ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ  ︵ᠨᠢᠭᠡ︶
ᠨᠡᠶᠢᠲᠡᠯᠡᠭᠰᠡᠨ ᠴᠠᠭ᠄
2018/3/23
     ︵2018 ᠣᠨ ᠤ 2 ᠰᠠᠷ᠎ᠠ ᠶᠢᠨ 26 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ       ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ︶                                              ᠾᠸᠤ ᠭᠦᠸᠧ ᠶᠸᠤ ᠭᠡᠰᠢᠭᠦᠳ ᠡ᠄        ᠣᠳᠣ ᠪᠢ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠃ ᠡᠭᠦᠨ ᠤ ᠬᠠᠮᠲᠤ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠶ᠎ᠡ᠃        2017 ᠣᠨ ᠤ ᠠᠵᠢᠯ ᠤᠨ ᠡᠷᠭᠢᠴᠡᠭᠦᠯᠦᠯ        2017 ᠣᠨ ᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠦᠴᠦᠲᠡᠢ ᠳᠡᠮᠵᠢᠯᠭᠡ ᠳᠣᠣᠷ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠬᠡᠮᠡᠬᠦ ᠬᠤᠶᠠᠷ ᠲᠣᠮᠣ ᠭᠤᠣᠯ ᠰᠡᠳᠦᠪ ᠢ ᠪᠠᠲᠤ ᠡᠵᠡᠮᠳᠡᠨ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠢ ᠤᠳᠤᠷᠢᠳᠤᠨ ᠳᠠᠭᠠᠭᠠᠭᠤᠯᠵᠤ᠂ ᠤᠯᠤᠰ ᠲᠥᠷᠥ ᠶᠢ ᠵᠥᠪᠯᠡᠬᠦ᠂ ᠠᠷᠠᠳᠴᠢᠯᠠᠯ ᠳᠤ ᠬᠢᠨᠠᠯᠲᠠ ᠲᠠᠯᠪᠢᠬᠤ᠂ ᠲᠥᠷᠥ ᠳᠤ ᠣᠷᠣᠯᠴᠠᠨ ᠵᠠᠰᠠᠭ ᠢ ᠵᠥᠪᠯᠡᠬᠦ ᠡᠷᠬᠡ ᠲᠤᠰᠢᠶᠠᠯ ᠢᠶᠠᠨ ᠨᠠᠷᠢᠨ ᠬᠢᠨᠠᠮᠠᠭᠠᠢ ᠪᠡᠶᠡᠯᠡᠭᠦᠯᠦᠨ᠂ ᠶᠡᠭᠡ ᠪᠠᠶᠢᠳᠠᠯ ᠢ ᠡᠵᠡᠮᠳᠡᠬᠦ ᠳᠤ ᠰᠡᠳᠬᠢᠮᠵᠢ ᠪᠠᠨ ᠲᠣᠳᠣ ᠪᠣᠯᠭᠠᠵᠤ᠂ ᠬᠥᠭᠵᠢᠯᠲᠡ ᠳᠤ ᠦᠢᠯᠡᠴᠢᠯᠡᠬᠦ ᠳᠤ ᠪᠠᠶᠢᠷᠢ ᠲᠣᠭᠲᠠᠭᠠᠯᠲᠠ ᠪᠠᠨ ᠣᠨᠣᠪᠴᠢᠲᠡᠢ ᠪᠠᠶᠢᠯᠭᠠᠨ᠂ ᠡᠶ᠎ᠡ ᠵᠣᠬᠢᠴᠠᠯ ᠢ ᠠᠬᠢᠭᠤᠯᠬᠤ ᠳᠤ ᠰᠠᠨᠠᠭᠠᠴᠢᠯᠠᠭ᠎ᠠ ᠲᠠᠢ ᠵᠢᠳᠬᠦᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠠᠷᠢᠭᠤᠴᠠᠯᠭ᠎ᠠ ᠪᠠᠨ ᠭᠦᠢᠴᠡᠳᠬᠡᠨ ᠬᠦᠴᠦ ᠭᠠᠷᠭᠠᠵᠤ᠂ ᠮᠠᠨ ᠤ ᠬᠤᠰᠢᠭᠤᠨ ᠤ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠶᠢᠨ ᠤᠷᠤᠭᠰᠢᠲᠠᠢ ᠬᠡᠷᠡᠭᠵᠢᠭᠦᠯᠦᠭᠳᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠭᠠᠷᠭᠠᠭᠰᠠᠨ ᠪᠠᠶᠢᠨ᠎ᠠ᠃         ︵ᠨᠢᠭᠡ︶ ᠪᠦᠬᠦ ᠲᠠᠯ᠎ᠠ ᠳᠤ ᠠᠩᠬᠠᠷᠤᠯ ᠢᠶᠠᠨ ᠬᠠᠨᠳᠤᠭᠤᠯᠵᠤ᠂ ᠠᠷᠭ᠎ᠠ ᠪᠣᠳᠣᠯᠭ᠎ᠠ ᠪᠠᠨ ᠡᠷᠭᠦᠨ᠂ ᠢᠳᠡᠪᠬᠢᠲᠦ ᠤᠯᠤᠰ ᠲᠥᠷᠥ ᠶᠢᠨ ᠵᠥᠪᠯᠡᠯᠭᠡᠨ ᠴᠢᠷᠮᠠᠶᠢᠨ ᠪᠠᠶᠢᠭᠤᠯᠪᠠ᠃         ᠪᠦᠬᠦ ᠭᠡᠰᠢᠭᠦᠳ ᠤᠨ ᠬᠤᠷᠠᠯ ᠢᠶᠠᠷ ᠳᠠᠮᠵᠢᠭᠤᠯᠤᠨ ᠠᠷᠭ᠎ᠠ ᠪᠣᠳᠣᠯᠭ᠎ᠠ ᠬᠤᠷᠠᠮᠳᠤᠭᠤᠯᠪᠠ᠃ ᠨᠢᠭᠡ ᠵᠢᠯ ᠤᠨ ᠲᠤᠷᠰᠢ᠂ ᠤᠷᠢᠳ ᠬᠤᠵᠢᠳ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤᠨ ᠪᠦᠬᠦ ᠭᠡᠰᠢᠭᠦᠳ ᠤᠨ ᠬᠤᠷᠠᠯ ᠪᠠ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠤᠨ ᠬᠤᠭᠤᠴᠠᠭᠠᠨ ᠳᠤ ᠭᠡᠰᠢᠭᠦᠳ ᠢ ᠵᠣᠬᠢᠶᠠᠨ ᠪᠠᠶᠢᠭᠤᠯᠤᠨ ︽ᠵᠠᠰᠠᠭ ᠤᠨ ᠣᠷᠳᠤᠨ ᠤ ᠠᠵᠢᠯ ᠤᠨ ᠢᠯᠡᠳᠬᠡᠯ︾ ᠵᠢᠴᠢ ᠪᠤᠰᠤᠳ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠬᠢᠨᠠᠨ ᠵᠥᠪᠯᠡᠪᠡ᠃ ᠡᠶ᠎ᠡ ᠵᠣᠬᠢᠴᠠᠯ ᠲᠠᠢ ᠪᠣᠯᠪᠠᠰᠤᠨ ᠵᠢᠭᠤᠯᠴᠢᠯᠠᠯ ᠤᠨ ᠬᠤᠲᠠ ᠪᠠᠯᠭᠠᠰᠤ ᠶᠢ ᠴᠣᠭᠴᠠᠯᠠᠬᠤ᠂ ᠥᠪᠡᠷᠮᠢᠴᠡ ᠣᠨᠴᠠᠯᠢᠭᠲᠤ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠦᠢᠯᠡᠳᠬᠦ ᠂ ᠡᠷᠡᠭᠦᠯ ᠡᠩᠬᠡ ᠬᠡᠰᠢᠭᠲᠡᠨ ᠬᠤᠰᠢᠭᠤᠨ ᠤ ᠪᠠᠶᠢᠭᠤᠯᠤᠯᠲᠠ ᠶᠢ ᠠᠬᠢᠭᠤᠯᠬᠤ᠂ ᠣᠨᠣᠪᠴᠢᠲᠡᠢ ᠶᠠᠳᠠᠭᠤ ᠶᠢ ᠲᠡᠳᠬᠦᠬᠦ ᠶᠢᠨ ᠳᠣᠲᠣᠭᠠᠳᠤ ᠶᠢᠨ ᠬᠥᠳᠡᠯᠭᠡᠭᠴᠢ ᠬᠦᠴᠦᠨ ᠢ ᠴᠢᠩᠭᠠᠳᠬᠠᠬᠤ ᠵᠡᠷᠭᠡ 11 ᠵᠥᠪᠯᠡᠬᠦ ᠰᠡᠳᠦᠪ ᠤᠨ ᠲᠣᠭᠤᠷᠢᠨ ᠳᠤ ᠶᠡᠭᠡ ᠬᠤᠷᠠᠯ ᠳᠤ ᠶᠠᠷᠢᠶ᠎ᠠ ᠢᠯᠡᠳᠬᠡᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠭᠤᠣᠯ ᠪᠣᠯᠬᠤ ᠤᠳᠤᠷᠢᠳᠤᠯᠭ᠎ᠠ ᠶᠢ ᠤᠷᠢᠨ ᠵᠠᠯᠠᠵᠤ ᠢᠯᠭᠠᠯᠲᠤ ᠳᠤᠭᠤᠶᠢᠯᠠᠩ ᠤᠨ ᠶᠠᠷᠢᠯᠴᠠᠯᠭ᠎ᠠ ᠳᠤ ᠣᠷᠣᠯᠴᠠᠭᠤᠯᠤᠨ᠂ ᠭᠡᠰᠢᠭᠦᠳ ᠠᠴᠠ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠲᠠᠪᠤᠨ ᠰᠠᠭᠤᠷᠢᠨ ᠭᠠᠵᠠᠷ︾ ᠪᠠ ︽ᠬᠤᠶᠠᠷ ᠲᠣᠭᠤᠷᠢᠭ ᠨᠢᠭᠡ ᠪᠦᠰᠡ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠢᠳᠡᠪᠬᠢᠲᠡᠢ ᠪᠠᠷ ᠠᠷᠭ᠎ᠠ ᠪᠣᠳᠣᠯᠭ᠎ᠠ ᠳᠡᠪᠰᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠭᠤᠣᠯ ᠪᠣᠯᠬᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠶᠢ ᠬᠥᠷᠲᠡᠭᠰᠡᠨ ᠪᠠᠶᠢᠨ᠎ᠠ᠃ ᠲᠤᠰᠬᠠᠢ ᠰᠡᠳᠦᠪ ᠢᠶᠠᠷ ᠵᠠᠰᠠᠭ ᠢ ᠵᠥᠪᠯᠡᠬᠦ᠂ ᠶᠡᠭᠡ ᠬᠤᠷᠠᠯ ᠳᠤ ᠶᠠᠷᠢᠶ᠎ᠠ ᠲᠠᠯᠪᠢᠬᠤ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠰᠢᠭᠦᠳ ᠡᠮᠬᠢ ᠳᠠᠷᠠᠭ᠎ᠠ ᠲᠠᠢ ᠪᠠᠷ ᠨᠠᠮ ᠵᠠᠰᠠᠭ ᠤᠨ ᠤᠳᠤᠷᠢᠳᠤᠯᠭ᠎ᠠ ᠯᠤᠭ᠎ᠠ ᠬᠠᠮᠤᠭ ᠤᠨ ᠰᠢᠭᠤᠳ᠂ ᠬᠠᠮᠤᠭ ᠠᠴᠠ ᠲᠥᠪᠯᠡᠷᠡᠩᠭᠦᠢ ᠣᠶᠢᠯᠠᠭᠠᠯᠴᠠᠨ ᠨᠡᠪᠲᠡᠷᠡᠯᠴᠡᠭᠰᠡᠨ ᠨᠢ ᠭᠡᠰᠢᠭᠦᠳ ᠤᠨ ᠪᠠᠶᠢᠳᠠᠯ ᠢ ᠣᠶᠢᠯᠠᠭᠠᠬᠤ ᠡᠷᠬᠡ᠂ ᠢᠯᠡᠳᠬᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠢᠯᠡᠷᠡᠭᠦᠯᠵᠦ᠂ ᠮᠠᠰᠢ ᠣᠯᠠᠨ ᠰᠠᠨᠠᠯ ᠰᠠᠨᠠᠭᠤᠯᠭ᠎ᠠ ᠨᠢ ᠨᠠᠮ ᠵᠠᠰᠠᠭ ᠤᠨ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠶᠢ ᠲᠡᠭᠦᠯᠳᠡᠷᠵᠢᠭᠦᠯᠬᠦ᠂ ᠠᠵᠢᠯ ᠢᠶᠠᠨ ᠰᠠᠶᠢᠵᠢᠷᠠᠭᠤᠯᠬᠤ ᠬᠥᠳᠡᠯᠭᠡᠭᠴᠢ ᠬᠦᠴᠦᠨ ᠪᠣᠯᠣᠭᠰᠠᠨ ᠪᠠᠶᠢᠨ᠎ᠠ᠃         ᠲᠤᠰᠬᠠᠢ ᠰᠡᠳᠦᠪ ᠢᠶᠠᠷ ᠰᠢᠯᠢᠳᠡᠭ ᠠᠷᠭ᠎ᠠ ᠪᠣᠳᠣᠯᠭ᠎ᠠ ᠳᠡᠪᠰᠢᠭᠦᠯᠪᠡ᠃ ᠮᠠᠨ ᠤ ᠬᠤᠰᠢᠭᠤᠨ ᠤ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ︵ᠥᠷᠭᠡᠳᠬᠡᠭᠰᠡᠨ︶ ᠤᠨ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠪᠠ ᠡᠭᠦᠷᠭᠡ ᠶᠢ ᠴᠢᠩᠭ᠎ᠠ ᠡᠵᠡᠮᠳᠡᠵᠦ᠂ ᠪᠠᠶᠢᠩᠭᠤ ᠶᠢᠨ ᠬᠤᠷᠢᠶ᠎ᠠ ᠨᠢ ᠭᠡᠰᠢᠭᠦᠳ ᠢᠶᠠᠷ ᠭᠤᠣᠯ ᠴᠣᠭᠴᠠ ᠪᠣᠯᠭᠠᠬᠤ᠂ ᠰᠡᠳᠦᠪ ᠢᠶᠠᠷ ᠬᠤᠯᠪᠣᠭᠠᠰᠤ ᠪᠣᠯᠭᠠᠬᠤ᠂ ᠲᠤᠰᠬᠠᠢ ᠺᠣᠮᠢᠰ ᠢᠶᠠᠷ ᠲᠦᠰᠢᠭ ᠪᠣᠯᠭᠠᠬᠤ ᠶᠢ ᠪᠠᠷᠢᠮᠲᠠᠯᠠᠨ᠂ ᠶᠡᠷᠦᠩᠬᠡᠶᠢᠯᠡᠭᠰᠡᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ᠂ ᠠᠯᠤᠰ ᠬᠡᠳᠦ ᠶᠢᠨ ᠴᠢᠨᠠᠷ ᠲᠠᠢ ᠰᠡᠳᠦᠪ ᠢ ᠰᠤᠩᠭᠤᠵᠤ᠂ ᠭᠦᠨᠵᠡᠭᠡᠢ ᠪᠠᠶᠢᠴᠠᠭᠠᠵᠤ ᠰᠤᠳᠤᠯᠤᠨ ᠥᠷᠭᠡᠨ ᠢᠶᠠᠷ ᠲᠣᠭᠤᠷᠢᠨ ᠰᠤᠷᠪᠤᠯᠵᠢᠯᠠᠵᠤ ᠰᠠᠭᠤᠳᠠᠯ ᠤᠨ ᠬᠤᠷᠠᠯ ᠡᠷᠬᠢᠯᠡᠭᠰᠡᠨ ᠪᠠᠶᠢᠨ᠎ᠠ᠃ ᠨᠢᠭᠡ ᠵᠢᠯ ᠤᠨ ᠲᠤᠷᠰᠢ᠂ ᠢᠯᠭᠠᠯᠲᠤ ᠭᠡᠰᠢᠭᠦᠳ ᠢ ᠵᠣᠬᠢᠶᠠᠨ ᠪᠠᠶᠢᠭᠤᠯᠤᠨ ᠬᠡᠰᠢᠭᠲᠡᠨ ᠬᠤᠰᠢᠭᠤᠨ ᠤ ᠡᠷᠭᠢᠯᠲᠡᠲᠦ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠮᠠᠯᠴᠢᠨ ︵ᠲᠠᠷᠢᠶᠠᠴᠢᠨ᠂ ᠣᠢ ᠶᠢᠨ᠂ ᠵᠢᠭᠠᠰᠤᠴᠢᠨ︶ ᠠᠶᠢᠯ ᠤᠨ ᠵᠣᠭᠤᠭ ᠤᠨ ᠵᠢᠭᠤᠯᠴᠢᠯᠠᠯ ᠢ ᠨᠡᠭᠡᠭᠡᠨ ᠬᠥᠭᠵᠢᠭᠦᠯᠵᠦ ᠡᠵᠡᠩᠨᠡᠨ ᠬᠠᠮᠢᠶᠠᠷᠤᠬᠤ ᠪᠠ ᠤᠯᠠᠮᠵᠢᠯᠠᠯᠲᠤ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠵᠡᠷᠭᠡ ᠲᠤᠰᠬᠠᠢ ᠰᠡᠳᠦᠪᠲᠤ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠪᠢᠴᠢᠭᠰᠡᠨ ᠮᠡᠳᠡᠭᠦᠯᠦᠯᠲᠡ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠭᠤᠣᠯ ᠪᠣᠯᠬᠤ ᠤᠳᠤᠷᠢᠳᠤᠯᠭ᠎ᠠ ᠶᠢᠨ ᠴᠣᠬᠤᠯᠠᠪᠤᠷᠢ ᠶᠢ ᠣᠯᠣᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠨᠢ ᠪᠦᠲᠦᠮᠵᠢᠲᠡᠢ ᠠᠰᠢᠭᠯᠠᠭᠳᠠᠭᠰᠠᠨ ᠪᠠᠶᠢᠨ᠎ᠠ᠃ ︽ᠬᠡᠰᠢᠭᠲᠡᠨ ᠬᠤᠰᠢᠭᠤᠨ ᠤ ᠡᠷᠭᠢᠯᠲᠡᠲᠦ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠣᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠢᠶᠠᠨ ᠵᠦᠩ ᠶᠤᠸᠠᠢ ᠠᠴᠠ ᠴᠣᠬᠤᠯᠠᠪᠤᠷᠢᠯᠠᠨ ᠵᠢᠭᠠᠵᠤ ᠭᠠᠷᠭᠠᠭᠰᠠᠨ ᠨᠢ ︽ᠡᠷᠭᠢᠯᠲᠡᠲᠦ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠡᠰᠢᠭᠲᠡᠨ ᠬᠤᠰᠢᠭᠤᠨ ᠤ ᠢᠷᠡᠭᠡᠳᠦᠢ ᠶᠢᠨ ᠬᠥᠭᠵᠢᠯᠲᠡ ᠶᠢᠨ ᠲᠤᠯᠭᠠᠭᠤᠷᠢᠯᠠᠬᠤ ᠴᠢᠭ ᠪᠣᠯᠬᠤ ᠤᠴᠢᠷ ᠠᠴᠠ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠴᠢᠩᠭᠠᠳᠬᠠᠵᠤ᠂ ᠡᠷᠭᠢᠯᠲᠡᠲᠦ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠤᠭᠯᠠᠷᠠᠭᠤᠯᠵᠤ᠂ ᠲᠥᠪᠯᠡᠷᠡᠭᠦᠯᠵᠦ᠂ ᠬᠡᠯᠪᠡᠷᠢ ᠶᠢ ᠬᠤᠪᠢᠷᠠᠭᠤᠯᠬᠤ ᠪᠠ ᠡᠷᠭᠢᠯᠳᠦᠭᠦᠯᠬᠦ ᠦᠢᠯᠡᠳᠦᠯ ᠶᠢ ᠦᠨᠡᠩᠬᠦ ᠪᠠᠳᠠᠷᠠᠭᠤᠯᠤᠨ᠂ ᠬᠡᠰᠢᠭᠲᠡᠨ ᠬᠤᠰᠢᠭᠤᠨ ᠤ ᠳᠠᠪᠠᠯᠲᠠᠲᠤ ᠬᠥᠭᠵᠢᠯᠲᠡ ᠶᠢ ᠠᠬᠢᠭᠤᠯᠬᠤ ᠬᠡᠷᠡᠭᠲᠡᠢ︾ ᠭᠡᠰᠡᠨ ᠪᠠᠶᠢᠨ᠎ᠠ ; ︽ᠪᠦᠬᠦ ᠬᠤᠰᠢᠭᠤᠨ ᠤ ᠮᠠᠯᠴᠢᠨ ︵ᠲᠠᠷᠢᠶᠠᠴᠢᠨ᠂ ᠣᠢ ᠶᠢᠨ᠂ ᠵᠢᠭᠠᠰᠤᠴᠢᠨ︶ ᠠᠶᠢᠯ ᠤᠨ ᠵᠣᠭᠤᠭ ᠤᠨ ᠵᠢᠭᠤᠯᠴᠢᠯᠠᠯ ᠢ ᠨᠡᠭᠡᠭᠡᠨ ᠬᠥᠭᠵᠢᠭᠦᠯᠵᠦ ᠡᠵᠡᠩᠨᠡᠨ ᠬᠠᠮᠢᠶᠠᠷᠴᠤ ᠪᠠᠶᠢᠭ᠎ᠠ ᠪᠠᠶᠢᠳᠠᠯ ᠤᠨ ᠲᠣᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠨᠢ ᠵᠣᠬᠢᠮᠵᠢ ᠶᠢ ᠲᠡᠭᠦᠯᠳᠡᠷᠵᠢᠭᠦᠯᠦᠨ ᠳᠦᠷᠢᠮᠵᠢᠯ ᠲᠠᠢ ᠤᠳᠤᠷᠢᠳᠬᠤ᠂ ᠣᠯᠠᠨ ᠡᠰᠢᠵᠢᠭᠦᠯᠦᠨ ᠬᠥᠭᠵᠢᠭᠦᠯᠵᠦ ᠳᠡᠰ ᠢ ᠳᠡᠪᠰᠢᠭᠦᠯᠬᠦ᠂ ᠤᠬᠠᠭᠤᠯᠭ᠎ᠠ ᠶᠢ ᠴᠢᠩᠭᠠᠳᠬᠠᠨ ᠨᠡᠷᠡᠲᠦ ᠲᠡᠮᠳᠡᠭ ᠢ ᠪᠣᠢ ᠪᠣᠯᠭᠠᠬᠤ ᠵᠡᠷᠭᠡ ᠲᠠᠯ᠎ᠠ ᠠᠴᠠ ᠰᠠᠨᠠᠭᠤᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠪᠣᠯᠬᠤ ᠤᠳᠤᠷᠢᠳᠤᠯᠭ᠎ᠠ ᠠᠴᠠ ᠭᠠᠳᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠨ᠂ ᠠᠵᠢᠯ ᠤᠨ ᠰᠡᠳᠬᠢᠮᠵᠢ ᠪᠠᠨ ᠰᠢᠨᠡᠳᠬᠡᠵᠦ᠂ ︽ᠲᠥᠯᠥᠪᠵᠢᠭᠦᠯᠭᠡ ᠲᠠᠢ᠂ ᠳᠦᠷᠢᠮᠵᠢᠯ ᠲᠠᠢ᠂ ᠴᠢᠨᠠᠷ ᠴᠢᠨᠰᠠᠭ᠎ᠠ ᠲᠠᠢ︾ ᠪᠠᠶᠢᠬᠤ ᠪᠠᠷ ᠬᠠᠷᠠᠯᠲᠠ ᠪᠣᠯᠭᠠᠨ᠂ ᠪᠦᠬᠦ ᠣᠷᠣᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠣᠬᠤᠯᠠᠪᠤᠷᠢᠯᠠᠭᠰᠠᠨ ᠪᠠᠶᠢᠨ᠎ᠠ᠃ ︽ᠪᠦᠬᠦ ᠬᠤᠰᠢᠭᠤᠨ ᠤ ᠤᠯᠠᠮᠵᠢᠯᠠᠯᠲᠤ ᠡᠮ ᠡᠮᠨᠡᠯᠭᠡ ᠶᠢ ᠤᠯᠠᠮᠵᠢᠯᠠᠵᠤ ᠬᠥᠭᠵᠢᠭᠦᠯᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠬᠤᠰᠢᠭᠤᠨ ᠤ ᠨᠠᠮ ᠤᠨ ᠬᠤᠷᠢᠶ᠎ᠠ ᠨᠢ ᠡᠷᠡᠭᠦᠯ ᠡᠩᠬᠡ ᠬᠡᠰᠢᠭᠲᠡᠨ ᠬᠤᠰᠢᠭᠤ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠷ ᠲᠦᠪᠰᠢᠨ ᠠᠴᠠ ᠡᠭᠦᠰᠴᠦ᠂ ᠵᠠᠰᠠᠭ ᠤᠨ ᠣᠷᠳᠤᠨ ᠵᠢᠴᠢ ᠬᠤᠯᠪᠣᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠥᠴᠢᠷ ᠢ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠠᠷᠠᠳ ᠠᠴᠠ ᠡᠷᠬᠢᠯᠡᠭᠰᠡᠨ ᠬᠢᠲᠠᠳ ᠡᠮᠨᠡᠯᠭᠡ ᠶᠢᠨ ᠭᠠᠵᠠᠷ ᠢ ᠬᠥᠭᠵᠢᠭᠦᠯᠬᠦ ᠶᠢ ᠵᠣᠷᠢᠭᠵᠢᠭᠤᠯᠬᠤ᠂ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠬᠦ ᠬᠦᠴᠦᠯᠡᠴᠡ ᠶᠢ ᠴᠢᠩᠭᠠᠳᠬᠠᠬᠤ ᠵᠡᠷᠭᠡ ᠲᠠᠯ᠎ᠠ ᠠᠴᠠ ᠨᠢᠭᠡᠲᠦᠯᠲᠡᠢ ᠲᠥᠯᠥᠪᠵᠢᠭᠦᠯᠦᠨ ᠰᠤᠳᠤᠯᠵᠤ᠂ ᠠᠯᠤᠰ ᠬᠡᠳᠦ ᠶᠢᠨ ᠲᠥᠯᠥᠪᠵᠢᠭᠦᠯᠭᠡ ᠲᠣᠭᠲᠠᠭᠠᠬᠤ ᠶᠢ ᠱᠠᠭᠠᠷᠳᠠᠭᠰᠠᠨ ᠪᠠᠶᠢᠨ᠎ᠠ᠃         ︵ᠬᠤᠶᠠᠷ︶ ᠬᠢᠨᠠᠯᠲᠠ ᠲᠠᠯᠪᠢᠬᠤ ᠪᠠᠨ ᠴᠢᠩᠭᠠᠳᠬᠠᠨ᠂ ᠢᠳᠬᠠᠨ ᠰᠠᠨᠠᠭᠤᠯᠵᠤ᠂ ᠨᠠᠶᠢᠳᠠᠪᠤᠷᠢᠵᠢᠭᠤᠯᠬᠤ ᠶᠢ ᠠᠳᠬᠤᠨ᠂ ᠴᠢᠳᠠᠪᠬᠢᠲᠤ ᠤᠯᠤᠰ ᠲᠥᠷᠥ ᠶᠢᠨ ᠵᠥᠪᠯᠡᠯᠭᠡᠨ ᠢ ᠴᠢᠷᠮᠠᠶᠢᠨ ᠪᠠᠶᠢᠭᠤᠯᠪᠠ᠃         ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠠᠨᠠᠯ ᠵᠥᠪᠯᠡᠯᠭᠡ ᠶᠢ ᠭᠦᠢᠴᠡᠳᠬᠡᠬᠦ ᠴᠢᠨᠠᠷ ᠪᠠ ᠪᠦᠲᠦᠮᠵᠢ ᠶᠢ ᠴᠢᠩᠭᠠᠳᠬᠠᠪᠠ᠃ ︽ᠲᠣᠮᠣ ᠤᠴᠢᠷ ᠢ ᠵᠥᠪᠯᠡᠬᠦ᠂ ᠦᠨᠳᠦᠰᠦᠨ ᠱᠠᠲᠤᠨ ᠳᠤ ᠣᠶᠢᠷᠠᠲᠤᠬᠤ᠂ ᠶᠠᠰᠤ ᠴᠢᠨᠠᠷ ᠢ ᠴᠢᠬᠤᠯᠠᠴᠢᠯᠠᠬᠤ᠂ ᠰᠢᠯᠢᠳᠡᠭ ᠪᠦᠲᠦᠭᠡᠭᠳᠡᠬᠦᠨ ᠭᠠᠷᠭᠠᠬᠤ︾ ᠵᠠᠷᠴᠢᠮ ᠶᠣᠰᠣᠭᠠᠷ᠂ ᠥᠷᠭᠡᠨ ᠣᠯᠠᠨ ᠭᠡᠰᠢᠭᠦᠳ ᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠠᠵᠢᠯ ᠤᠨ ᠭᠤᠣᠯᠳᠠᠯᠭ᠎ᠠ ᠪᠠ ᠣᠯᠠᠨ ᠲᠦᠮᠡᠨ ᠤ ᠠᠩᠬᠠᠷᠤᠯ ᠢᠶᠠᠨ ᠬᠠᠨᠳᠤᠭᠤᠯᠵᠤ ᠪᠠᠶᠢᠭ᠎ᠠ ᠬᠦᠴᠢᠷ ᠬᠠᠯᠠᠮᠰᠢᠯ ᠠᠰᠠᠭᠤᠳᠠᠯ ᠤᠨ ᠲᠣᠭᠤᠷᠢᠨ ᠳᠤ ᠰᠢᠯᠢᠳᠡᠭ ᠰᠠᠨᠠᠯ ᠵᠥᠪᠯᠡᠯᠭᠡ ᠲᠤᠭᠤᠷᠪᠢᠨ᠂ ᠲᠥᠷᠥ ᠳᠤ ᠣᠷᠣᠯᠴᠠᠨ ᠵᠠᠰᠠᠭ ᠢ ᠵᠥᠪᠯᠡᠬᠦ ᠪᠣᠳᠠᠲᠤ ᠪᠦᠲᠦᠮᠵᠢ ᠶᠢ ᠭᠦᠨᠵᠡᠭᠡᠶᠢᠷᠡᠭᠦᠯᠪᠡ᠃ ᠰᠠᠨᠠᠯ ᠵᠥᠪᠯᠡᠯᠭᠡ ᠶᠢᠨ ᠰᠡᠳᠦᠪ ᠢ ᠰᠤᠩᠭᠤᠵᠤ ᠪᠠᠶᠢᠴᠠᠭᠠᠨ ᠰᠤᠳᠤᠯᠤᠯᠲᠠ ᠬᠢᠬᠦ ᠂ ᠬᠢᠨᠠᠨ ᠪᠠᠶᠢᠴᠠᠭᠠᠵᠤ ᠲᠤᠰᠢᠶᠠᠨ ᠭᠦᠢᠴᠡᠳᠬᠡᠯᠭᠡᠬᠦ᠂ ᠳᠠᠭᠠᠭᠤᠯᠤᠨ ᠭᠦᠢᠴᠡᠳᠬᠡᠵᠦ ᠱᠠᠭᠠᠷᠳᠠᠨ ᠭᠦᠢᠴᠡᠳᠬᠡᠬᠦ ᠵᠡᠷᠭᠡ ᠭᠤᠣᠯᠳᠠᠯᠭ᠎ᠠ ᠲᠠᠢ ᠭᠤᠭᠴᠣᠭᠠᠨ ᠤ ᠠᠵᠢᠯ ᠢ ᠰᠠᠶᠢᠲᠤᠷ ᠪᠡᠶᠡᠯᠡᠭᠦᠯᠵᠦ᠂ ᠴᠢᠨᠠᠷᠯᠢᠭ ᠦᠨᠳᠦᠷ ᠪᠠᠷᠢᠮᠵᠢᠶ᠎ᠠ ᠪᠦᠬᠦᠢ ᠰᠠᠨᠠᠯ ᠵᠥᠪᠯᠡᠯᠭᠡ ᠳᠤᠷᠠᠳᠤᠨ᠂ ᠵᠠᠩᠭᠢᠯᠠᠭ᠎ᠠ ᠶᠢᠨ ᠠᠰᠠᠭᠤᠳᠠᠯ ᠢ ᠱᠠᠭᠠᠷᠳᠠᠵᠤ᠂ ᠦᠨᠡᠨ ᠪᠤᠳᠠᠲᠠᠢ ᠭᠦᠢᠴᠡᠳᠬᠡᠬᠦ ᠪᠠᠷ ᠴᠢᠷᠮᠠᠶᠢᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠭᠡᠰᠢᠭᠦᠳ ᠤᠨ ᠰᠠᠨᠠᠯ ᠵᠥᠪᠯᠡᠭᠡ ᠶᠢ ᠨᠡᠶᠢᠲᠡ 32 ᠬᠤᠪᠢ ᠬᠦᠯᠢᠶᠡᠨ ᠠᠪᠴᠤ᠂ ᠡᠭᠦᠨ ᠳᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠰᠠᠨᠠᠯ ᠵᠥᠪᠯᠡᠯᠭᠡ 16 ᠬᠤᠪᠢ᠂ ᠰᠤᠶᠤᠯ ᠰᠤᠷᠭᠠᠨ ᠬᠥᠮᠥᠵᠢᠯ ᠡᠷᠡᠭᠦᠯ ᠬᠠᠮᠠᠭᠠᠯᠠᠯ ᠤᠨ ᠲᠥᠷᠥᠯ ᠤᠨ ᠰᠠᠨᠠᠯ ᠵᠥᠪᠯᠡᠯᠭᠡ 10 ᠬᠤᠪᠢ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠰᠠᠨᠠᠯ ᠵᠥᠪᠯᠡᠯᠭᠡ 6 ᠬᠤᠪᠢ᠂ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠭᠰᠠᠨ ᠨᠢ 32 ᠬᠤᠪᠢ ᠪᠠᠶᠢᠵᠤ᠂ ᠬᠡᠷᠡᠭ ᠪᠤᠯᠠᠭᠠᠨ ᠳᠠᠩᠰᠠᠯᠠᠭᠰᠠᠨ ᠨᠤᠷᠮ᠎ᠠ 100% ᠳᠤ ᠬᠦᠷᠴᠠᠢ᠃ ᠭᠦᠢᠴᠡᠳᠬᠡᠭᠰᠡᠨ ᠰᠠᠨᠠᠯ ᠵᠥᠪᠯᠡᠯᠭᠡ ᠠᠴᠠ 22 ᠬᠤᠪᠢ ᠶᠢ ᠨᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠬᠡᠷᠡᠭ ᠪᠣᠯᠭᠠᠨ ᠳᠠᠩᠰᠠᠯᠠᠭᠰᠠᠨ ᠶᠡᠷᠦᠩᠬᠡᠢ ᠲᠣᠭᠠᠨ ᠤ 68.8% ᠶᠢ ᠡᠵᠡᠯᠡᠪᠡ᠃ ᠮᠠᠰᠢ ᠤᠯᠠᠨ ᠰᠠᠨᠠᠯ ᠰᠠᠨᠠᠭᠤᠯᠭ᠎ᠠ ᠨᠢ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠥᠴᠢᠷ ᠲᠤ ᠬᠡᠷᠡᠭᠯᠡᠭᠳᠡᠭᠰᠡᠨ ᠪᠤᠶᠤ ᠠᠵᠢᠯ ᠤᠨ ᠲᠥᠯᠥᠪᠯᠡᠭᠡ ᠳᠤ ᠣᠷᠣᠭᠰᠠᠨ ᠪᠠᠶᠢᠨ᠎ᠠ᠂ ᠭᠤᠣᠯᠳᠠᠯᠭ᠎ᠠ ᠲᠠᠢ ᠠᠵᠢᠯ ᠤᠨ ᠬᠡᠷᠡᠭᠵᠢᠭᠦᠯᠦᠭᠳᠡᠬᠦ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠭᠦᠶᠢᠴᠡ ᠡᠷᠡᠭᠦᠯ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠭᠠᠷᠭᠠᠭᠰᠠᠨ ᠪᠠᠶᠢᠨ᠎ᠠ᠃         ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠠᠷ ᠠᠴᠢᠶᠠᠯᠠᠭᠴᠢ ᠪᠣᠯᠭᠠᠨ᠂ ᠣᠯᠠᠨ ᠲᠦᠮᠡᠨ ᠤ ᠬᠦᠰᠡᠯ ᠰᠠᠨᠠᠯ ᠢ ᠴᠠᠭ ᠲᠤᠬᠠᠢ ᠳᠤᠨᠢ ᠲᠤᠰᠬᠠᠪᠠ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠴᠢᠮᠡᠭᠡ ᠵᠠᠩᠭᠢ ᠶᠢᠨ ᠠᠵᠢᠯ ᠤᠨ ᠵᠣᠬᠢᠮᠵᠢ ᠶᠢ ᠲᠡᠭᠦᠯᠳᠡᠷᠵᠢᠭᠦᠯᠬᠦ᠂ ᠴᠢᠮᠡᠭᠡ ᠵᠠᠩᠭᠢ ᠶᠢᠨ ᠠᠵᠢᠯᠲᠠᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠠᠴᠠ ᠭᠠᠷᠳᠠᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠂ ᠡᠮᠬᠢᠯᠡᠬᠦ᠂ ᠮᠡᠳᠡᠭᠦᠯᠬᠦ ᠪᠠ ᠬᠠᠷᠢᠭᠤ ᠲᠤᠰᠬᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠪᠠ᠃ ᠨᠢᠭᠡ ᠵᠢᠯ ᠤᠨ ᠲᠤᠷᠰᠢ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠴᠢᠮᠡᠭᠡ ᠵᠠᠩᠭᠢ ᠶᠢ ᠨᠡᠶᠢᠲᠡ 24 ᠬᠤᠪᠢ ᠡᠮᠬᠢᠯᠡᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ 2 ᠬᠤᠪᠢ ᠶᠢ  ᠨᠢ ᠬᠡᠷᠡᠭᠯᠡᠵᠦ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ 7 ᠬᠤᠪᠢ ᠶᠢ ᠨᠢ ᠬᠡᠷᠡᠭᠯᠡᠪᠡ᠃ ᠡᠭᠦᠨ ᠳᠤ᠂ ︽ᠰᠦᠯᠵᠢᠶᠡᠨ ᠤ ᠣᠷᠴᠢᠨ ᠲᠣᠭᠤᠷᠢᠨ ᠤ ︽ᠪᠣᠬᠢᠷᠲᠤᠯ︾ ᠢ ᠵᠠᠰᠠᠨ ᠴᠡᠭᠴᠡᠯᠡᠵᠦ᠂ ︽ᠵᠠᠯᠠᠭᠤᠴᠤᠳ ᠪᠠᠭᠠᠴᠤᠳ ᠤᠨ ᠰᠡᠳᠬᠢᠴᠡ ᠶᠢ ᠠᠷᠢᠭᠤᠳᠬᠠᠶ᠎ᠠ︾ ᠭᠡᠬᠦ ᠮᠡᠳᠡᠭᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠳᠤ ᠬᠡᠷᠡᠭᠯᠡᠭᠳᠡᠪᠡ ; ︽ᠬᠤᠷᠢᠮ ᠨᠠᠶᠢᠷ ᠪᠡᠯᠪᠡᠰᠦᠷᠡᠯ ᠭᠠᠰᠢᠭᠤᠳᠠᠯ ᠤᠨ ᠵᠠᠩ ᠦᠢᠯᠡ ᠶᠢᠨ ᠰᠢᠨ᠎ᠡ ᠬᠡᠪ ᠰᠤᠷᠳᠠᠯ ᠢ ᠰᠠᠨᠠᠭᠠᠴᠢᠯᠠᠶ᠎ᠠ︾ ︽ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠣᠬᠢᠮᠵᠢ ᠶᠢ ᠰᠢᠨᠡᠳᠬᠡᠵᠦ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢᠨ ᠳᠣᠲᠤᠭᠠᠳᠤ ᠶᠢᠨ ᠬᠥᠳᠡᠯᠭᠡᠭᠴᠢ ᠬᠦᠴᠦᠨ ᠢ ᠴᠢᠩᠭᠠᠳᠬᠠᠶ᠎ᠠ︾ ᠭᠡᠬᠦ ᠴᠢᠮᠡᠭᠡ ᠨᠢ ᠤᠯᠠᠭᠠᠨᠬᠠᠳᠠ ᠬᠤᠲᠠ ᠶᠢᠨ ᠬᠤᠲᠠ ᠶᠢᠨ ᠳᠠᠷᠤᠭ᠎ᠠ ᠮᠧᠩ ᠰᠢᠶᠠᠨ ᠳ᠋ᠦᠩ ᠨᠥᠬᠦᠷ ᠤᠨ ᠴᠣᠬᠤᠯᠠᠪᠤᠷᠢ ᠶᠢ ᠬᠥᠷᠲᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠭᠰᠡᠨ ᠪᠠᠶᠢᠨ᠎ᠠ ; ︽ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ︾ ︽ᠤᠮᠠᠷᠠᠲᠤ ᠶᠢᠨ ᠮᠠᠯ ᠠᠵᠤ ᠠᠬᠤᠢ ᠲᠠᠷᠢᠶᠠᠯᠠᠩ ᠡᠷᠬᠢᠯᠡᠵᠦ ᠪᠠᠶᠢᠭ᠎ᠠ ᠭᠠᠵᠠᠷ ᠣᠷᠣᠨ ᠳᠤ ᠪᠣᠬᠢᠷᠳᠤᠯ ᠦᠭᠡᠢ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠬᠠᠩᠭᠠᠬᠤ ᠪᠠᠨ ᠲᠥᠷᠭᠡᠳᠬᠡᠬᠦ ᠲᠤᠬᠠᠢ︾ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠭᠡᠷᠡᠴᠢᠯᠡᠯᠲᠡ ᠪᠠ ᠬᠥᠭᠵᠢᠯᠲᠡ ᠶᠢ ᠢᠳᠡᠪᠬᠢᠲᠠᠢ ᠠᠬᠢᠭᠤᠯᠵᠤ ᠣᠳᠣ ᠦᠶ᠎ᠡ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠦᠷᠭᠡᠨ ᠪᠠᠶᠢᠭᠤᠯᠤᠶ᠎ᠠ︾ ᠵᠡᠷᠭᠡ ᠣᠯᠠᠨ ᠤᠯᠠᠨ ᠴᠢᠮᠡᠭᠡ ᠵᠠᠩᠭᠢ ᠨᠢ ᠣᠷᠣᠨ ᠬᠤᠲᠠ ᠶᠢᠨ ᠬᠤᠯᠪᠣᠭᠳᠠᠯ ᠪᠦᠬᠦᠢ ᠲᠢᠩᠬᠢᠮ ᠲᠣᠪᠴᠢᠶᠠᠨ ᠳᠤ ᠬᠡᠷᠡᠭᠯᠡᠭᠳᠡᠭᠰᠡᠨ ᠪᠠᠶᠢᠨ᠎ᠠ᠃ ᠡᠳᠡᠭᠡᠷ ᠴᠢᠮᠡᠭᠡ ᠵᠠᠩᠭᠢ ᠨᠢ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠦᠨᠡᠨ ᠮᠦᠨ ᠢᠶᠠᠷ ᠨᠢ ᠢᠯᠡᠳᠬᠡᠵᠦ᠂ ᠠᠷᠠᠳ ᠣᠯᠠᠨ ᠤ ᠡᠷᠡᠮᠡᠯᠵᠡᠨ ᠪᠠᠷᠠᠯᠠᠵᠤ ᠪᠠᠶᠢᠭ᠎ᠠ ᠵᠦᠢᠯᠡᠰ ᠢ ᠦᠨᠡᠩᠬᠦ ᠲᠤᠰᠬᠠᠨ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠪᠣᠳᠣᠯᠭ᠎ᠠ ᠬᠡᠷᠡᠭᠵᠢᠭᠦᠯᠬᠦ ᠳᠤ ᠴᠢᠬᠤᠯᠠ ᠣᠶᠣᠨ ᠤ ᠳᠡᠮᠵᠢᠯᠭᠡ ᠪᠠ ᠠᠰᠢᠭᠲᠠᠢ ᠯᠠᠪᠯᠠᠯᠲᠠ ᠬᠠᠩᠭᠠᠭᠰᠠᠨ ᠪᠠᠶᠢᠨ᠎ᠠ᠃         ᠬᠢᠨᠠᠯᠲᠠ ᠲᠠᠯᠪᠢᠨ ᠦᠨᠡᠯᠡᠬᠦ ᠪᠠᠷ ᠲᠠᠪᠴᠠᠩ ᠪᠣᠯᠭᠠᠵᠤ᠂ ᠠᠵᠢᠯ ᠤᠨ ᠰᠤᠷᠲᠠᠯ ᠢ ᠬᠤᠪᠢᠷᠠᠭᠤᠯᠬᠤ ᠶᠢ ᠬᠠᠮᠵᠢᠨ ᠠᠬᠢᠭᠤᠯᠪᠠ᠃ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ᠂ ᠴᠣᠩᠬᠤᠪᠴᠢ ᠨᠢᠭᠡᠴᠡ ᠪᠠ ᠦᠢᠯᠡᠴᠢᠯᠡᠭᠡᠨ ᠤ ᠠᠵᠢᠯ ᠲᠥᠷᠥᠯ ᠤᠨ ᠬᠢᠨ ᠳᠤ ᠵᠠᠰᠠᠭ ᠤᠨ ᠰᠤᠷᠲᠠᠯ ᠠᠵᠢᠯ ᠤᠨ ᠰᠤᠷᠲᠠᠯ ᠢ ᠦᠨᠡᠯᠡᠭᠴᠢ ᠪᠠ ᠬᠢᠨᠠᠯᠲᠠ ᠲᠠᠯᠪᠢᠭᠴᠢ ᠶᠢ ᠢᠳᠡᠪᠬᠢᠲᠡᠢ ᠪᠠᠷ ᠰᠣᠩᠭᠤᠨ ᠲᠠᠨᠢᠯᠴᠠᠭᠤᠯᠵᠤ᠂ ᠬᠠᠷᠢᠯᠴᠠᠬᠤ᠂ ᠵᠣᠬᠢᠴᠠᠭᠤᠯᠬᠤ ᠪᠠ ᠬᠠᠷᠢᠭᠤ ᠲᠤᠰᠬᠠᠬᠤ ᠵᠣᠬᠢᠮᠵᠢ ᠶᠢ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠪᠠ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠬᠢᠨᠠᠯᠲᠠ ᠲᠠᠯᠪᠢᠨ ᠦᠨᠡᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠪᠠ᠃ ᠨᠢᠭᠡ ᠵᠢᠯ ᠤᠨ ᠲᠤᠷᠰᠢ᠂ ᠭᠡᠰᠢᠭᠦᠳ ᠢ ᠵᠣᠬᠢᠶᠠᠨ ᠪᠠᠶᠢᠭᠤᠯᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠬᠢᠷᠠᠭᠤᠯᠬᠤ ᠰᠠᠨᠠᠯ ᠰᠣᠨᠣᠰᠬᠤ᠂ ᠳᠠᠯᠠᠢ ᠨᠠᠭᠤᠷ ᠤᠨ ᠤᠰᠤ ᠲᠠᠲᠠᠷᠠᠭᠰᠠᠨ ᠬᠡᠰᠡᠭ ᠢ ᠪᠢᠲᠡᠭᠦᠮᠵᠢᠯᠡᠨ ᠬᠦᠷᠢᠶᠡᠯᠡᠬᠦ ᠠᠵᠢᠯᠯᠠᠭ᠎ᠠ ᠶᠢ ᠬᠠᠮᠠᠭᠠᠯᠠᠯᠲᠠ ᠳᠤ ᠠᠪᠬᠤ ᠠᠬᠤᠢ ᠲᠠᠯᠠᠪᠠᠢ ᠳᠤ ᠬᠢᠨᠠᠯᠲᠠ ᠲᠠᠯᠪᠢᠬᠤ᠂ ᠠᠯᠪᠠᠨ ᠵᠢᠷᠦᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠦ ᠬᠥᠭᠵᠢᠯᠲᠡ ᠶᠢ ᠵᠥᠪᠳᠡᠯᠴᠡᠬᠦ ᠰᠠᠭᠤᠳᠠᠯ ᠤᠨ ᠬᠤᠷᠠᠯ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠲᠣᠭᠠᠴᠢᠯᠲᠠ ᠶᠢ ᠠᠷᠠᠳᠴᠢᠯᠠᠯ ᠢᠶᠠᠷ ᠦᠨᠡᠯᠡᠬᠦ ᠵᠡᠷᠭᠡ ᠠᠵᠢᠯᠯᠠᠭᠠᠨ ᠳᠤ 10 ᠭᠠᠷᠤᠢ ᠲᠠᠯᠠᠪᠠᠢ ᠣᠷᠣᠯᠴᠠᠵᠤ᠂ ᠡᠯ᠎ᠡ ᠵᠦᠢᠯ ᠤᠨ ᠪᠠᠶᠢᠴᠠᠭᠠᠨ ᠰᠤᠳᠤᠯᠤᠯᠲᠠ ᠶᠢᠨ ᠠᠰᠠᠭᠤᠯᠲᠠ ᠶᠢᠨ ᠬᠠᠭᠤᠳᠠᠰᠤ᠂ ᠠᠷᠠᠳᠴᠢᠯᠠᠯ ᠢᠶᠠᠷ ᠦᠨᠡᠯᠡᠬᠦ ᠬᠦᠰᠦᠨᠦᠭ ᠢ 200 ᠭᠠᠷᠤᠢ ᠬᠤᠪᠢ ᠲᠠᠭᠯᠠᠭᠰᠠᠨ ᠪᠠᠶᠢᠨ᠎ᠠ᠃ ᠡᠯ᠎ᠡ ᠲᠦᠷᠦᠯ ᠤᠨ ᠬᠢᠨᠠᠯᠲᠠ ᠲᠠᠯᠪᠢᠨ ᠦᠨᠡᠯᠡᠬᠦ ᠲᠠᠪᠴᠠᠩ ᠳᠤ ᠲᠦᠰᠢᠭᠯᠡᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠤᠨ ᠬᠠᠮᠢᠶᠠᠷᠤᠯᠲᠠ᠂ ᠠᠵᠢᠯ ᠤᠨ ᠰᠤᠷᠲᠠᠯ ᠤᠨ ᠪᠦᠲᠦᠭᠡᠨ ᠪᠠᠶᠢᠭᠤᠯᠤᠯᠲᠠ ᠳᠠᠬᠢ ᠬᠢᠨᠠᠯᠲᠠ ᠲᠠᠯᠪᠢᠬᠤ ᠦᠢᠯᠡᠳᠦᠯ ᠢ ᠦᠨᠡᠩᠬᠦ ᠪᠠᠳᠠᠷᠠᠭᠤᠯᠵᠤ᠂ ᠬᠤᠯᠪᠣᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠥᠴᠢᠷ᠂ ᠴᠣᠩᠬᠤᠪᠴᠢ ᠨᠢᠭᠡᠴᠡ ᠪᠠ ᠦᠢᠯᠡᠴᠢᠯᠡᠭᠡᠨ ᠤ ᠠᠵᠢᠯ ᠲᠦᠷᠦᠯ ᠤᠨ ᠬᠢᠨ ᠤ ᠠᠵᠢᠯ ᠤᠨ ᠰᠤᠷᠲᠠᠯ ᠤᠨ ᠬᠤᠪᠢᠷᠠᠯᠲᠠ ᠶᠢ ᠪᠦᠲᠦᠮᠵᠢᠲᠡᠢ ᠠᠬᠢᠭᠤᠯᠤᠭᠰᠠᠨ ᠪᠠᠶᠢᠨ᠎ᠠ᠃         ︵ᠭᠤᠷᠪᠠ︶ ᠳᠠᠪᠠᠭᠤᠯᠢᠭ ᠢᠶᠠᠨ ᠪᠠᠳᠠᠷᠠᠭᠤᠯᠤᠨ᠂ ᠬᠠᠮᠲᠤ ᠶᠢᠨ ᠲᠠᠨᠢᠯᠲᠠ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠡᠶ᠎ᠡ ᠵᠣᠬᠢᠴᠠᠯ ᠲᠠᠢ ᠤᠯᠤᠰ ᠲᠥᠷᠥ ᠶᠢᠨ ᠵᠥᠪᠯᠡᠯᠭᠡᠨ ᠢ ᠴᠢᠷᠮᠠᠶᠢᠨ ᠪᠠᠶᠢᠭᠤᠯᠪᠠ᠃         ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠯᠬᠦᠮᠳᠡᠯ ᠢ ᠠᠬᠢᠭᠤᠯᠪᠠ᠃ ᠨᠠᠮ ᠪᠤᠰᠤ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠣᠯ ᠠᠵᠢᠯ ᠢ ᠨᠡᠶᠢᠲᠡᠯᠡᠨ ᠮᠡᠳᠡᠭᠳᠡᠵᠦ᠂ ᠲᠡᠳᠡᠨᠡᠷ ᠤᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠶᠠᠷᠢᠯᠴᠠᠨ ᠵᠥᠪᠳᠡᠯᠴᠡᠬᠦ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠴᠢᠬᠤᠯᠠ ᠠᠵᠢᠯᠯᠠᠭ᠎ᠠ ᠳᠤ ᠣᠷᠣᠯᠴᠠᠬᠤ ᠶᠢ ᠢᠳᠡᠪᠬᠢᠲᠡᠢ ᠳᠡᠮᠵᠢᠭᠰᠡᠨ ᠪᠠᠶᠢᠨ᠎ᠠ᠃ ᠰᠠᠨᠠᠯ ᠵᠥᠪᠯᠡᠯᠭᠡ ᠶᠢ ᠭᠤᠣᠯᠳᠠᠯᠭ᠎ᠠ ᠲᠠᠢ ᠱᠠᠭᠠᠷᠳᠠᠨ ᠭᠦᠢᠴᠡᠳᠬᠡᠯᠭᠡᠬᠦ᠂ ᠶᠠᠷᠢᠶ᠎ᠠ ᠲᠠᠯᠪᠢᠬᠤ ᠶᠢ ᠭᠤᠣᠯᠳᠠᠯᠭ᠎ᠠ ᠲᠠᠢ ᠲᠣᠬᠢᠷᠠᠭᠤᠯᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠴᠢᠮᠡᠭᠡ ᠵᠠᠩᠭᠢ ᠶᠢ ᠭᠤᠣᠯᠳᠠᠯᠭ᠎ᠠ ᠲᠠᠢ ᠮᠡᠳᠡᠭᠦᠯᠬᠦ ᠶᠢ ᠪᠠᠷᠢᠮᠲᠠᠯᠠᠨ᠂ ᠤᠯᠤᠰ ᠲᠥᠷᠥ ᠶᠢᠨ ᠵᠥᠪᠯᠡᠯᠭᠡᠨ ᠢ ᠨᠠᠮ ᠪᠤᠰᠤ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠮᠦᠰ ᠤᠨ ᠲᠥᠷᠥ ᠳᠤ ᠣᠷᠣᠯᠴᠠᠨ ᠵᠠᠰᠠᠭ ᠢ ᠵᠥᠪᠯᠡᠬᠦ ᠴᠢᠬᠤᠯᠠ ᠲᠠᠪᠴᠠᠩ ᠪᠣᠯᠭᠠᠬᠤ ᠶᠢ ᠪᠠᠲᠤᠯᠠᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠨᠠᠮ ᠪᠤᠰᠤ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠮᠦᠰ ᠢ ᠵᠣᠬᠢᠶᠠᠨ ᠪᠠᠶᠢᠭᠤᠯᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠰᠡᠳᠦᠪ ᠤᠨ ᠪᠠᠶᠢᠴᠠᠭᠠᠨ ᠰᠤᠳᠤᠯᠤᠯᠲᠠ᠂ ᠰᠠᠭᠤᠳᠠᠯ ᠤᠨ ᠬᠤᠷᠠᠯ ᠢᠶᠠᠷ ᠵᠥᠪᠳᠡᠯᠴᠡᠬᠦ᠂ ᠰᠠᠨᠠᠯ ᠵᠥᠪᠯᠡᠯᠭᠡ ᠶᠢ ᠱᠠᠭᠠᠷᠳᠠᠨ ᠭᠦᠢᠴᠡᠳᠭᠡᠬᠦ ᠵᠡᠷᠭᠡ ᠠᠵᠢᠯᠯᠠᠭᠠᠨ ᠳᠤ 20 ᠭᠠᠷᠤᠢ ᠤᠳᠠᠭ᠎ᠠ ᠣᠷᠢᠨ ᠣᠷᠣᠯᠴᠠᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠣᠯᠠᠨ ᠣᠶᠣᠨ ᠤᠬᠠᠭᠠᠨ ᠪᠠ ᠬᠦᠴᠦᠨ ᠢ ᠲᠥᠪᠯᠡᠷᠡᠭᠦᠯᠦᠭᠰᠡᠨ ᠪᠠᠶᠢᠨ᠎ᠠ᠃         ᠬᠠᠷᠢᠴᠠᠭ᠎ᠠ ᠶᠢ ᠰᠠᠶᠢᠵᠢᠷᠠᠭᠤᠯᠤᠨ ᠡᠶ᠎ᠡ ᠵᠣᠬᠢᠴᠠᠯ ᠢ ᠠᠬᠢᠭᠤᠯᠪᠠ᠃ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠬᠦᠮᠦᠰ ᠤᠨ ᠰᠠᠨᠠᠯ ᠪᠠ ᠰᠠᠨᠠᠭᠤᠯᠭ᠎ᠠ ᠶᠢ ᠢᠳᠡᠪᠬᠢᠲᠡᠢ ᠲᠤᠰᠬᠠᠵᠤ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠦᠮᠦᠰ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠳᠠᠬᠢ ᠴᠢᠬᠤᠯᠠ ᠦᠢᠯᠡᠳᠦᠯ ᠢ ᠪᠠᠳᠠᠷᠠᠭᠤᠯᠪᠠ᠃ ᠪᠠᠶᠢᠩᠭᠤ ᠶᠢᠨ ᠬᠤᠷᠢᠶ᠎ᠠ ᠨᠢ ᠭᠡᠰᠢᠭᠦᠳ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠰᠠᠨᠠᠭᠤᠯᠭ᠎ᠠ ᠶᠢ ᠶᠡᠷᠦᠩᠬᠡᠶᠢᠯᠡᠭᠰᠡᠨ ᠰᠠᠭᠤᠷᠢᠨ ᠳᠡᠭᠡᠷ᠎ᠡ ︽ᠮᠤᠩᠭᠤᠯ ᠦᠨᠳᠦᠰᠦᠲᠡᠨ ᠤ ᠰᠤᠷᠭᠠᠭᠤᠯᠢ ᠶᠢᠨ ᠰᠦᠯᠵᠢᠶᠡᠨ ᠳᠠᠬᠢ ᠰᠤᠷᠭᠠᠨ ᠬᠥᠮᠥᠵᠢᠯ ᠢ ᠴᠢᠩᠭᠠᠳᠬᠠᠬᠤ ᠲᠤᠬᠠᠢ ᠰᠠᠨᠠᠭᠤᠯᠭ᠎ᠠ︾ ︽ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠬᠤ ᠪᠠ ᠬᠥᠭᠵᠢᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠬᠤ ᠲᠤᠬᠠᠢ ᠰᠠᠨᠠᠭᠤᠯᠭ᠎ᠠ︾ ᠵᠡᠷᠭᠡ ᠶᠢ ᠳᠤᠷᠠᠳᠴᠤ᠂ ᠣᠷᠣᠨ ᠬᠤᠲᠠ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠡᠷᠡᠭᠯᠡᠭᠳᠡᠭᠰᠡᠨ ᠪᠠᠶᠢᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠬᠦᠮᠦᠰ ᠯᠦᠭᠡ ᠣᠶᠢᠯᠠᠭᠠᠯᠴᠠᠵᠤ ᠬᠠᠷᠢᠯᠴᠠᠬᠤ ᠪᠠᠨ ᠴᠢᠩᠭᠠᠳᠬᠠᠨ᠂ ᠬᠠᠶᠢᠷ᠎ᠠ ᠰᠡᠳᠬᠢᠯᠭᠡ᠂ ᠨᠥᠬᠦᠷᠯᠡᠯ ᠢ ᠬᠤᠯᠪᠣᠬᠤ ᠠᠵᠢᠯ ᠢ ᠰᠠᠶᠢᠲᠤᠷ ᠪᠡᠶᠡᠯᠡᠭᠦᠯᠵᠦ᠂ ᠰᠠᠭᠤᠳᠠᠯ ᠤᠨ ᠬᠤᠷᠠᠯ ᠡᠷᠬᠢᠯᠡᠬᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠲᠣᠭᠤᠷᠢᠨ ᠰᠣᠷᠪᠤᠯᠵᠢᠯᠠᠬᠤ᠂ ᠦᠨᠳᠦᠰᠦᠲᠡᠨ ᠱᠠᠰᠢᠨ ᠰᠤᠷᠲᠠᠬᠤᠨ ᠤ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭᠠᠨ ᠳᠤ ᠣᠷᠣᠯᠴᠠᠬᠤ ᠪᠠᠷ ᠳᠠᠮᠵᠢᠭᠤᠯᠤᠨ ᠦᠨᠳᠦᠰᠦᠲᠡᠨ ᠡᠶ᠎ᠡ ᠨᠠᠶᠢᠷᠲᠠᠢ᠂ ᠱᠠᠰᠢᠨ ᠰᠤᠷᠲᠠᠬᠤᠨ ᠡᠪ ᠨᠢᠭᠡᠲᠦᠯ ᠲᠠᠢ᠂ ᠨᠡᠶᠢᠭᠡᠮ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠪᠠ᠃ 2017 ᠣᠨ ᠤ 9 ᠰᠠᠷ᠎ᠠ ᠳᠤ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠨᠢ ︽ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃         ᠲᠡᠦᠭᠡ ᠰᠤᠶᠤᠯ ᠤᠨ ᠮᠠᠲ᠋ᠧᠷᠢᠶᠠᠯ ᠢ ᠲᠤᠭᠤᠷᠪᠢᠨ ᠬᠠᠳᠠᠭᠠᠯᠠᠵᠤ ᠤᠯᠠᠮᠵᠢᠯᠠᠯ ᠢ ᠠᠬᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠲᠣᠬᠢᠶᠠᠯᠳᠤᠭᠤᠯᠤᠨ ︽ᠠᠷᠢᠭᠤᠨ ᠤᠰᠤᠨ ᠷᠠᠰᠢᠶᠠᠨ ᠪᠤᠯᠠᠭ︾ ᠬᠡᠮᠡᠬᠦ ᠨᠣᠮ ᠢ ᠬᠡᠪᠯᠡᠭᠦᠯᠦᠨ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠪᠠᠶᠠᠷ ᠲᠤ ᠪᠡᠯᠡᠭ ᠪᠣᠯᠭᠠᠨ ᠡᠷᠭᠦᠭᠰᠡᠨ ᠪᠠᠶᠢᠨ᠎ᠠ᠃ ᠲᠤᠰ ᠨᠣᠮ ᠨᠢ ᠬᠡᠰᠢᠭᠲᠡᠨ ᠳᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ — ᠭᠠᠯᠳᠠᠰᠤᠲᠠᠢ ᠷᠠᠰᠢᠶᠠᠨ ᠬᠦᠷᠢᠶᠡᠯᠡᠩ ᠲᠣᠭᠤᠷᠢᠭ ᠤᠨ ᠬᠥᠭᠵᠢᠯ ᠬᠤᠪᠢᠷᠠᠯ ᠂ ᠪᠦᠬᠦ ᠲᠠᠯ᠎ᠠ ᠪᠠᠷ ᠲᠡᠮᠳᠡᠭᠯᠡᠨ ᠲᠤᠰᠬᠠᠭᠰᠠᠨ᠂ ᠰᠢᠨᠵᠢᠯᠡᠬᠦ ᠤᠬᠠᠭᠠᠨᠴᠢ ᠴᠢᠨᠠᠷ᠂ ᠵᠢᠭᠤᠯᠴᠢᠯᠠᠯ ᠳᠤ ᠵᠠᠮᠴᠢᠯᠠᠬᠤ ᠴᠢᠨᠠᠷ᠂ ᠮᠡᠳᠡᠯᠭᠡ ᠶᠢᠨ ᠴᠢᠨᠠᠷ᠂ ᠰᠣᠨᠢᠷᠬᠠᠯᠲᠤ ᠴᠢᠨᠠᠷ᠂ ᠠᠭᠤᠰᠤᠯᠴᠠᠮᠠᠯ ᠴᠢᠨᠠᠷ᠂ ᠪᠣᠳᠠᠲᠤ ᠠᠬᠤᠶᠢᠴᠢ ᠴᠢᠨᠠᠷ ᠢ ᠨᠢᠭᠡ ᠴᠣᠭᠴᠠᠵᠢᠭᠤᠯᠤᠭᠰᠠᠨ ᠭᠠᠯᠳᠠᠰᠤᠲᠠᠢ ᠷᠠᠰᠢᠶᠠᠨ ᠢ ᠲᠠᠨᠢᠨ ᠮᠡᠳᠡᠬᠦ᠂ ᠣᠶᠢᠯᠠᠭᠠᠬᠤ᠂ ᠤᠬᠠᠭᠤᠯᠬᠤ ᠵᠣᠷᠢᠯᠭ᠎ᠠ ᠪᠦᠬᠦᠢ ᠨᠡᠪᠲᠡᠷᠬᠡᠢ ᠪᠢᠴᠢᠭ ᠪᠠᠶᠢᠵᠤ᠂ ᠮᠠᠨ ᠤ ᠬᠤᠰᠢᠭᠤᠨ ᠤ ᠤᠯᠤᠰ ᠤᠨ ᠪᠦᠬᠦ ᠣᠷᠣᠨ ᠬᠡᠪᠴᠢᠶᠡᠨ ᠤ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠬᠤ ᠳᠤ ᠬᠢᠯᠠᠰ ᠴᠡᠭ ᠪᠣᠯᠣᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠢ ᠬᠠᠪᠰᠤᠷᠤᠨ ︽ᠮᠣᠩᠭᠤᠯ ᠦᠨᠳᠦᠰᠦᠲᠡᠨ ᠤ ᠵᠠᠭᠤᠨ ᠵᠢᠯ ᠤᠨ ᠪᠤᠳᠠᠳᠤ ᠲᠡᠮᠳᠡᠭᠯᠡᠯ︾ ᠤᠨ ᠡᠬᠡ ᠪᠢᠴᠢᠭ ᠡᠯᠰᠡᠬᠦ ᠪᠠ ᠬᠡᠰᠢᠭᠲᠡᠨ ᠣᠷᠣᠨ ᠤ ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠭᠰᠠᠨ ᠠᠬᠠᠮᠠᠳ ᠴᠡᠷᠢᠭ ᠤᠨ ᠠᠮᠠᠨ ᠶᠠᠷᠢᠶᠠᠨ ᠤ ᠮᠠᠲ᠋ᠧᠷᠢᠶᠠᠯ ᠢ ᠡᠮᠬᠢᠯᠡᠨ ᠴᠤᠭᠯᠠᠭᠤᠯᠬᠤ ᠠᠵᠢᠯ ᠢ ᠥᠷᠨᠢᠭᠦᠯᠵᠦ᠂ ᠰᠣᠶᠣᠯ ᠲᠡᠦᠭᠡ ᠶᠢᠨ ᠮᠠᠲ᠋ᠧᠷᠢᠶᠠᠯ ᠤᠨ ᠲᠡᠦᠬᠡ ᠶᠢ ᠬᠠᠳᠠᠭᠠᠯᠠᠵᠤ ᠵᠠᠰᠠᠭ ᠲᠤ ᠲᠤᠰᠠᠯᠠᠬᠤ᠂ ᠬᠦᠮᠦᠨ ᠠᠷᠠᠳ ᠢ ᠪᠦᠯᠬᠦᠮᠳᠡᠭᠦᠯᠦᠨ ᠬᠥᠮᠥᠵᠢᠭᠦᠯᠬᠦ ᠦᠢᠯᠡᠳᠦᠯ ᠢ ᠪᠠᠳᠠᠷᠠᠭᠤᠯᠤᠨ᠂ ᠪᠦᠬᠦ ᠬᠤᠰᠢᠭᠤᠨ ᠤ ᠰᠣᠶᠣᠯ ᠲᠡᠦᠭᠡ ᠶᠢᠨ ᠦᠢᠯᠡᠰ ᠤᠨ ᠬᠥᠭᠵᠢᠨ ᠴᠡᠴᠡᠭᠯᠡᠬᠦ ᠶᠢ ᠠᠬᠢᠭᠤᠯᠪᠠ᠃         ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠡᠶ᠎ᠡ ᠵᠣᠬᠢᠴᠠᠯ ᠢ ᠠᠬᠢᠭᠤᠯᠪᠠ᠃ ᠤᠳᠤᠷᠢᠳᠬᠤ ᠺᠠᠳ᠋ᠷ ᠤᠨ ᠬᠠᠷᠢᠯᠴᠠᠬᠤ ᠴᠢᠭ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠭ ᠤᠨ ᠪᠦᠷᠢᠯᠳᠦᠬᠦᠨ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠣᠯᠠᠨ ᠲᠦᠮᠡᠨ ᠳᠤ ᠦᠢᠯᠡᠴᠢᠯᠡᠪᠡ᠃ ᠨᠢᠭᠡ ᠵᠢᠯ ᠤᠨ ᠲᠤᠷᠰᠢ᠂ ᠪᠠᠭ ᠤᠨ ᠪᠦᠷᠢᠯᠳᠦᠬᠦᠨ ᠨᠠᠷ ᠦᠨᠳᠦᠰᠦᠨ ᠱᠠᠲᠤᠨ ᠤ ᠬᠠᠷᠢᠯᠴᠠᠬᠤ ᠴᠢᠭ ᠢ 40 ᠭᠠᠷᠤᠢ ᠤᠳᠠᠭ᠎ᠠ᠂ ᠦᠨᠳᠦᠰᠦᠨ ᠱᠠᠲᠤᠨ ᠤ ᠣᠯᠠᠨ ᠲᠦᠮᠡᠨ ᠠᠴᠠ 240 ᠭᠠᠷᠤᠢ ᠡᠷᠦᠬᠡ ᠶᠢ ᠲᠤᠭᠤᠷᠢᠨ ᠰᠣᠷᠪᠤᠯᠵᠢᠯᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ 8 ᠤᠳᠠᠭᠠᠨ ᠤ ᠨᠠᠮ ᠤᠨ ᠬᠢᠴᠢᠶᠡᠯ ᠣᠷᠣᠭᠰᠠᠨ ᠪᠠᠶᠢᠨ᠎ᠠ᠃ ᠪᠠᠭ ᠤᠨ ᠪᠦᠷᠢᠯᠳᠦᠬᠦᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠤᠨ ᠳᠣᠣᠷ᠎ᠠ᠂ ᠪᠠᠶᠢᠭᠤᠯᠤᠯᠭ᠎ᠠ ᠶᠢᠨ ᠺᠠᠳ᠋ᠷ ᠪᠠ ᠥᠷᠭᠡᠨ ᠣᠯᠠᠨ ᠭᠡᠰᠢᠭᠦᠳ ᠪᠦᠬᠦ ᠬᠦᠴᠦᠨ ᠢᠶᠠᠷ ᠢᠶᠠᠨ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠪᠡ᠃ ᠨᠢᠭᠡ ᠵᠢᠯ ᠤᠨ ᠲᠤᠷᠰᠢ ︽ᠮᠢᠩᠭᠠᠨ ᠨᠡᠷ᠎ᠡ ᠪᠠᠶᠢᠭᠤᠯᠤᠯᠭ᠎ᠠ ᠶᠢᠨ ᠺᠠᠳ᠋ᠷ ᠦᠨᠳᠦᠰᠦᠨ ᠱᠠᠲᠤᠨ ᠳᠤ ᠪᠠᠭᠤᠬᠤ︾ ︽ᠲᠠᠪᠤᠨ ᠳᠡᠰ ᠢᠶᠠᠷ ᠵᠢᠱᠢᠶ᠎ᠡ ᠦᠵᠡᠭᠦᠯᠦᠨ ᠤᠳᠤᠷᠢᠳᠤᠨ ᠳᠠᠭᠠᠭᠤᠯᠬᠤ ᠶᠢ ᠠᠳᠬᠤᠬᠤ︾ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠵᠡᠷᠭᠡ ᠠᠵᠢᠯᠯᠠᠭ᠎ᠠ ᠯᠤᠭ᠎ᠠ ᠤᠶᠠᠯᠳᠤᠭᠤᠯᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠺᠠᠳ᠋ᠷᠴᠤᠳ ᠨᠢ ᠬᠠᠪᠰᠤᠷᠤᠨ ᠲᠡᠳᠬᠦᠵᠦ ᠪᠠᠶᠢᠭ᠎ᠠ ᠶᠠᠳᠠᠭᠤ ᠬᠦᠴᠢᠷᠲᠡᠢ ᠡᠷᠦᠬᠡ ᠳᠤ 7.5 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠨᠠᠶᠢᠳᠠᠪᠤᠷᠢᠵᠢᠭᠤᠯᠵᠤ᠂ ᠤᠳᠤᠷᠢᠳᠤᠨ ᠳᠠᠭᠠᠭᠤᠯᠵᠤ ᠬᠠᠪᠰᠤᠷᠤᠨ ᠲᠡᠳᠬᠦᠬᠦ ᠭᠠᠵᠠᠷ ᠣᠷᠣᠨ ᠳᠤ 11 ᠲᠦᠷᠦᠯ ᠵᠦᠢᠯ ᠵᠣᠬᠢᠴᠠᠭᠤᠯᠤᠨ ᠥᠭᠴᠦ᠂ 100 ᠭᠠᠷᠤᠢ ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠨᠠᠶᠢᠳᠠᠪᠤᠷᠢᠵᠢᠭᠤᠯᠪᠠ ﹔ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ ᠶᠢ 1200 ᠭᠠᠷᠤᠢ ᠬᠤᠪᠢ ᠨᠠᠶᠢᠷᠠᠭᠤᠯᠤᠨ ᠲᠠᠷᠬᠠᠭᠠᠵᠤ᠂ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠳᠤ ᠪᠦᠲᠦᠮᠵᠢᠲᠡᠢ ᠤᠬᠠᠭᠤᠯᠭ᠎ᠠ ᠬᠢᠭᠰᠡᠨ ᠪᠠᠶᠢᠨ᠎ᠠ᠃ ︽ᠬᠤᠣᠰ ᠮᠢᠩᠭ᠎ᠠ ᠬᠤᠣᠰ ᠵᠠᠭᠤ︾ ︽ᠨᠠᠮᠤᠷ ᠤᠨ ᠤᠯᠠᠷᠢᠯ ᠤᠨ ᠰᠤᠷᠤᠯᠭ᠎ᠠ ᠲᠡᠳᠬᠦᠬᠦ︾ ︽ᠬᠠᠶᠢᠷ᠎ᠠ ᠬᠠᠯᠠᠮᠵᠢ ᠶᠢᠨ ᠨᠢᠭᠡ ᠡᠳᠦᠷ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠭᠡᠰᠢᠭᠦᠳ ᠢ ᠵᠣᠷᠢᠭᠵᠢᠭᠤᠯᠤᠨ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠦᠢᠯᠡᠰ ᠤᠨ ᠠᠵᠢᠯᠯᠠᠭᠠᠨ ᠳᠤ ᠣᠷᠣᠯᠴᠠᠭᠤᠯᠪᠠ᠃ ᠨᠢᠭᠡ ᠵᠢᠯ ᠤᠨ ᠲᠤᠷᠰᠢ᠂ ᠭᠡᠰᠢᠭᠦᠳ ᠠᠴᠠ ᠦᠨᠳᠦᠰᠦᠨ ᠱᠠᠲᠤᠨ ᠤ ᠶᠠᠳᠠᠭᠤ ᠬᠦᠴᠢᠷᠲᠡᠢ ᠣᠯᠠᠨ ᠲᠦᠮᠡᠨ ᠳᠤ ᠨᠢᠭᠦᠯᠡᠰᠦᠩᠭᠦᠢ ᠦᠢᠯᠡᠰ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠺᠠᠷᠲ ᠢ 100 ᠭᠠᠷᠤᠢ ᠬᠠᠭᠤᠳᠠᠰᠤ ᠬᠦᠷᠭᠡᠵᠦ᠂ 20 ᠭᠠᠷᠤᠢ ᠨᠡᠷ᠎ᠡ ᠶᠠᠳᠠᠭᠤ ᠬᠦᠴᠢᠷᠲᠡᠢ ᠰᠤᠷᠤᠭᠴᠢ ᠶᠢ ᠬᠠᠪᠰᠤᠷᠤᠨ ᠲᠡᠳᠬᠦᠪᠡ ﹔ ᠲᠤ ᠴᠧᠩᠽᠢ ᠪᠠᠯᠭᠠᠰᠤ ᠶᠢᠨ ︽8.11︾ ᠤ ᠬᠤᠢ ᠰᠠᠯᠬᠢᠨ ᠳᠤ ᠭᠠᠮᠰᠢᠭᠳᠠᠭᠰᠠᠨ ᠣᠯᠠᠨ ᠲᠦᠮᠡᠨ ᠳᠤ ᠡᠳ᠋ ᠪᠤᠳᠠᠰ ᠵᠣᠭᠤᠰ ᠮᠥᠩᠭᠦ ᠬᠠᠨᠳᠢᠪᠯᠠᠭᠰᠠᠨ ᠨᠢ ᠠᠷᠠᠳ ᠤᠨ ᠵᠣᠭᠤᠰ ᠢᠶᠠᠷ ᠨᠤᠭᠤᠯᠤᠨ ᠪᠤᠳᠤᠪᠠᠯ 30 ᠭᠠᠷᠤᠢ ᠲᠦᠮᠡᠨ ᠲᠥᠭᠦᠷᠢᠭ ᠬᠦᠷᠦᠭᠰᠡᠨ ᠪᠠᠶᠢᠨ᠎ᠠ᠃         ︵ᠳᠥᠷᠪᠡ︶ ᠰᠠᠭᠤᠷᠢ ᠪᠠᠨ ᠪᠠᠳᠤᠬᠠᠵᠤ᠂ ᠬᠡᠪ ᠴᠢᠨᠠᠷ ᠢᠶᠠᠨ ᠳᠡᠭᠡᠭᠰᠢᠯᠡᠭᠦᠯᠦᠨ᠂ ᠳᠦᠷᠢ ᠲᠥᠷᠬᠦ ᠶᠢ ᠪᠤᠢ ᠪᠣᠯᠭᠠᠵᠤ᠂ ᠠᠮᠢᠵᠢᠷᠠᠯ ᠤᠨ ᠬᠦᠴᠦᠨ ᠪᠦᠬᠦᠢ ᠤᠯᠤᠰ ᠲᠥᠷᠥ ᠶᠢᠨ ᠵᠥᠪᠯᠡᠯᠭᠡᠨ ᠢ ᠴᠢᠷᠮᠠᠶᠢᠨ ᠪᠠᠶᠢᠭᠤᠯᠪᠠ᠃         ᠨᠠᠮ ᠤᠨ ᠳᠤᠭᠤᠶᠢᠯᠠᠩ ᠠᠴᠠ ᠤᠳᠤᠷᠢᠳᠬᠤ ᠭᠤᠤᠯᠯᠠᠬᠤ ᠦᠢᠯᠡᠳᠦᠯ ᠤᠯᠠᠮ ᠨᠢᠭᠡ ᠠᠯᠬᠤᠮ ᠴᠢᠩᠭᠠᠷᠠᠪᠠ ᠃ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠤᠭᠤᠶᠢᠯᠠᠩ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠢ ᠴᠢᠩᠭ᠎ᠠ ᠬᠡᠷᠡᠭᠵᠢᠭᠦᠯᠵᠦ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠪᠠᠶᠢᠩᠭᠤ ᠶᠢᠨ ᠴᠢᠨᠠᠷᠲᠠᠢ ᠪᠣᠯᠭᠠᠬᠤ᠂ ᠳᠦᠷᠢᠮᠵᠢᠭᠦᠯᠬᠦ ᠠᠴᠠ ᠭᠠᠷᠳᠠᠨ᠂ ᠨᠠᠮ ᠤᠨ ᠳᠤᠭᠤᠶᠢᠯᠠᠩ ᠠᠴᠠ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠦᠷᠢᠮᠵᠢᠬᠦ᠂ ᠵᠢᠷᠤᠮᠵᠢᠬᠤ᠂ ᠰᠢᠨᠵᠢᠯᠡᠬᠦ ᠤᠬᠠᠭᠠᠨᠴᠢᠯᠠᠬᠤ ᠶᠢ ᠲᠠᠰᠤᠷᠠᠯᠲᠠ ᠦᠭᠡᠢ ᠠᠬᠢᠭᠤᠯᠪᠠ᠃ ᠨᠢᠭᠡ ᠵᠢᠯ ᠤᠨ ᠲᠤᠷᠰᠢ᠂ ᠨᠠᠮ ᠤᠨ ᠳᠤᠭᠤᠶᠢᠯᠠᠩ ᠤᠨ ᠬᠤᠷᠠᠯ ᠢ 14 ᠤᠳᠠᠭ᠎ᠠ ᠬᠤᠷᠠᠯᠳᠤᠭᠤᠯᠵᠤ᠂ ᠤᠨᠤᠯ ᠤᠨ ᠭᠤᠤᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ 12 ᠤᠳᠠᠭ᠎ᠠ ᠰᠤᠷᠤᠯᠴᠠᠭᠤᠯᠤᠨ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ 8 ᠤᠳᠠᠭ᠎ᠠ ᠥᠷᠨᠢᠭᠦᠯᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ 4 ᠤᠳᠠᠭ᠎ᠠ ᠬᠤᠷᠠᠯᠳᠤᠭᠤᠯᠪᠠ᠃ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠬᠤᠯᠪᠣᠭᠳᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠠᠭ ᠲᠣᠬᠠᠢ  ᠳᠤᠨᠢ ᠳᠠᠮᠵᠢᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ︽ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠣᠯᠠᠨ ᠨᠡᠶᠢᠲᠡ ᠶᠢᠨ ᠬᠠᠷᠢᠯᠴᠠᠭᠠᠨ ᠤ ᠲᠠᠪᠴᠠᠩ︾ ︽ᠬᠡᠰᠢᠭᠲᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠸᠢᠴᠠᠲ ᠢᠶᠠᠷ ᠬᠠᠷᠢᠯᠴᠠᠬᠤ ᠲᠠᠪᠴᠠᠩ︾ ᠢ ᠪᠠᠶᠢᠭᠤᠯᠵᠤ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠲᠠᠪᠴᠠᠩ ᠤᠨ ᠴᠢᠮᠡᠭᠡ ᠵᠠᠩᠭᠢ ᠶᠢ ᠲᠣᠭᠲᠠᠭᠰᠠᠨ ᠬᠤᠭᠤᠴᠠᠭ᠎ᠠ ᠲᠠᠢ ᠬᠠᠮᠠᠭᠠᠯᠠᠵᠤ᠂ ᠠᠭᠤᠯᠭ᠎ᠠ ᠳᠤ ᠴᠢᠩᠭ᠎ᠠ ᠬᠢᠨᠠᠯᠲᠠ ᠲᠠᠯᠪᠢᠨ᠂ ᠭᠡᠰᠢᠭᠦᠳ ᠢ ᠤᠳᠤᠷᠢᠳᠤᠨ ᠰᠠᠶᠢᠨ ᠴᠢᠮᠡᠭᠡ᠂ ᠵᠥᠪ ᠡᠨᠧᠷᠭᠢ ᠳᠠᠮᠵᠢᠭᠤᠯᠤᠭᠰᠠᠨ ᠪᠠᠶᠢᠨ᠎ᠠ᠃ ︽ᠬᠤᠶᠠᠷ ᠬᠠᠷᠢᠭᠤᠴᠠᠯᠭ᠎ᠠ︾ ᠶᠢ ᠴᠢᠷᠮᠠᠶᠢᠨ ᠪᠠᠲᠤᠳᠬᠠᠵᠤ ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠥᠪ ᠤᠨ ᠨᠠᠢᠮᠠᠨ ᠲᠣᠭᠲᠠᠭᠠᠯ ᠪᠠ ᠣᠷᠣᠨ ᠬᠤᠲᠠ ᠬᠤᠰᠢᠭᠤᠨ ᠤ ᠬᠤᠯᠪᠣᠭᠳᠠᠯ ᠪᠦᠬᠦᠢ ᠲᠦᠬᠦᠷᠵᠢᠭᠦᠯᠦᠭᠰᠡᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠰᠤᠷᠳᠠᠯ ᠤᠨ ᠪᠠᠶᠢᠭᠤᠯᠤᠯᠲᠠ ᠶᠢ ᠥᠷᠬᠦᠯᠵᠢᠯᠡᠨ ᠲᠦᠯᠬᠢᠨ ᠠᠬᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ᠬᠡᠪ ᠰᠤᠷᠲᠠᠯ ᠠᠷᠢᠭᠤᠨ ᠴᠢᠭᠡᠴᠢ ᠤᠯᠤᠰ ᠲᠥᠷᠥ ᠶᠢᠨ ᠣᠷᠴᠢᠨ ᠪᠠ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠣᠷᠴᠢᠨ ᠢ ᠬᠠᠩᠭᠠᠭᠰᠠᠨ ᠪᠠᠶᠢᠨ᠎ᠠ᠃         ᠭᠡᠰᠢᠭᠦᠳ ᠤᠨ ᠶᠡᠷᠦᠩᠬᠡᠢ ᠬᠡᠪ ᠪᠣᠯᠪᠠᠰᠤᠷᠠᠯ ᠤᠯᠠᠮ ᠨᠢᠭᠡ ᠠᠯᠬᠤᠮ ᠳᠡᠭᠡᠭᠰᠢᠯᠡᠪᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠬᠡᠷᠡᠭᠵᠢᠭᠦᠯᠬᠦ ᠬᠢᠭᠡᠳ ᠬᠠᠮᠢᠶᠠᠷᠬᠤ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠭᠡᠰᠢᠭᠦᠳ ᠲᠤ ᠦᠢᠯᠡᠴᠢᠯᠡᠬᠦ ᠪᠠ ᠭᠡᠰᠢᠭᠦᠳ ᠢ ᠬᠠᠮᠢᠶᠠᠷᠬᠤ ᠪᠠᠨ ᠳᠦᠷᠢᠮᠵᠢᠭᠦᠯᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠭᠰᠡᠨ ᠪᠠᠶᠢᠨ᠎ᠠ᠃ ᠵᠥᠪᠳᠡᠯᠴᠡᠬᠦ ᠬᠤᠷᠠᠯ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠭᠡᠰᠢᠭᠦᠳ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠬᠠᠩᠭᠠᠵᠤ᠂ ᠭᠡᠰᠢᠭᠦᠳ ᠤᠨ ᠵᠠᠰᠠᠭ ᠢ ᠵᠥᠪᠯᠡᠬᠦ ᠬᠠᠷᠠᠭᠠᠰᠤ ᠶᠢ ᠳᠡᠭᠡᠭᠰᠢᠯᠡᠭᠦᠯᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠰᠡᠳᠬᠢᠮᠵᠢ ᠶᠢ ᠥᠷᠭᠡᠳᠬᠡᠪᠡ᠃ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭᠠᠨ ᠰᠣᠯᠢᠬᠤ ᠪᠠᠷ ᠲᠣᠬᠢᠶᠠᠯ ᠪᠣᠯᠭᠠᠵᠤ᠂ ᠭᠡᠰᠢᠭᠦᠳ ᠢ ᠡᠯᠰᠡᠬᠦ ᠪᠣᠭᠤᠮᠲᠠ ᠶᠢ ᠴᠢᠩᠭ᠎ᠠ ᠰᠠᠬᠢᠨ᠂ ︽ᠳᠦᠷᠢᠮ︾ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠲᠦᠮᠡᠯ ᠪᠣᠳᠠᠰ ᠹᠷᠣᠨᠲ ᠤᠨ ᠬᠡᠯᠲᠡᠰ ᠵᠡᠷᠭᠡ 18 ᠨᠢᠭᠡᠴᠡ ᠯᠤᠭ᠎ᠠ ᠬᠠᠮᠲᠤᠷᠠᠨ ᠭᠡᠰᠢᠭᠦᠳ ᠤᠨ ᠵᠢᠱᠢᠭᠳᠡᠭᠰᠡᠳ ᠲᠤ ᠬᠤᠯᠪᠣᠭᠠᠯᠠᠭᠰᠠᠨ ᠬᠢᠨᠠᠨ ᠪᠠᠶᠢᠴᠠᠭᠠᠯᠲᠠ ᠬᠢᠪᠡ᠃ ᠤᠳᠤᠷᠢᠳᠬᠤ ᠺᠠᠳ᠋ᠷ ᠢᠶᠠᠷ ᠰᠣᠩᠭᠤᠭᠳᠠᠭᠰᠠᠨ ᠺᠠᠳ᠋ᠷᠴᠤᠳ ᠤᠨ ᠳᠠᠩᠰᠠ ᠡᠪᠬᠡᠮᠡᠯ ᠢ ᠡᠷᠭᠡᠪᠰᠢ ᠬᠢᠨᠠᠬᠤ᠂ ᠬᠤᠪᠢ ᠬᠦᠮᠦᠨ ᠤ ᠬᠠᠮᠢᠶ᠎ᠠ ᠪᠦᠬᠦᠢ ᠵᠦᠢᠯᠡᠰ ᠢ ᠡᠷᠭᠡᠪᠰᠢ ᠬᠠᠷᠭᠤᠭᠤᠯᠬᠤ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠰᠠᠨᠠᠯ ᠢ ᠡᠷᠬᠡᠪᠰᠢ ᠰᠣᠨᠣᠰᠬᠤ᠂ ᠬᠠᠮᠢᠶ᠎ᠠ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠡᠷᠭᠡᠪᠰᠢ ᠪᠠᠶᠢᠴᠠᠭᠠᠬᠤ ᠶᠢ ᠪᠡᠶᠡᠯᠡᠭᠦᠯᠪᠡ ﹔ ᠨᠠᠮ ᠤᠨ ᠭᠠᠳᠠᠨᠠᠬᠢ ᠬᠦᠮᠦᠰ ᠢᠶᠠᠷ ᠰᠣᠩᠭᠤᠭᠳᠠᠭᠰᠠᠨ ᠬᠦᠮᠦᠰ ᠢ ᠠᠵᠢᠯᠯᠠᠵᠤ ᠪᠠᠶᠢᠭ᠎ᠠ ᠨᠢᠭᠡᠴᠡ ᠶᠢᠨ ᠵᠣᠬᠢᠶᠠᠨ ᠪᠠᠶᠢᠭᠤᠯᠤᠯᠲᠠ ᠪᠣᠶᠣ ᠠᠵᠢᠯᠯᠠᠵᠤ ᠪᠠᠶᠢᠭ᠎ᠠ ᠪᠦᠯᠬᠦᠮ ᠨᠡᠶᠢᠲᠡ ᠶᠢᠨ ᠰᠠᠨᠠᠯ ᠢ ᠭᠦᠢᠴᠡᠳ ᠰᠣᠨᠣᠰᠬᠤ ᠶᠢ ᠪᠡᠶᠡᠯᠡᠭᠦᠯᠪᠡ ﹔ ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠢ ᠶᠢᠨ ᠬᠦᠮᠦᠰ ᠢᠶᠠᠷ ᠰᠣᠩᠭᠤᠭᠳᠠᠭᠰᠠᠨ ᠬᠥᠮᠥᠰ ᠢ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠶᠢᠨ ᠰᠠᠨᠠᠭᠤᠯᠭ᠎ᠠ ᠶᠢ ᠭᠦᠢᠴᠡᠳ ᠰᠣᠨᠣᠰᠣᠭᠰᠠᠨ ᠪᠠᠶᠢᠨ᠎ᠠ᠃ ᠴᠢᠩᠭ᠎ᠠ ᠬᠢᠨᠠᠨ ᠬᠠᠷᠭᠤᠭᠤᠯᠬᠤ ᠪᠠᠷ ᠳᠠᠮᠵᠢᠨ ᠰᠢᠨ᠎ᠡ ᠨᠢᠭᠡᠨ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ 175 ᠨᠡᠷ᠎ᠡ ᠰᠣᠩᠭᠤᠨ ᠭᠠᠷᠭᠠᠭᠰᠠᠨ ᠪᠠᠶᠢᠨ᠎ᠠ᠃ ᠡᠳᠡᠭᠡᠷ ᠭᠡᠰᠢᠭᠦᠳ ᠤᠨ ᠤᠯᠤᠰ ᠲᠥᠷᠥ ᠶᠢᠨ ᠬᠡᠪ ᠴᠢᠨᠠᠷ ᠦᠨᠳᠦᠷ᠂ ᠠᠵᠢᠯ ᠤᠨ ᠰᠤᠷᠳᠠᠯ ᠰᠠᠶᠢᠨ᠂ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠴᠢᠳᠠᠪᠤᠷᠢ ᠴᠢᠩᠭ᠎ᠠ ᠪᠠᠶᠢᠵᠤ᠂ ᠰᠢᠨ᠎ᠡ ᠪᠠᠶᠢᠳᠠᠯ ᠳᠣᠣᠷᠠᠬᠢ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠪᠡᠶᠡᠯᠡᠭᠦᠯᠬᠦ ᠳᠤ ᠬᠦᠴᠦᠨ ᠪᠦᠬᠦᠢ ᠴᠢᠳᠠᠪᠤᠷᠢᠲᠠᠨ ᠤ ᠪᠠᠲᠤᠯᠠᠭ᠎ᠠ ᠪᠠ ᠣᠶᠣᠨ ᠤ ᠳᠡᠮᠵᠢᠯᠭᠡ ᠬᠠᠩᠭᠠᠭᠰᠠᠨ ᠪᠠᠶᠢᠨ᠎ᠠ᠃         ᠪᠠᠶᠢᠭᠤᠯᠤᠯᠭ᠎ᠠ ᠶᠢᠨ ᠦᠢᠯᠡᠴᠢᠯᠡᠭᠡᠨ ᠤ ᠴᠢᠳᠠᠪᠬᠢ ᠤᠯᠠᠮ ᠨᠢᠭᠡ ᠠᠯᠬᠤᠮ ᠳᠡᠭᠡᠭᠰᠢᠯᠡᠪᠡ᠃ ᠲᠤᠰᠬᠠᠢ ᠺᠣᠮᠢᠰ ᠤᠨ ᠰᠠᠭᠤᠷᠢ ᠦᠢᠯᠡᠳᠦᠯ ᠢ ᠴᠢᠩᠭᠠᠳᠬᠠᠵᠤ᠂ ᠲᠤᠰᠬᠠᠢ ᠺᠣᠮᠢᠰ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ᠂ ᠢᠯᠭᠠᠯᠲᠤ ᠡᠲᠡᠭᠡᠳ ᠤᠨ ᠬᠢᠨ ᠯᠤᠭ᠎ᠠ ᠠᠵᠢᠯᠯᠠᠭᠠᠨ ᠥᠷᠨᠢᠭᠦᠯᠬᠦ᠂ ᠨᠠᠮ ᠵᠠᠰᠠᠭ ᠤᠨ ᠰᠠᠯᠠᠭ᠎ᠠ ᠮᠥᠴᠢᠷ ᠯᠤᠭ᠎ᠠ ᠬᠠᠷᠢᠯᠴᠠᠨ ᠵᠥᠪᠳᠡᠯᠴᠡᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠶᠢ ᠵᠣᠷᠢᠭᠵᠢᠭᠤᠯᠪᠠ᠃ ᠡᠯ᠎ᠡ ᠲᠤᠰᠬᠠᠢ ᠺᠣᠮᠢᠰ ᠤᠨ ᠬᠠᠷᠢᠯᠴᠠᠬᠤ ᠰᠠᠯᠠᠭ᠎ᠠ ᠮᠥᠴᠢᠷ ᠣᠯᠠᠨ᠂ ᠬᠦᠷᠦᠯᠴᠡᠬᠦ ᠭᠡᠰᠢᠭᠦᠳ ᠣᠯᠠᠨ ᠪᠠᠶᠢᠳᠠᠯ ᠳᠠᠪᠠᠭᠤᠯᠢᠭ ᠢ ᠠᠰᠢᠭᠯᠠᠨ᠂ ᠵᠥᠪᠳᠡᠯᠴᠡᠬᠦ ᠰᠠᠭᠤᠳᠠᠯ ᠤᠨ ᠬᠤᠷᠠᠯ ᠬᠢᠬᠦ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ᠂ ᠰᠠᠨᠠᠯ ᠵᠥᠪᠯᠡᠯᠭᠡ ᠶᠢ ᠭᠦᠢᠴᠡᠳᠬᠡᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠠᠵᠢᠯ ᠢ ᠯᠠᠪᠳᠠᠭᠤᠨ ᠪᠠᠳᠤᠲᠠᠢ ᠪᠡᠶᠡᠯᠡᠭᠦᠯᠪᠡ᠃ ᠨᠢᠭᠡ ᠵᠢᠯ ᠤᠨ ᠲᠤᠷᠰᠢ᠂ ᠡᠯ᠎ᠡ ᠲᠤᠰᠬᠠᠢ ᠺᠣᠮᠢᠰ ᠨᠢ ᠭᠡᠰᠢᠭᠦᠳ ᠢ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠠᠵᠢᠯᠯᠠᠭᠠᠨ ᠢ 30 ᠭᠠᠷᠤᠢ ᠤᠳᠠᠭ᠎ᠠ ᠥᠷᠨᠢᠭᠦᠯᠦᠨ᠂ ᠦᠨ᠎ᠡ ᠥᠷᠲᠡᠭ ᠪᠦᠬᠦᠢ ᠰᠠᠨᠠᠭᠤᠯᠭ᠎ᠠ ᠶᠢ 120 ᠭᠠᠷᠤᠢ ᠵᠣᠷᠪᠤᠰ ᠳᠤᠷᠠᠳᠤᠭᠰᠠᠨ ᠪᠠᠶᠢᠨ᠎ᠠ᠃ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠪᠠᠳᠤᠯᠠᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠡᠯ᠎ᠡ ᠺᠣᠮᠢᠰ ᠲᠠᠰᠤᠭ ᠨᠢ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠥᠷᠥᠭᠡ︾ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠲᠠᠪᠤᠨ ᠬᠡᠯᠪᠡᠷᠢ ᠶᠢᠨ ᠪᠠᠶᠢᠭᠤᠯᠤᠯᠭ᠎ᠠ︾ ᠶᠢ ᠴᠣᠭᠴᠠᠯᠠᠬᠤ ᠪᠠᠷ ᠭᠠᠷᠳᠠᠬᠤ ᠴᠢᠭ ᠪᠣᠯᠭᠠᠵᠤ᠂ ᠠᠵᠢᠯ ᠤᠨ ᠵᠣᠬᠢᠮᠵᠢ ᠪᠠᠨ ᠲᠡᠭᠦᠯᠳᠡᠷᠵᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠬᠡᠯᠪᠡᠷᠢ ᠶᠢ ᠰᠢᠨᠡᠳᠬᠡᠵᠦ᠂ ᠺᠠᠳ᠋ᠷ ᠠᠵᠢᠯᠲᠠᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠡᠭᠦᠳᠦᠨ ᠪᠦᠲᠦᠭᠡᠬᠦ ᠴᠢᠨᠠᠷ ᠢ ᠭᠦᠢᠴᠡᠳ ᠳᠠᠶᠢᠴᠢᠯᠠᠨ᠂ ᠦᠢᠯᠡᠰ ᠪᠦᠲᠦᠭᠡᠬᠦ ᠪᠠᠷ ᠴᠢᠷᠮᠠᠶᠢᠬᠤ᠂ ᠦᠢᠯᠡᠰ ᠢ ᠦᠨᠡᠩᠬᠦ ᠪᠦᠲᠦᠭᠡᠬᠦ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠦᠷᠢᠯᠳᠦᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠭᠴᠢ ᠲᠤᠰᠠᠯᠠᠭᠴᠢ᠂ ᠶᠡᠷᠦᠩᠬᠡᠶᠢᠯᠡᠨ ᠵᠣᠬᠢᠴᠠᠭᠤᠯᠬᠤ᠂ ᠦᠢᠯᠡᠴᠢᠯᠡᠨ ᠪᠠᠲᠤᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠪᠠ᠃         ᠭᠡᠰᠢᠭᠦᠳ ᠡ᠂ ᠨᠥᠬᠦᠳ ᠡ᠂ ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠪᠡᠯ᠂ ᠪᠢᠳᠡ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠣᠯᠣᠭᠰᠠᠨ ᠠᠮᠵᠢᠯᠲᠠ ᠪᠦᠲᠦᠮᠵᠢ ᠨᠢᠭᠡᠪᠦᠷᠢ᠂ ᠤᠷᠤᠭᠰᠢ ᠳᠠᠪᠰᠢᠭᠰᠠᠨ ᠠᠯᠬᠤᠮ ᠨᠢᠭᠡᠪᠦᠷᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ ᠶᠢᠨ ᠵᠥᠪ ᠣᠨᠣᠪᠴᠢᠲᠡᠢ ᠤᠳᠤᠷᠢᠳᠤᠯᠭ᠎ᠠ ᠪᠠ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠠᠴᠠ ᠰᠠᠯᠵᠤ ᠴᠢᠳᠠᠬᠤ ᠦᠭᠡᠢ ᠶᠤᠮ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠦᠴᠦ ᠪᠠᠨ ᠬᠠᠮᠳᠤᠳᠬᠠᠨ ᠠᠵᠢᠯᠯᠠᠭᠰᠠᠨ ᠪᠠ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠦᠨᠡᠨ ᠰᠡᠳᠬᠢᠯ ᠤᠨ ᠬᠠᠶᠢᠷ᠎ᠠ ᠬᠠᠯᠠᠮᠵᠢ ᠪᠠ ᠬᠦᠰᠡᠯ ᠪᠠᠷᠠᠯᠠᠯ ᠠᠴᠠ ᠰᠠᠯᠵᠤ ᠴᠢᠳᠠᠬᠤ ᠦᠭᠡᠢ ᠶᠤᠮ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠪᠠ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠤᠨ ᠢᠳᠡᠪᠬᠢᠲᠡᠢ ᠣᠷᠤᠯᠴᠠᠯᠭ᠎ᠠ ᠪᠠ ᠣᠶᠤᠨ ᠤᠬᠠᠭᠠᠨ ᠤ ᠬᠦᠴᠦᠨ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠴᠢᠩ ᠰᠡᠳᠬᠢᠯ ᠤᠨ ᠪᠠᠶᠠᠷ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕         ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠬᠦ ᠳᠤ ᠪᠠᠶᠢᠩᠭᠤ ᠶᠢᠨ ᠬᠤᠷᠢᠶ᠎ᠠ ᠶᠢᠨ ᠠᠵᠢᠯ ᠨᠢ ᠮᠥᠨ ᠬᠦ ᠨᠡᠯᠢᠶᠡᠳ ᠶᠡᠭᠡ ᠬᠠᠯᠠᠨ ᠰᠠᠶᠢᠵᠢᠷᠠᠭᠤᠯᠬᠤ ᠵᠠᠢ ᠪᠠᠶᠢᠭᠰᠠᠭᠠᠷ ᠭᠡᠰᠡᠨ ᠢ ᠣᠯᠬᠤ ᠪᠢᠳᠡ ᠰᠡᠷᠭᠡᠭ ᠢᠶᠠᠷ ᠣᠯᠵᠤ ᠬᠠᠷᠠᠬᠤ ᠪᠣᠯᠣᠨ᠎ᠠ᠃ ᠭᠤᠣᠯᠳᠠᠭᠤ ᠠᠷᠠᠳᠴᠢᠯᠠᠯ ᠢᠶᠠᠷ ᠵᠥᠪᠯᠡᠬᠦ ᠵᠣᠬᠢᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ᠂ ᠰᠠᠨᠠᠯ ᠡᠷᠭᠦᠵᠦ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ᠂ ᠠᠵᠢᠯ ᠢ ᠨᠠᠶᠢᠳᠠᠪᠤᠷᠢᠵᠢᠭᠤᠯᠬᠤ ᠬᠦᠴᠦᠯᠡᠴᠡ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠂ ᠵᠥᠪᠯᠡᠭᠴᠢ ᠲᠤᠰᠠᠯᠠᠭᠴᠢ ᠶᠢᠨ ᠦᠢᠯᠡᠳᠦᠯ ᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠭᠰᠠᠭᠠᠷ᠃ ᠡᠭᠦᠨ ᠳᠤ ᠴᠢᠭᠯᠡᠭᠦᠯᠦᠨ ᠣᠯᠠᠨ ᠢᠶᠠᠷ ᠢᠶᠠᠨ ᠡᠷᠬᠢᠮ ᠦᠨ᠎ᠡ ᠲᠠᠢ ᠰᠠᠨᠠᠯ ᠢᠶᠠᠨ ᠢᠯᠡᠭᠦᠬᠡᠨ ᠳᠤᠷᠠᠳᠬᠤ ᠶᠢ ᠬᠦᠰᠡᠵᠦ ᠪᠣᠢ᠂ ᠪᠢᠳᠠ ᠴᠢᠩ ᠦᠨᠡᠨᠴᠢ ᠪᠠᠷ ᠬᠦᠯᠢᠶᠡᠨ ᠠᠪᠴᠤ ᠴᠢᠷᠮᠠᠶᠢᠨ ᠰᠠᠶᠢᠵᠢᠷᠠᠭᠤᠯᠬᠤ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号