠶᠢ ᠨᠡᠶᠢᠭᠡᠮ ᠳᠤ ᠢᠯᠡ ᠪᠣᠯᠭᠠᠵᠤ᠂ ᠬᠠᠤᠯᠢ ᠪᠠᠷᠢᠬᠤ ᠶᠢ ᠢᠯᠡ ᠪᠣᠯᠭᠠᠬᠤ ᠠᠵᠢᠯ ᠢ ᠠᠬᠢᠭᠤᠯᠤᠨ᠎ᠠ᠃ ᠲᠤᠬᠠᠢ ᠶᠢᠨ ᠬᠥᠮᠥᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠵᠦ᠂ ᠨᠡᠭᠡᠭᠡᠯᠲᠡᠲᠤ᠂ ᠬᠥᠳᠡᠯᠦᠩᠭᠦᠢ᠂ ᠢᠯᠡ ᠲᠣᠳᠣᠷᠬᠠᠢ᠂ ᠠᠷᠠᠳ ᠲᠤ ᠳᠥᠭᠦᠮ ᠦᠵᠡᠭᠦᠯᠦᠭᠰᠡᠨ ᠡᠷᠡᠭᠦᠯ ᠰᠠᠷᠠᠭᠤᠯ ᠢᠯᠡ ᠲᠣᠳᠣᠷᠬᠠᠢ ᠬᠠᠤᠯᠢ ᠴᠠᠭᠠᠵᠠ ᠶᠢᠨ ᠵᠣᠬᠢᠮᠵᠢ ᠶᠢ ᠴᠢᠷᠮᠠᠶᠢᠨ ᠴᠣᠭᠴᠠᠯᠠᠨ᠎ᠠ᠃       ᠲᠥᠯᠥᠭᠡᠯᠡᠭᠴᠢᠳ ᠡ᠂ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠨᠢ ᠰᠢᠭᠦᠬᠦ ᠬᠤᠷᠢᠶ᠎ᠠ ᠶᠢᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠨᠢᠭᠡᠨ ᠵᠢᠯ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠪᠣᠯᠣᠨ ᠲᠤᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠭ ᠵᠣᠷᠢᠯᠲᠠ ᠪᠠᠨ ᠤᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠡᠳᠬᠢᠯ ᠰᠢᠭᠤᠳᠤᠨ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ᠂ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠡᠩ ᠶᠡᠭᠡ ᠬᠦᠴᠦᠨ ᠪᠦᠬᠦᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号