ᠴᠠᠭ᠄ 2017 ᠣᠨ ᠤ 10 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ | ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ | ᠳᠡᠳ᠋ ᠡᠷᠬᠢᠯᠡᠭᠴᠢ ᠴᠢᠶᠣᠤ ᠰᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ | ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠰᠢᠶ᠋ᠳᠪᠦᠷᠢᠲᠦ ᠤᠷᠤᠯᠳᠤᠭᠠᠨ ᠨᠢ 2017 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠪᠠᠷ ᠶᠠᠪᠤᠭᠳᠠᠬᠤ ᠪᠣᠯᠣᠨ᠎ᠠ᠂ ᠡᠯ᠎ᠡ ᠠᠶᠢᠮᠠᠭ ᠬᠤᠳᠠ ᠪᠠ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠠᠩᠬᠠᠨ ᠤ ᠣᠷᠣᠯᠳᠤᠭᠠᠨ᠂ ᠬᠤᠶᠠᠷᠳᠠᠬᠢ ᠣᠷᠣᠯᠳᠤᠭᠠᠨ ᠵᠡᠷᠭᠡ ᠭᠤᠭᠴᠤᠭᠠᠨ ᠤ ᠰᠢᠯᠭᠠᠷᠠᠭᠤᠯᠬᠤ | ᠣᠷᠣᠯᠳᠤᠭᠠᠨ ᠢᠶᠠᠷ ᠪᠤᠢ ᠪᠣᠯᠤᠭᠰᠠᠨ 30 ᠲᠥᠯᠥᠭᠡᠯᠡᠭᠴᠢᠳ ᠤᠨ ᠠᠩᠭᠢ ᠨᠢ ᠪᠦᠬᠦ ᠣᠷᠣᠨ ᠤ ᠰᠢᠢᠳᠪᠦᠷᠢᠲᠦ | ᠣᠷᠣᠯᠳᠤᠭᠠᠨ ᠳᠤ ᠣᠷᠣᠯᠴᠠᠨ᠎ᠠ᠃ ᠲᠤᠰ ᠤᠳᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ | ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ | ᠶᠣᠰᠣᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠢᠯᠠᠯᠲᠠ ᠲᠠᠢ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ | ᠣᠢ ᠶᠢᠨ ᠪᠠᠶᠠᠷ ᠤᠨ ᠶᠣᠰᠣᠯᠠᠯ ᠢ ᠣᠭᠲᠤᠬᠤ ᠶᠢᠨ ᠲᠥᠯᠥᠭᠡ ᠦᠷᠨᠢᠭᠦᠯᠦᠭᠰᠡᠨ ᠴᠢᠬᠤᠯᠠ ᠠᠵᠢᠯᠯᠠᠭ᠎ᠠ ᠪᠣᠯᠣᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | ᠬᠥᠲᠥᠯᠥᠭᠴᠢ᠄ ᠥᠷᠭᠡᠨ ᠣᠯᠠᠨ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠠᠨ ᠪᠦᠬᠦᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠥᠳᠦᠷ ᠪᠢᠳᠡ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠴᠢᠶᠣᠤ ᠰᠢᠨ ᠢ ᠤᠷᠢᠵᠤ᠂ | ᠮᠠᠨ ᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ | ᠮᠡᠳᠡᠯᠭᠡ ᠶᠢᠨ ᠤᠷᠤᠯᠳᠤᠭᠠᠨ ᠤ ᠪᠠᠶᠢᠳᠠᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ | ᠪᠣᠯᠣᠨ᠎ᠠ᠃ ᠴᠢᠶᠣᠤ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ ︕ | ᠴᠢᠶᠣᠤ ᠰᠢᠨ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠨᠠᠶᠢᠵᠠ ᠨᠠᠷ ᠲᠠ ᠪᠦᠬᠦᠨ ᠰᠠᠶᠢᠨ | ᠪᠠᠶᠢᠵᠠᠭᠠᠨ᠎ᠠ ᠤᠤ ︕ | ᠬᠥᠲᠥᠯᠥᠭᠴᠢ᠄ ᠶᠠᠭᠤᠨ ᠤ ᠤᠴᠢᠷ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ | ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠬᠡᠮᠡᠬᠦ ᠠᠵᠢᠯᠯᠠᠭ᠎ᠠ ᠶᠠᠪᠤᠭᠳᠠᠭᠤᠯᠤᠭᠰᠠᠨ ᠢ ᠲᠠ | ᠲᠠᠨᠢᠯᠴᠠᠭᠤᠯᠤᠭᠠᠳ ᠥᠭᠭᠦᠨ᠎ᠡ ᠤᠤ ︖ | ᠴᠢᠶᠣᠤ ᠰᠢᠨ᠄ ᠲᠤᠰ ᠤᠳᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ | ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠢᠯᠠᠯᠲᠠ ᠲᠠᠢ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠢ ᠶᠢᠨ | ᠪᠠᠶᠠᠷ ᠤᠨ ᠶᠣᠰᠣᠯᠠᠯ ᠢ ᠤᠭᠲᠤᠬᠤ ᠶᠢᠨ ᠲᠥᠯᠥᠭᠡ ᠦᠷᠨᠢᠭᠦᠯᠦᠭᠰᠡᠨ ᠴᠢᠬᠤᠯᠠ ᠠᠵᠢᠯᠯᠠᠭ᠎ᠠ ᠪᠣᠯᠣᠨ᠎ᠠ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠳᠤ | ᠣᠷᠣᠯᠴᠠᠭᠤᠯᠬᠤ ᠨᠢ ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ ᠵᠢᠷᠤᠮᠵᠢᠭᠤᠯᠵᠤ᠂ | ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠳᠬᠡᠬᠦ ᠭᠤᠣᠯ ᠰᠡᠳᠦᠪ ᠤᠨ ᠲᠣᠭᠤᠷᠢᠨ ᠳᠤ᠂ ᠤᠨᠤᠯ ᠢ ᠪᠤᠳᠠᠲᠠᠢ ᠲᠠᠢ | ᠤᠶᠠᠯᠳᠤᠭᠤᠯᠤᠭᠰᠠᠨ ᠪᠣᠯᠪᠠᠰᠤᠷᠠᠭᠤᠯᠬᠤ ᠠᠷᠭ᠎ᠠ ᠮᠠᠶ᠋ᠢᠭ ᠢᠶᠠᠷ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ | ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠠᠤᠯᠢ ᠬᠡᠷᠡᠭᠵᠢᠭᠦᠯᠬᠦ ᠡᠩᠨᠡᠭᠡᠨ ᠤ | ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ ᠣᠷᠣᠨ ᠢᠶᠠᠨ ᠵᠠᠰᠠᠬᠤ᠂ ᠬᠠᠤᠯᠢ ᠪᠠᠷ | ᠵᠠᠰᠠᠬᠤ ᠥᠪᠥᠷ ᠮᠣᠩᠭᠤᠯ ᠢ ᠪᠦᠳᠤᠭᠡᠨ ᠪᠠᠶᠢᠭᠤᠯᠬᠤ ᠠᠬᠢᠴᠠ ᠶᠢ ᠲᠥᠷᠭᠡᠳᠬᠡᠨ ᠠᠬᠢᠭᠤᠯᠬᠤ ᠳᠤ ᠠᠴᠢ | ᠬᠤᠯᠪᠣᠭᠳᠠᠯ ᠲᠠᠢ ᠶᠤᠮ᠃ | ᠬᠥᠲᠥᠯᠥᠭᠴᠢ᠄ ᠡᠨᠡ ᠤᠳᠠᠭᠠᠨ ᠤ ᠤᠷᠤᠯᠳᠤᠭᠠᠨ ᠨᠢ ᠶᠠᠮᠠᠷ ᠶᠠᠮᠠᠷ ᠣᠨᠴᠠᠯᠢᠭ ᠲᠠᠢ ᠪᠠᠶᠢᠬᠤ ᠶᠢ | ᠲᠠᠨᠢᠯᠴᠠᠭᠤᠯᠤᠭᠠᠳ ᠥᠭᠭᠦᠨ᠎ᠡ ᠤᠤ ︖ | ᠴᠢᠶᠣᠤ ᠰᠢᠨ᠄ ᠪᠣᠳᠠᠲᠠᠶ ᠪᠠᠷ ᠬᠡᠯᠡᠪᠡᠯ ᠳᠣᠣᠷᠠᠬᠢ ᠮᠡᠲᠦ ᠭᠤᠷᠪᠠᠨ ᠣᠨᠴᠠᠯᠢᠭ ᠲᠠᠢ ᠭᠡᠵᠦ | ᠬᠤᠷᠢᠶᠠᠩᠭᠤᠶᠢᠯᠠᠵᠤ ᠪᠣᠯᠤᠨ᠎ᠠ᠄ ᠨᠢᠭᠡ ᠳᠤ᠂ ᠬᠠᠷᠢᠶ᠎ᠠ ᠭᠠᠵᠠᠷ ᠣᠷᠣᠨ ᠳᠤᠨᠢ ᠬᠠᠮᠢᠶᠠᠷᠠᠭᠤᠯᠵᠤ᠂ ᠱᠠᠲᠤ ᠬᠤᠪᠢᠶᠠᠨ | ᠬᠠᠷᠢᠭᠤᠴᠠᠭᠤᠯᠪᠠ᠃ | ᠡᠯ᠎ᠡ ᠭᠠᠵᠠᠷ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠰᠢᠭᠤᠳ᠂ | ᠬᠠᠭᠠᠰ ᠰᠢᠭᠤᠳ ᠬᠠᠮᠢᠶᠠᠷᠴᠤ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠦᠬᠦᠨ ᠬᠠᠷᠢᠶ᠎ᠠ | ᠭᠠᠵᠠᠷ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ ᠲᠤᠰ ᠭᠠᠵᠠᠷ ᠣᠷᠣᠨ ᠤ ᠪᠠᠨ ᠬᠠᠤᠯᠢ ᠴᠠᠭᠠᠵᠠ ᠶᠢᠨ | ᠮᠡᠳᠡᠯᠭᠡ ᠶᠢᠨ ᠤᠷᠤᠯᠳᠤᠭᠠᠨ ᠳᠤ ᠣᠷᠣᠯᠴᠠᠨ᠎ᠠ᠃ | ᠬᠤᠶᠠᠷ ᠲᠤ᠂ ᠨᠢᠭᠡᠴᠡ ᠪᠠᠷ ᠢᠶᠠᠨ ᠤᠷᠤᠯᠳᠤᠭᠠᠨ ᠳᠤ ᠣᠷᠣᠯᠴᠠᠵᠤ᠂ ᠪᠣᠳᠠᠲᠤ ᠠᠮᠵᠢᠯᠲᠠ ᠶᠢ | ᠴᠢᠬᠤᠯᠠᠴᠢᠯᠠᠪᠠ᠃ ᠲᠤᠰ ᠤᠳᠠᠭᠠᠨ ᠤ ᠤᠷᠤᠯᠳᠤᠭᠠᠨ ᠨᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠠᠷ | ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠪᠣᠯᠭᠠᠵᠤ᠂ ᠲᠤᠰ ᠨᠢᠭᠡᠴᠡ ᠶᠢᠨ ᠶᠡᠭᠡ ᠪᠠᠭ᠎ᠠ᠂ | ᠬᠠᠤᠯᠢ ᠬᠡᠷᠡᠭᠵᠢᠭᠦᠯᠬᠦ ᠠᠵᠢᠯᠳᠠᠨ ᠬᠡᠳᠦᠶ ᠪᠠᠶᠢᠬᠤ ᠶᠢ ᠬᠠᠮᠢᠶᠠᠷᠬᠤ ᠦᠭᠡᠢ᠂ ᠬᠠᠤᠯᠢ ᠬᠡᠷᠡᠭᠵᠢᠭᠦᠯᠬᠦ ᠭᠤᠣᠯ | ᠴᠣᠭᠴᠠ ᠳᠤ ᠲᠣᠭᠠᠴᠠᠭᠳᠠᠳᠠᠭ ᠯᠠ ᠶᠤᠮ ᠪᠣᠯ ᠪᠦᠷ ᠤᠷᠤᠯᠳᠤᠭᠠᠨ ᠳᠤ ᠣᠷᠣᠯᠴᠠᠵᠤ ᠪᠣᠯᠤᠨ᠎ᠠ᠂ ᠤᠷᠤᠯᠳᠤᠭᠠᠨ ᠳᠤ | ᠣᠷᠣᠯᠴᠠᠭᠰᠠᠳ ᠪᠣᠯ ᠡᠷᠬᠡᠪᠰᠢ ᠲᠤᠰ ᠨᠢᠭᠡᠴᠡ ᠶᠢᠨ ᠬᠠᠤᠯᠢ ᠬᠡᠷᠡᠭᠵᠢᠭᠦᠯᠬᠦ ᠠᠵᠢᠯᠳᠠᠨ ᠪᠠᠶᠢᠬᠤ ᠬᠡᠷᠡᠭᠲᠡᠢ᠂ ᠲᠤᠰ | ᠰᠢᠰᠲ᠋ᠧᠮ ᠤᠨ ᠢᠶᠠᠨ ᠪᠤᠰᠤᠳ ᠨᠢᠭᠡᠴᠡ ᠪᠤᠶᠤ ᠨᠡᠶᠢᠭᠡᠮ ᠳᠡᠭᠡᠷ᠎ᠡ ᠠᠴᠠ ᠵᠢᠭᠡᠯᠡᠨ ᠬᠡᠷᠡᠭᠯᠡᠬᠦ᠂ ᠤᠷᠢᠵᠤ ᠬᠡᠷᠡᠭᠯᠡᠬᠦ ᠵᠡᠷᠭᠡ | ᠠᠷᠭ᠎ᠠ ᠮᠠᠶ᠋ᠢᠭ ᠢᠶᠠᠷ ᠬᠤᠯᠢᠮᠠᠭ ᠳᠤᠭᠤᠶᠢᠯᠠᠩ ᠪᠠᠶᠢᠭᠤᠯᠵᠤ ᠪᠣᠯᠬᠤ ᠦᠭᠡᠢ ᠭᠡᠵᠦ ᠴᠢᠬᠤᠯᠠᠴᠢᠯᠠᠵᠠᠢ᠃ | ᠭᠤᠷᠪᠠ ᠳᠤ᠂ ᠥᠷᠭᠡᠨ ᠳᠡᠯᠭᠡᠷ ᠢᠶᠠᠷ ᠣᠷᠣᠯᠴᠠᠬᠤ ᠶᠢ ᠵᠦ᠋ᠷᠢᠭᠵᠢᠭᠤᠯᠤᠨ᠂ ᠢᠯᠡ ᠪᠥᠭᠡᠳ ᠭᠤᠣᠯᠴᠢ | ᠪᠠᠶᠢᠬᠤ ᠶᠢ ᠪᠠᠲᠤᠯᠠᠪᠠ᠃ ᠪᠦᠬᠦ ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠨᠢᠭᠡᠴᠡ ᠶᠢᠨ ᠳᠤᠮᠳᠠ ᠥᠷᠭᠡᠨ ᠢᠶᠠᠷ ᠦᠷᠨᠢᠭᠦᠯᠵᠦ᠂ ᠳᠣᠣᠷ᠎ᠠ ᠠᠴᠠ ᠳᠡᠭᠡᠭᠰᠢ ᠪᠠᠨ᠂ ᠱᠡᠳᠦ ᠱᠡᠳᠦ ᠪᠠᠷ ᠰᠢᠯᠢᠨ | ᠰᠤᠩᠭᠤᠵᠠᠢ᠃ ᠪᠦᠷᠢᠳᠬᠡᠭᠰᠡᠨ ᠢᠶᠠᠷ᠂ ᠪᠥᠬᠦ ᠣᠷᠣᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ 1961 | ᠨᠢᠭᠡᠴᠡ ᠶᠢᠨ 7844 ᠬᠥᠮᠦᠨ ᠠᠩᠬᠠᠨ ᠤ ᠰᠢᠯᠭᠠᠷᠠᠭᠤᠯᠤᠯᠲᠠ ᠶᠢᠨ ᠤᠷᠤᠯᠳᠤᠭᠠᠨ ᠳᠤ ᠣᠷᠣᠯᠴᠠᠵᠤ᠂ ᠡᠯ᠎ᠡ | ᠭᠠᠵᠠᠷ ᠣᠷᠣᠨ ᠨᠢ ᠠᠩᠬᠠᠨ ᠤ ᠣᠷᠣᠯᠳᠣᠭᠠᠨ᠂ ᠬᠤᠶᠠᠷᠳᠠᠬᠢ ᠤᠷᠤᠯᠳᠤᠭᠠᠨ᠂ ᠰᠢᠶ᠋ᠳᠪᠦᠷᠢᠲᠦ ᠤᠷᠤᠯᠳᠤᠭᠠᠨ ᠢᠶᠠᠷ | ᠳᠠᠮᠵᠢᠭᠠᠳ᠂ ᠣᠳᠣᠬᠠᠨ ᠳᠤ᠂ ᠨᠡᠶᠢᠲᠡ 30 ᠭᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠦᠬᠦ | ᠣᠷᠣᠨ ᠤ ᠶᠡᠷᠦᠩᠬᠡᠶ ᠰᠢᠶ᠋ᠳᠪᠦᠷᠢᠲᠦ ᠤᠷᠤᠯᠳᠤᠭᠠᠨ ᠳᠤ ᠤᠷᠤᠭᠰᠠᠨ ᠪᠠᠶᠢᠨ᠎ᠠ᠃ ᠤᠷᠤᠯᠳᠤᠭᠠᠨ ᠤ ᠲᠡᠰ | ᠳᠠᠷᠠᠭᠠᠯᠠᠯ ᠨᠢ ᠵᠢᠷᠤᠮᠵᠢᠯ ᠲᠠᠢ᠂ ᠠᠵᠢᠯᠯᠠᠭᠠᠨ ᠨᠢ ᠢᠯᠡ ᠲᠣᠳᠣ᠂ ᠶᠠᠪᠤᠴᠠ ᠨᠢ ᠢᠯᠡ ᠲᠣᠳᠣ᠂ ᠦᠷ᠎ᠡ ᠳ᠋ᠦᠩ ᠨᠢ | ᠲᠥᠪ ᠭᠤᠣᠯᠴᠢ ᠪᠠᠶᠢᠬᠤ ᠶᠢ ᠪᠠᠲᠤᠯᠠᠪᠠ᠃ | ᠬᠥᠲᠦᠯᠦᠭᠴᠢ᠄ ᠲᠤᠰ ᠤᠳᠠᠭᠠᠨ ᠤ ᠰᠢᠶ᠋ᠳᠪᠦᠷᠢᠲᠦ ᠤᠷᠤᠯᠳᠤᠭᠠᠨ ᠤ ᠭᠤᠭᠴᠤᠭ᠎ᠠ ᠪᠣᠯᠤᠨ ᠳᠦᠷᠢᠮ ᠨᠢ | ᠶᠠᠮᠠᠷ ᠶᠠᠮᠠᠷ ᠪᠠᠶᠢᠳᠠᠭ ᠪᠤᠢ ︖ | ᠴᠢᠶᠣᠤ ᠰᠢᠨ᠄ ᠡᠨᠡᠬᠦ ᠤᠷᠤᠯᠳᠤᠭᠠᠨ ᠤ ᠰᠢᠶ᠋ᠳᠪᠦᠷᠢᠲᠦ ᠤᠷᠤᠯᠳᠤᠭᠠᠨ ᠢ ᠨᠡᠶᠢᠲᠡ ᠳᠦᠷᠪᠡᠨ ᠭᠤᠭᠴᠤᠭ᠎ᠠ | ᠬᠤᠪᠢᠶᠠᠪᠠ᠄ ᠬᠤᠪᠢ ᠬᠥᠮᠦᠨ ᠤ ᠵᠠᠪᠠᠯ ᠬᠠᠷᠢᠭᠤᠯᠬᠤ᠂ ᠳᠤᠭᠤᠶᠢᠯᠠᠩ ᠤᠨ ᠵᠠᠪᠠᠯ ᠬᠠᠷᠢᠭᠤᠯᠬᠤ᠂ ᠵᠠᠪᠳᠤᠨ | ᠬᠠᠷᠢᠭᠤᠯᠬᠤ ᠪᠠ ᠭᠡᠨᠡᠲᠡᠭᠦᠯᠬᠦ ᠰᠡᠳᠦᠪ ᠵᠡᠷᠭᠡ ᠪᠣᠯᠣᠨ᠎ᠠ᠃ ᠬᠡᠷᠪᠡ ᠤᠷᠤᠯᠳᠤᠭᠠᠨ ᠤ ᠳᠦᠷᠪᠡᠨ ᠭᠤᠭᠴᠤᠭ᠎ᠠ | ᠳᠠᠭᠤᠰᠬᠤ ᠦᠶ᠎ᠡ ᠠᠳᠠᠯᠢᠬᠠᠨ ᠬᠤᠪᠢ ᠲᠠᠢ ᠪᠠᠶᠢᠳᠠᠯ ᠢᠯᠡᠷᠡᠪᠡᠯ᠂ ᠵᠠᠪᠳᠤᠨ ᠬᠠᠷᠢᠭᠤᠯᠬᠤ ᠬᠡᠯᠪᠡᠷᠢ ᠪᠠᠷ ᠴᠠᠭ ᠨᠡᠮᠡᠨ | ᠤᠷᠤᠯᠳᠤᠨ᠎ᠠ᠃ | ᠰᠡᠳᠦᠪ ᠬᠠᠷᠢᠭᠤᠯᠬᠤ ᠦᠶ᠎ᠡ ᠳᠤ᠂ ᠡᠯ᠎ᠡ ᠠᠩᠭᠢ ᠶᠢᠨ ᠰᠠᠭᠤᠷᠢ ᠬᠤᠪᠢ ᠨᠢ 100 ᠬᠤᠪᠢ᠂ ᠳᠣᠣᠷᠠᠬᠢ | ᠳᠦᠷᠢᠮ ᠢ ᠡᠷᠬᠡᠪᠰᠢ ᠵᠢᠷᠤᠮᠯᠠᠬᠤ ᠬᠡᠷᠡᠭᠲᠡᠶ | ︵ᠨᠢᠭᠡ︶ ᠬᠤᠪᠢ ᠬᠥᠮᠦᠨ ᠤ ᠵᠠᠪᠠᠯ ᠬᠠᠷᠢᠭᠤᠯᠬᠤ ᠭᠤᠭᠴᠤᠭ᠎ᠠ᠄ ᠲᠤᠰ ᠡᠭᠡᠯᠵᠢ ᠳᠤ 19 ᠰᠡᠳᠦᠪ ᠲᠠᠢ᠂ | ᠰᠡᠳᠥᠪ ᠤᠨ ᠬᠡᠯᠪᠡᠷᠢ ᠨᠢ ᠬᠠᠭᠠᠯᠲᠠ ᠲᠠᠭᠯᠠᠬᠤ ᠰᠡᠳᠥᠪ᠂ ᠰᠣᠩᠭᠤᠬᠤ ᠰᠡᠳᠥᠪ ᠢᠶᠠᠷ ᠪᠦᠷᠢᠯᠳᠦᠵᠦ᠂ ᠠᠩᠭᠢ | ᠪᠦᠷᠢ ᠶᠢᠨ ᠭᠤᠷᠪᠠᠨ ᠰᠢᠯᠢᠳᠡᠭᠴᠦᠳ ᠳᠠᠷᠠᠭᠠᠯᠠᠯ ᠨᠣᠮᠧᠷ ᠶᠣᠰᠣᠭᠠᠷ 19 ᠰᠡᠳᠦᠪ ᠤᠨ ᠳᠤᠮᠳᠠ ᠠᠴᠠ ᠳᠤᠷ᠎ᠠ ᠶᠢᠨ | ᠨᠢᠭᠡ ᠶᠢ ᠰᠤᠩᠭᠤᠨ 20 ᠰᠧᠺᠦ᠋ᠨ᠋ᠳ᠋ ᠳᠤ ᠬᠠᠷᠢᠭᠤᠯᠵᠤ ᠳᠠᠭᠤᠰᠬᠠᠬᠤ ᠬᠡᠷᠡᠭᠲᠡᠶ᠂ ᠰᠡᠳᠥᠪ ᠪᠦᠷᠢ 10 ᠬᠤᠪᠢ᠂ | ᠪᠤᠷᠤᠭᠤ ᠬᠠᠷᠢᠭᠤᠯᠬᠤ᠂ ᠪᠦᠷᠢᠨ ᠪᠤᠰᠤ ᠬᠠᠷᠢᠭᠤᠯᠬᠤ ᠪᠤᠶᠤ ᠬᠠᠷᠢᠭᠤᠯᠤᠭᠰᠠᠨ ᠦᠭᠡᠢ ᠪᠣᠯ ᠬᠤᠪᠢ ᠨᠡᠮᠡᠵᠦ | ᠬᠠᠰᠤᠬᠤ ᠦᠭᠡᠶ ︔ ︵ᠬᠤᠶᠠᠷ︶ ᠳᠤᠭᠤᠶᠢᠯᠠᠩ ᠤᠨ ᠵᠠᠪᠠᠯ ᠬᠠᠷᠢᠭᠤᠯᠬᠤ ᠭᠤᠭᠴᠤᠭ᠎ᠠ᠄ ᠲᠤᠰ ᠡᠭᠡᠯᠵᠢ ᠪᠣᠯ | ᠬᠥᠲᠥᠯᠦᠭᠴᠢ ᠪᠣᠯᠣᠨ ᠡᠯ᠎ᠡ ᠠᠩᠭᠢ ᠶᠢᠨ ᠲᠥᠯᠥᠭᠡᠯᠡᠭᠴᠢ ᠶᠢᠨ ᠲᠦᠷᠭᠡᠨ ᠠᠰᠠᠭᠤᠵᠤ ᠲᠦᠷᠭᠡᠨ ᠬᠠᠷᠢᠭᠤᠯᠬᠤ | ᠭᠤᠭᠴᠤᠭ᠎ᠠ ᠮᠦᠨ᠂ ᠰᠡᠳᠦᠪ ᠤᠨ ᠬᠡᠯᠪᠡᠷᠢ ᠨᠢ ᠮᠠᠭᠠᠳᠯᠠᠬᠤ ᠰᠡᠳᠦᠪ᠂ ᠰᠡᠳᠦᠪ ᠬᠠᠷᠢᠭᠤᠯᠤᠭᠴᠢ ᠡᠷᠬᠡᠪᠰᠢ | ᠬᠥᠲᠥᠯᠥᠭᠴᠢ ᠠᠴᠠ ᠰᠡᠳᠦᠪ ᠢ ᠤᠩᠰᠢᠵᠦ ᠳᠠᠭᠤᠰᠤᠭᠰᠠᠨ ᠤ ᠳᠠᠷᠠᠭ᠎ᠠ ᠡᠬᠢᠯᠡᠨ ᠬᠠᠷᠢᠭᠤᠯᠤᠨ᠎ᠠ᠂ ᠵᠥᠪᠬᠡᠨ ᠵᠥᠪ | ᠪᠤᠷᠤᠭᠤ ᠶᠢ ᠨᠢ ᠮᠠᠭᠠᠳᠯᠠᠨ᠎ᠠ᠂ ᠰᠡᠳᠦᠪ ᠬᠠᠷᠢᠭᠤᠯᠬᠤ ᠶᠠᠪᠤᠴᠠ ᠳᠤᠮᠳᠠ ᠠᠩᠭᠢ ᠶᠢᠨ ᠭᠡᠰᠢᠭᠦᠨ ᠢᠶᠠᠨ ᠰᠣᠯᠢᠵᠤ | ᠪᠣᠯᠤᠨ᠎ᠠ᠃ ᠰᠡᠳᠦᠪ ᠬᠠᠷᠢᠭᠤᠯᠬᠤ ᠴᠠᠭ ᠨᠢ ᠨᠡᠶᠢᠲᠡ 90 ᠰᠧᠺᠦ᠋ᠨ᠋ᠳ᠋ ᠪᠣᠯᠣᠨ᠎ᠠ᠃ ᠬᠥᠲᠥᠯᠥᠭᠴᠢ ᠶᠢᠨ ᠰᠡᠳᠦᠪ | ᠤᠩᠰᠢᠬᠤ ᠴᠠᠭ᠂ ᠡᠯ᠎ᠡ ᠠᠩᠭᠢ ᠶᠢᠨ ᠭᠡᠰᠢᠭᠦᠨ ᠢᠶᠠᠨ ᠰᠣᠯᠢᠬᠤ ᠴᠠᠭ ᠢ ᠪᠦᠷ ᠰᠡᠳᠦᠪ ᠬᠠᠷᠢᠭᠤᠯᠬᠤ ᠴᠠᠭ ᠲᠤ | ᠪᠤᠳᠤᠵᠤ ᠣᠷᠤᠭᠤᠯᠤᠨ᠎ᠠ᠃ 1 ᠰᠡᠳᠦᠪ ᠵᠥᠪ ᠬᠠᠷᠢᠭᠤᠯᠬᠤ ᠪᠦᠷᠢ 10 ᠬᠤᠪᠢ ᠨᠡᠮᠡᠵᠦ᠂ ᠪᠤᠷᠤᠭᠤ ᠬᠠᠷᠢᠭᠤᠯᠬᠤ | ᠪᠤᠶᠤ ᠬᠠᠷᠢᠭᠤᠯᠬᠤ ᠦᠭᠡᠢ ᠪᠣᠯ ᠬᠤᠪᠢ ᠨᠡᠮᠡᠵᠦ ᠬᠠᠰᠤᠬᠤ ᠦᠭᠡᠶ ︔ ︵ᠭᠤᠷᠪᠠ︶ ᠵᠠᠪᠳᠤᠨ ᠬᠠᠷᠢᠭᠤᠯᠬᠤ | ᠭᠤᠭᠴᠤᠭ᠎ᠠ᠄ ᠲᠤᠰ ᠡᠭᠡᠯᠵᠢ ᠪᠣᠯ ᠵᠠᠪᠳᠤᠨ ᠬᠠᠷᠢᠭᠤᠯᠬᠤ ᠭᠤᠭᠴᠤᠭ᠎ᠠ ᠮᠦᠨ᠂ ᠬᠥᠲᠥᠯᠥᠭᠴᠢ ᠠᠴᠠ ᠰᠡᠳᠦᠪ ᠢ | ᠤᠩᠰᠢᠵᠦ᠂ ᠰᠢᠯᠢᠳᠡᠭᠴᠦᠳ ᠬᠥᠲᠥᠯᠥᠭᠴᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠥᠲᠥᠯᠥᠭᠴᠢ ᠰᠡᠳᠥᠪ | ᠤᠩᠰᠢᠵᠤ ᠪᠠᠶᠢᠬᠤ ᠦᠶ᠎ᠡ ᠳᠤ ᠴᠠᠭ ᠲᠤᠬᠠᠢ ᠵᠠᠪᠳᠤᠨ ᠬᠠᠷᠢᠭᠤᠯᠵᠦ ᠪᠣᠯᠤᠨ᠎ᠠ᠂ ᠡᠰᠡᠬᠦᠯ᠎ᠡ ᠵᠠᠪᠳᠤᠨ ᠬᠠᠷᠢᠭᠤᠯᠬᠤ | ᠪᠠᠭᠠᠵᠢ 3᠂ 2᠂ 1 ᠭᠡᠵᠦ ᠴᠠᠭ ᠢ ᠤᠷᠪᠠᠭᠤ ᠲᠣᠭᠠᠯᠠᠵᠤ ᠳᠠᠭᠤᠰᠤᠭᠰᠠᠨ ᠤ ᠲᠠᠷᠠᠭ᠎ᠠ ᠵᠠᠪᠳᠤᠨ ᠬᠠᠷᠢᠭᠤᠯᠤᠨ᠎ᠠ᠃ | ᠰᠡᠳᠦᠪ ᠬᠠᠷᠢᠭᠤᠯᠬᠤ ᠴᠠᠭ ᠨᠢ 30 ᠰᠧᠺᠦ᠋ᠨ᠋ᠳ᠋ ᠪᠣᠯᠤᠨ᠎ᠠ᠃ ᠵᠢᠱᠢᠶᠡᠯᠡᠪᠡᠯ ᠪᠤᠷᠤᠭᠤ ᠬᠠᠷᠢᠭᠤᠯᠬᠤ᠂ ᠪᠦᠷᠢᠨ ᠪᠤᠰᠤ | ᠬᠠᠷᠢᠭᠤᠯᠬᠤ ᠪᠤᠶᠤ ᠬᠠᠷᠢᠭᠤᠯᠤᠭᠰᠠᠨ ᠦᠭᠡᠢ ᠪᠣᠯ 10 ᠬᠤᠪᠢ ᠬᠠᠰᠤᠨ᠎ᠠ᠃ ᠬᠥᠲᠥᠯᠥᠭᠴᠢ ᠦᠷᠭᠦᠯᠵᠢᠯᠡᠨ ᠰᠡᠳᠦᠪ | ᠤᠩᠰᠢᠵᠦ᠂ ᠡᠯ᠎ᠡ ᠲᠥᠯᠥᠭᠡᠯᠡᠭᠴᠢᠳ ᠤᠨ ᠠᠩᠭᠢ ᠠᠴᠠ ᠠᠯᠢᠪᠠ ᠰᠠᠨᠠᠭᠤᠯᠤᠮᠵᠢ ᠳᠠᠭᠤᠰᠲᠠᠯ᠎ᠠ ᠪᠠᠨ ᠦᠷᠭᠦᠯᠵᠢᠯᠡᠨ | ᠵᠠᠪᠳᠤᠨ ᠬᠠᠷᠢᠭᠤᠯᠵᠤ ᠪᠣᠯᠣᠨ᠎ᠠ᠃ ᠵᠠᠪᠳᠤᠨ ᠬᠠᠷᠢᠭᠤᠯᠤᠭᠰᠠᠨ ᠨᠢ ᠵᠥᠪ ᠪᠠᠶᠢᠪᠠᠯ 20 ᠬᠤᠪᠢ ᠨᠡᠮᠡᠨ᠎ᠠ ︔ ︵ | ᠳᠥᠷᠪᠡ︶ ᠭᠡᠨᠡᠲᠡᠭᠦᠯᠬᠦ ᠰᠡᠳᠦᠪ ᠤᠨ ᠭᠤᠭᠴᠤᠭ᠎ᠠ᠄ ᠲᠤᠰ ᠡᠭᠡᠯᠵᠢ ᠶᠢᠨ ᠰᠡᠳᠦᠪ ᠨᠢ 20 ᠬᠤᠪᠢ᠂ 40 ᠬᠤᠪᠢ | ᠬᠤᠶᠠᠷ ᠵᠦᠢᠯ ᠤᠨ ᠬᠤᠪᠢ ᠶᠢᠨ ᠬᠡᠮᠵᠢᠭᠳᠡᠯ ᠲᠠᠢ᠃ ᠰᠡᠳᠦᠪ ᠬᠠᠷᠢᠭᠤᠯᠬᠤ ᠴᠠᠭ ᠨᠢ ᠲᠤᠰ ᠲᠤᠰ 120 ᠰᠧᠺᠦ᠋ᠨ᠋ᠳ᠋ | ᠪᠣᠯᠣᠨ 180 ᠰᠧᠺᠦ᠋ᠨ᠋ᠳ᠋ ᠪᠣᠯᠣᠨ᠎ᠠ᠃ ᠡᠯ᠎ᠡ ᠠᠩᠭᠢ ᠠᠴᠠ 1 ᠰᠢᠯᠭᠠᠭᠤᠯᠤᠭᠴᠢ ᠲᠣᠮᠢᠯᠠᠨ ᠬᠢᠵᠠᠭᠠᠷᠯᠠᠭᠰᠠᠨ | ᠬᠤᠭᠤᠴᠠᠭᠠᠨ ᠳᠤ ᠰᠡᠳᠦᠪ ᠬᠠᠷᠢᠭᠤᠯᠵᠦ᠂ ᠪᠠᠭ ᠤᠨ ᠪᠤᠰᠤᠳ ᠨᠦᠬᠦᠳ ᠨᠢ ᠨᠦᠬᠦᠪᠦᠷᠢᠯᠡᠬᠦ ᠪᠠ ᠵᠠᠰᠠᠪᠤᠷᠢᠯᠠᠵᠤ | ᠪᠣᠯᠤᠨ᠎ᠠ᠃ ᠵᠥᠪ ᠬᠠᠷᠢᠭᠤᠯᠪᠠᠯ ᠬᠠᠷᠠᠭᠠᠯᠵᠠᠭᠰᠠᠨ ᠬᠤᠪᠢ ᠶᠢᠨ ᠬᠡᠮᠵᠢᠭᠳᠡᠯ ᠢ ᠨᠢ ᠨᠡᠮᠡᠵᠦ᠂ ᠪᠤᠷᠤᠭᠤ ᠬᠠᠷᠢᠭᠤᠯᠬᠤ᠂ | ᠪᠦᠷᠢᠨ ᠪᠤᠰᠤ ᠬᠠᠷᠢᠭᠤᠯᠬᠤ ᠪᠤᠶᠤ ᠬᠠᠷᠢᠭᠤᠯᠤᠭᠰᠠᠨ ᠦᠭᠡᠢ ᠪᠣᠯ ᠬᠠᠷᠠᠭᠠᠯᠵᠠᠭᠰᠠᠨ ᠬᠤᠪᠢ ᠶᠢᠨ ᠬᠡᠮᠵᠢᠭᠳᠡᠯ ᠢ | ᠬᠠᠰᠤᠨ᠎ᠠ᠃ | ᠡᠭᠦᠨ ᠤ ᠬᠠᠮᠲᠤ᠂ ᠡᠯ᠎ᠡ ᠤᠷᠤᠯᠳᠤᠭᠠᠨ ᠳᠤ ᠣᠷᠤᠯᠴᠠᠭᠰᠠᠳ ᠤᠷᠤᠯᠳᠤᠭᠠᠨ ᠤ ᠲᠠᠯᠠᠪᠤᠷ ᠤᠨ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠰᠢᠯᠭᠠᠷᠠᠭᠤᠯᠬᠤ ᠺᠣᠮᠢᠰ ᠤᠨ ᠬᠢᠨᠠᠨ ᠲᠠᠰᠤᠯᠤᠯᠲᠠ ᠶᠢ ᠬᠦᠨᠳᠦᠳᠬᠡᠵᠦ᠂ | ᠤᠷᠤᠯᠳᠤᠭᠠᠨ ᠳᠤ ᠪᠣᠯᠪᠠᠰᠤᠨ᠂ ᠵᠢᠷᠤᠮᠵᠢᠭᠤᠨ ᠬᠡᠯᠡᠯᠭᠡ ᠶᠢ ᠬᠡᠷᠡᠭᠯᠡᠵᠦ᠂ ᠤᠷᠤᠯᠳᠤᠭᠠᠨ ᠤ ᠶᠠᠪᠤᠴᠠ ᠳᠤ | ᠵᠦᠷᠢᠯᠳᠦᠭᠡᠨ ᠡᠭᠦᠰᠪᠡᠯ ᠤᠷᠤᠯᠳᠤᠭᠠᠨ ᠤ ᠲᠠᠯᠠᠪᠤᠷ ᠲᠤ ᠳᠤᠷᠠᠳᠬᠤ ᠶᠢ ᠤᠭᠲᠤ ᠬᠢᠴᠢᠶᠡᠵᠦ᠂ ᠤᠷᠤᠯᠳᠤᠭᠠᠨ | ᠳᠠᠭᠤᠰᠤᠭᠰᠠᠨ ᠤ ᠳᠠᠷᠠᠭ᠎ᠠ ᠬᠠᠮᠢᠶ᠎ᠠ ᠪᠦᠬᠦᠢ ᠠᠵᠢᠯᠲᠠᠨ ᠳᠤ ᠳᠤᠷᠠᠳᠤᠨ ᠰᠠᠨᠠᠭᠤᠯᠵᠤ᠂ ᠰᠢᠯᠭᠠᠷᠠᠭᠤᠯᠬᠤ ᠺᠣᠮᠢᠰ ᠠᠴᠠ | ᠰᠢᠢᠳᠪᠦᠷᠢᠯᠡᠨ᠎ᠡ᠃ | ᠬᠥᠲᠦᠯᠦᠭᠴᠢ᠄ ᠲᠤᠰ ᠤᠳᠠᠭᠠᠨ ᠤ ᠤᠷᠤᠯᠳᠤᠭᠠᠨ ᠤ ᠠᠭᠤᠯᠭ᠎ᠠ ᠨᠢ ᠠᠯᠢ ᠠᠯᠢ ᠲᠠᠯ᠎ᠠ ᠳᠤ ᠬᠤᠯᠪᠤᠭᠳᠠᠬᠤ | ᠪᠤᠢ ︖ | ᠴᠢᠶᠣᠤ ᠰᠢᠨ᠄ ᠤᠷᠤᠯᠳᠤᠭᠠᠨ ᠳᠤ ᠬᠤᠯᠪᠤᠭᠳᠠᠬᠤ ᠠᠭᠤᠯᠭ᠎ᠠ ᠮᠠᠰᠢ ᠥᠷᠭᠡᠨ ᠳᠡᠯᠭᠡᠷ᠂ ᠭᠤᠣᠯᠳᠠᠭᠤ | ᠬᠠᠤᠯᠢ ᠬᠡᠷᠡᠭᠵᠢᠭᠦᠯᠦᠭᠴᠢ ᠶᠢᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠮᠡᠳᠡᠯᠭᠡ ᠴᠢᠳᠠᠪᠤᠷᠢ ᠪᠣᠯᠣᠨ ᠡᠵᠡᠮᠰᠢᠵᠦ | ᠪᠠᠶᠢᠭ᠎ᠠ ᠤᠯᠤᠰ ᠤᠨ ᠲᠦᠷᠦ ᠶᠢᠨ ᠪᠤᠳᠤᠯᠭ᠎ᠠ ᠶᠢ ᠰᠢᠯᠭᠠᠨ ᠪᠠᠶᠢᠴᠠᠭᠠᠨ᠎ᠠ᠂ ᠦᠨᠳᠦᠰᠦᠨ ᠬᠠᠤᠯᠢ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠶᠢᠨ ᠠᠭᠤᠯᠭ᠎ᠠ ᠪᠠᠶᠢᠬᠤ ᠪᠠᠷ ᠪᠠᠷᠠᠬᠤ ᠦᠭᠡᠢ᠂ ᠪᠠᠰᠠ | ᠵᠠᠰᠠᠭ ᠤᠨ ᠣᠷᠳᠣᠨ ᠤ ᠬᠠᠮᠲᠤ ᠶᠢᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠠᠤᠯᠢ | ᠴᠠᠭᠠᠵᠠ ᠶᠢᠨ ᠵᠢᠷᠤᠮᠵᠢᠯ ᠪᠠᠶᠢᠵᠤ᠂ ᠵᠢᠱᠢᠶᠡᠯᠡᠪᠡᠯ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ᠂ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠬᠠᠤᠯᠢ ᠵᠡᠷᠭᠡ ᠪᠣᠯᠣᠨ᠎ᠠ᠂ ᠡᠭᠦᠨ ᠤ ᠬᠠᠮᠲᠤ ᠪᠠᠰᠠ ᠣᠷᠣᠨ ᠨᠤᠲᠤᠭ ᠤᠨ ᠥᠪᠡᠷᠮᠢᠴᠡ | ᠣᠨᠴᠠᠯᠢᠭ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠶᠢᠨ ᠲᠦᠷᠢᠮ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ᠂ ᠥᠪᠡᠷᠲᠡᠭᠡᠨ ᠵᠠᠰᠠᠭ ᠣᠷᠣᠨ ᠤ ᠵᠠᠰᠠᠭ ᠵᠠᠬᠢᠷᠭᠠᠨ ᠤ | ᠡᠷᠬᠡ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠠᠷᠭ᠎ᠠ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠪᠣᠯᠣᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠪᠦᠷ ᠣᠷᠤᠭᠤᠯᠤᠨ᠎ᠠ᠃ | ᠬᠥᠲᠦᠯᠦᠭᠴᠢ᠄ ᠲᠤᠰ ᠤᠳᠠᠭ᠎ᠠ ᠶᠢᠨ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠨᠢ ᠶᠠᠮᠠᠷ | ᠶᠠᠮᠠᠷ ᠬᠥᠮᠦᠰ ᠢᠶᠠᠷ ᠪᠦᠷᠢᠯᠳᠦᠭᠰᠡᠨ ᠪᠤᠢ ︖ | ᠴᠢᠶᠣᠤ ᠰᠢᠨ᠄ ᠰᠢᠯᠭᠠᠷᠠᠭᠤᠯᠬᠤ ᠺᠣᠮᠢᠰ ᠤᠨ ᠭᠡᠰᠢᠭᠦᠨ ᠢ ᠵᠣᠬᠢᠶᠠᠨ ᠪᠠᠶᠢᠭᠤᠯᠬᠤ ᠺᠣᠮᠢᠰ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠬᠠᠶ ᠮᠡᠷᠭᠡᠵᠢᠯᠲᠡᠨ ᠤ | ᠬᠦᠮᠦᠷᠭᠡ ᠳᠠᠬᠢ ᠨᠡᠷᠡᠲᠦ ᠮᠡᠷᠭᠡᠵᠢᠯᠲᠡᠨ᠂ ᠬᠠᠤᠯᠢᠴᠢ᠂ ᠶᠡᠭᠡ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ | ᠫᠷᠣᠹᠧᠰᠰᠣᠷ᠂ ᠰᠣᠨᠢᠨ ᠮᠡᠳᠡᠭᠡᠨ ᠤ ᠵᠠᠭᠤᠴᠢ ᠵᠡᠷᠭᠡ ᠬᠥᠮᠦᠰ ᠤᠨ ᠳᠣᠲᠣᠷ᠎ᠠ ᠠᠴᠠ ᠰᠢᠯᠢᠨ ᠤᠷᠢᠨ᠎ᠠ᠃ ᠪᠡᠯᠡᠳᠬᠡᠯ | ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠢ 3 ᠬᠦᠮᠦᠨ ᠰᠢᠯᠢᠨ ᠤᠷᠢᠬᠤ ᠪᠠᠷ ᠲᠥᠯᠥᠪᠯᠡᠵᠦ᠂ | ᠰᠢᠶ᠋ᠳᠪᠦᠷᠢᠲᠦ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠢ 5 ᠬᠦᠮᠦᠨ ᠰᠢᠯᠢᠨ ᠤᠷᠢᠬᠤ ᠪᠠᠷ | ᠲᠥᠯᠦᠪᠯᠡᠨ᠂ ᠰᠢᠯᠭᠠᠷᠠᠭᠤᠯᠬᠤ ᠺᠣᠮᠢᠰ ᠲᠤ ᠲᠦᠷᠦᠭᠦᠦ ᠭᠡᠰᠢᠭᠦᠨ ᠲᠠᠯᠪᠢᠨ᠎ᠠ᠃ ᠤᠷᠤᠯᠳᠤᠭᠠᠨ ᠤ ᠶᠠᠪᠤᠴᠠ ᠳᠤ᠂ | ᠪᠢᠳᠡ ᠪᠡᠯᠡᠳᠬᠡᠯ ᠤᠷᠤᠯᠳᠤᠭᠠᠨ ᠪᠣᠯᠣᠨ ᠰᠢᠶ᠋ᠳᠪᠦᠷᠢᠲᠦ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ | ᠭᠡᠰᠢᠭᠦᠳ ᠤᠨ ᠪᠦᠷᠢᠯᠳᠦᠯ ᠤᠨ ᠬᠠᠷᠢᠴᠠᠩᠭᠤᠶ ᠲᠣᠭᠲᠠᠭᠤᠨ᠂ ᠬᠡᠪᠴᠢᠶ᠎ᠡ ᠪᠠᠷ ᠥᠷᠭᠡᠨ ᠳᠡᠯᠭᠡᠷ ᠪᠠᠶᠢᠬᠤ ᠶᠢ ᠠᠯᠢ | ᠴᠢᠳᠠᠬᠤ ᠪᠠᠷ ᠪᠠᠲᠤᠯᠠᠵᠦ᠂ ᠤᠷᠤᠯᠳᠤᠭᠠᠨ ᠤ ᠲᠥᠪ ᠭᠤᠣᠯᠴᠢ ᠶᠢ ᠢᠯᠡᠷᠡᠭᠦᠯᠦᠨ᠎ᠡ᠃ | ᠬᠥᠲᠦᠯᠦᠭᠴᠢ᠄ ᠲᠡᠭᠡᠪᠡᠯ ᠰᠢᠶ᠋ᠳᠪᠦᠷᠢᠲᠦ ᠤᠷᠤᠯᠳᠤᠭᠠᠨ ᠤ ᠪᠡᠯᠡᠳᠬᠡᠯ ᠤᠷᠤᠯᠳᠤᠭᠠᠨ ᠳᠤ ᠣᠷᠤᠯᠴᠠᠬᠤ 30 | ᠲᠥᠯᠥᠭᠡᠯᠡᠭᠴᠢᠳ ᠤᠨ ᠠᠩᠭᠢ ᠶᠢᠨ ᠨᠡᠷᠡᠰ ᠢ ᠬᠡᠷᠬᠢᠨ ᠬᠤᠪᠢᠶᠠᠷᠢᠯᠠᠬᠤ ᠪᠤᠢ ︖ | ᠴᠢᠶᠣᠤ ᠰᠢᠨ᠄ ᠲᠤᠰ ᠤᠳᠠᠭ᠎ᠠ ᠶᠢᠨ ᠤᠷᠤᠯᠳᠤᠭᠠᠨ ᠤ 30 ᠲᠥᠯᠥᠭᠡᠯᠡᠭᠴᠢᠳ ᠤᠨ ᠠᠩᠭᠢ ᠨᠢ ᠡᠯ᠎ᠡ | ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢᠨ ᠠᠩᠬᠠᠨ ᠤ ᠣᠷᠤᠯᠳᠤᠭᠠᠨ᠂ | ᠬᠤᠶᠠᠳᠠᠬᠢ ᠤᠷᠤᠯᠳᠤᠭᠠᠨ᠂ ᠰᠢᠶ᠋ᠳᠪᠦᠷᠢᠲᠦ ᠤᠷᠤᠯᠳᠤᠭᠠᠨ ᠵᠡᠷᠭᠡ ᠭᠤᠭᠴᠤᠭ᠎ᠠ ᠶᠢᠨ ᠰᠢᠯᠭᠠᠷᠠᠭᠤᠯᠤᠯᠲᠠ ᠶᠢᠨ | ᠰᠠᠭᠤᠷᠢᠨ ᠳᠤ ᠪᠤᠢ ᠪᠣᠯᠤᠭᠰᠠᠨ ᠶᠤᠮ᠂ ᠳᠣᠣᠷ᠎ᠠ ᠠᠴᠠ ᠳᠡᠭᠡᠭᠰᠢ ᠪᠠᠨ ᠱᠡᠳᠦ ᠱᠡᠳᠦ ᠪᠠᠷ ᠰᠢᠯᠢᠨ ᠰᠤᠩᠭᠤᠭᠳᠠᠵᠤ᠂ | ᠤᠷᠤᠯᠳᠤᠭᠠᠨ ᠤ ᠨᠡᠷᠡᠰ ᠢ ᠲᠣᠭᠲᠠᠭᠠᠬᠤ ᠦᠶ᠎ᠡ ᠳᠤ᠂ ᠬᠠᠤᠯᠢ ᠬᠡᠷᠡᠭᠵᠢᠭᠦᠯᠬᠦ ᠨᠢᠭᠡᠴᠡ ᠨᠦᠬᠦᠳ ᠤᠨ ᠥᠷᠭᠡᠨ ᠢᠶᠠᠷ | ᠣᠷᠣᠯᠴᠠᠬᠤ᠂ ᠡᠷᠬᠡ ᠲᠡᠭᠰᠢ ᠪᠠᠷ ᠥᠷᠢᠰᠥᠯᠳᠦᠬᠦ᠂ ᠢᠯᠡ ᠲᠣᠳᠣ ᠲᠥᠪ ᠭᠤᠣᠯᠴᠢ ᠪᠦᠬᠦᠢ ᠣᠨᠴᠠᠯᠢᠭ ᠢ ᠭᠦᠢᠴᠡᠳ | ᠪᠣᠳᠣᠯᠬᠢᠯᠠᠵᠤ᠂ ᠪᠣᠳᠠᠲᠠᠶ ᠨᠡᠷᠡᠰ ᠤᠨ ᠬᠤᠪᠢᠶᠠᠷᠢᠯᠠᠯ ᠨᠢ᠄ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠤ | 6︔ ᠠᠶᠢᠮᠠᠭ ᠬᠤᠳᠠ ᠶᠢᠨ ᠱᠠᠲᠤᠨ ᠳᠤ 24 ᠪᠠᠶᠢᠵᠤ᠂ ᠡᠭᠦᠨ ᠳᠤ᠂ ᠭᠠᠵᠠᠷ ᠪᠦᠷᠢ ᠳᠤ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠣᠷᠣᠨ︶ ᠤ ᠬᠠᠤᠯᠢ ᠬᠡᠷᠡᠭᠵᠢᠭᠦᠯᠬᠦ ᠨᠢᠭᠡᠴᠡ ᠶᠢᠨ ᠲᠥᠯᠥᠭᠡᠯᠡᠭᠴᠢᠳ ᠤᠨ ᠠᠩᠭᠢ | ᠲᠤᠰᠪᠤᠷᠢ 1 ᠪᠠᠶᠢᠬᠤ ᠬᠡᠷᠡᠭᠲᠡᠢ᠃ | ᠬᠥᠲᠦᠯᠦᠭᠴᠢ᠄ ᠡᠯ᠎ᠡ ᠲᠥᠯᠥᠭᠡᠯᠡᠭᠴᠢᠳ ᠤᠨ ᠠᠩᠭᠢ ᠶᠢᠨ ᠪᠦᠷᠢᠯᠳᠦᠯ ᠵᠢᠴᠢ ᠤᠷᠤᠯᠳᠤᠭᠠᠨ ᠳᠤ | ᠣᠷᠤᠯᠴᠠᠭᠰᠠᠳ ᠲᠤ ᠪᠣᠳᠠᠲᠠᠶ ᠱᠠᠭᠠᠷᠳᠠᠯᠭ᠎ᠠ ᠪᠠᠶᠢᠳᠠᠭ ᠤᠤ ︖ | ᠴᠢᠶᠣᠤ ᠰᠢᠨ᠄ ᠱᠠᠭᠠᠷᠳᠠᠯᠭ᠎ᠠ ᠲᠠᠢ ᠪᠠᠶᠢᠳᠠᠭ᠃ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ | ᠠᠩᠭᠢ ᠨᠢᠭᠡᠪᠦᠷᠢ ᠲᠠᠪᠤᠨ ᠬᠥᠮᠦᠨ ᠢᠶᠠᠷ ᠪᠦᠷᠢᠯᠳᠦᠵᠦ᠂ ᠡᠭᠦᠨ ᠳᠤ ᠠᠩᠭᠢ ᠶᠢᠨ ᠲᠠᠭᠠᠭᠤᠯᠤᠭᠴᠢ 1 ᠬᠥᠮᠦᠨ᠂ | ᠵᠢᠩᠬᠢᠨᠢ ᠭᠡᠰᠢᠭᠦᠨ 3 ᠬᠥᠮᠦᠨ ︵ᠰᠢᠯᠢᠳᠡᠭᠴᠦᠳ ᠨᠢ ᠵᠣᠬᠢᠬᠤ ᠲᠥᠯᠥᠭᠡᠯᠡᠬᠦ ᠴᠢᠨᠠᠷᠲᠠᠶ ᠪᠠᠶᠢᠵᠤ᠂ ᠨᠠᠭᠠᠳᠤ | ᠵᠠᠬ᠎ᠠ ᠳᠠᠭᠠᠨ ᠨᠢᠭᠡ ᠡᠮᠡᠭᠲᠡᠶ ᠪᠠᠶᠢᠬᠤ ᠬᠡᠷᠡᠭᠲᠡᠢ︶᠂ ᠬᠠᠯᠠᠭᠠᠨ ᠤ ᠪᠦᠷᠢᠯᠳᠦᠭᠦᠨ ᠭᠡᠰᠢᠭᠦᠨ 1 ᠬᠦᠮᠦᠨ ᠪᠠᠶᠢᠬᠤ | ᠬᠡᠷᠡᠭᠲᠡᠢ᠃ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠨᠢ ᠡᠷᠬᠡᠪᠰᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠨᠢᠭᠡᠴᠡ᠂ ᠤᠷᠤᠯᠳᠤᠭᠠᠨ ᠳᠤ ᠣᠷᠤᠯᠴᠠᠭᠰᠠᠳ ᠨᠢ ᠡᠷᠬᠡᠪᠰᠢ ᠲᠤᠰ ᠨᠢᠭᠡᠴᠡ ᠶᠢᠨ ᠢᠶᠠᠨ | ᠠᠵᠢᠯ ᠤᠨ ᠪᠠᠶᠢᠷᠢ ᠪᠠ ᠣᠷᠣᠨ ᠲᠣᠭᠠᠨ ᠳᠤ ᠪᠠᠶᠢᠭ᠎ᠠ ᠪᠥᠭᠡᠳ ᠬᠠᠤᠯᠢ ᠬᠡᠷᠡᠭᠵᠢᠭᠦᠯᠬᠦ ᠬᠢᠷᠢ ᠬᠡᠮ ᠣᠯᠤᠭᠰᠠᠨ | ᠬᠠᠤᠯᠢ ᠬᠡᠷᠡᠭᠵᠢᠭᠦᠯᠦᠭᠴᠢ ᠪᠠᠶᠢᠵᠤ᠂ ᠲᠤᠰ ᠰᠢᠰᠲ᠋ᠧᠮ ᠤᠨ ᠢᠶᠠᠨ ᠪᠤᠰᠤᠳ ᠨᠢᠭᠡᠴᠡ ᠪᠤᠶᠤ ᠨᠡᠶᠢᠭᠡᠮ ᠠᠴᠠ ᠵᠢᠭᠡᠯᠡᠨ | ᠬᠡᠷᠡᠭᠯᠡᠬᠦ᠂ ᠤᠷᠢᠵᠤ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠬᠤᠯᠢᠮᠠᠭ ᠳᠤᠭᠤᠶᠢᠯᠠᠩ ᠪᠠᠶᠢᠭᠤᠯᠵᠦ ᠪᠣᠯᠬᠤ ᠦᠭᠡᠢ᠃ | ᠬᠦᠲᠦᠯᠦᠭᠴᠢ᠄ ᠱᠠᠩᠨᠠᠯ ᠤᠨ ᠲᠦᠷᠦᠯ ᠵᠦᠢᠯ ᠤᠨ ᠲᠤᠬᠠᠢ ᠨᠠᠷᠢᠨ ᠲᠠᠨᠢᠯᠴᠠᠭᠤᠯᠤᠭᠠᠳ ᠦᠭᠭᠦᠨ᠎ᠡ | ᠤᠤ ︖ | ᠴᠢᠶᠣᠤ ᠰᠢᠨ᠄ ᠱᠠᠩᠨᠠᠯ ᠤᠨ ᠲᠦᠷᠦᠯ ᠵᠦᠢᠯ ᠤᠨ ᠲᠠᠯ᠎ᠠ ᠪᠠᠷ᠂ ᠪᠦᠯᠬᠦᠮ ᠪᠠ ᠬᠤᠪᠢ ᠬᠥᠮᠦᠨ ᠤ ᠱᠠᠩᠨᠠᠯ | ᠭᠠᠷᠭᠠᠨ᠎ᠠ᠃ ᠤᠯᠤᠭᠰᠠᠨ ᠬᠤᠪᠢ ᠶᠢᠨ ᠶᠡᠭᠡ ᠪᠠᠭ᠎ᠠ ᠪᠠᠷ ᠨᠢ ᠵᠢᠭᠰᠠᠭᠠᠵᠤ᠂ ᠬᠠᠮᠤᠭ ᠰᠡᠭᠦᠯ ᠳᠤ ᠪᠦᠯᠬᠦᠮ ᠤᠨ | ᠱᠠᠩᠨᠠᠯ ᠪᠠ ᠬᠤᠪᠢ ᠬᠥᠮᠦᠨ ᠤ ᠱᠠᠩᠨᠠᠯ ᠢ ᠲᠤᠭᠲᠠᠭᠠᠪᠠ᠃ ᠱᠠᠩᠨᠠᠯ ᠣᠯᠤᠭᠰᠠᠨ ᠨᠢᠭᠡᠴᠡ ᠪᠠ ᠬᠤᠪᠢ ᠬᠥᠮᠦᠨ ᠳᠤ | ᠤᠶᠤᠨ ᠰᠠᠨᠠᠭᠠᠨ ᠤ ᠭᠦᠬᠢᠭᠦᠯᠦᠯ ᠤᠯᠭᠤᠨ᠎ᠠ᠃ | ᠪᠦᠯᠬᠦᠮ ᠤᠨ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ ᠱᠠᠩᠨᠠᠯ 2 | ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ ︔ ᠪᠦᠯᠬᠦᠮ ᠤᠨ ᠰᠢᠯᠢᠳᠡᠭ ᠱᠠᠩᠨᠠᠯ ᠢ 24 ᠨᠡᠷᠡᠰ ᠭᠠᠷᠭᠠᠨ᠎ᠠ | ᠃ ᠡᠭᠦᠨ ᠤ ᠬᠠᠮᠲᠤ᠂ ᠡᠯ᠎ᠡ ᠭᠠᠵᠠᠷ ᠣᠷᠣᠨ ᠤ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ | ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠲᠤ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠣᠯᠭᠤᠨ᠎ᠠ᠃ | ᠬᠤᠪᠢ ᠬᠥᠮᠦᠨ ᠤ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ 3 ᠨᠡᠷᠡᠰ᠂ ᠬᠤᠶᠠᠳᠤᠭᠠᠷ ᠳᠡᠰ ᠤᠨ ᠱᠠᠩᠨᠠᠯ | 6 ᠨᠡᠷᠡᠰ᠂ ᠭᠤᠷᠪᠠᠳᠤᠭᠠᠷ ᠳᠡᠰ ᠤᠨ ᠱᠠᠩᠨᠠᠯ 9 ᠨᠡᠷᠡᠰ ︔ ᠬᠤᠪᠢ ᠬᠥᠮᠦᠨ ᠤ ᠰᠢᠯᠢᠳᠡᠭ ᠰᠠᠶᠢᠨ ᠱᠠᠩᠨᠠᠯ ᠢ 72 | ᠨᠡᠷᠡᠰ ︔ ᠬᠤᠪᠢ ᠬᠥᠮᠦᠨ ᠤ ᠤᠶᠤᠨ ᠤ ᠪᠤᠯᠪᠠᠰᠤᠨ ᠤ ᠱᠠᠩᠨᠠᠯ ᠢ 30 ᠨᠡᠷᠡᠰ ᠭᠠᠷᠭᠠᠨ᠎ᠠ᠃ | ᠬᠥᠲᠥᠯᠥᠭᠴᠢ᠄ ᠡᠨᠡ ᠤᠳᠠᠭ᠎ᠠ ᠪᠥᠬᠦ ᠣᠷᠣᠨ ᠤ ᠡᠶᠢᠮᠦ ᠶᠡᠭᠡ ᠬᠡᠪᠴᠢᠶᠡᠨ ᠤ ᠠᠵᠢᠯᠯᠠᠭ᠎ᠠ ᠶᠢ ᠡᠷᠬᠢᠯᠡᠵᠦ᠂ | ᠵᠣᠬᠢᠶᠠᠨ ᠪᠠᠶᠢᠭᠤᠯᠬᠤ ᠺᠤᠮᠢᠰ ᠪᠣᠳᠠᠲᠠᠶ ᠶᠠᠮᠠᠷ ᠶᠠᠮᠠᠷ ᠪᠠᠶᠢᠷᠢᠯᠠᠭᠤᠯᠤᠯᠲᠠ ᠬᠢᠭᠰᠡᠨ ᠪᠤᠢ ︖ | ᠴᠢᠶᠣᠤ ᠰᠢᠨ᠄ ᠲᠤᠰ ᠤᠳᠠᠭᠠᠨ ᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠳᠤ ᠭᠤᠤᠯᠳᠠᠭᠤ | ᠳᠤᠤᠷᠠᠬᠢ ᠠᠷᠭ᠎ᠠ ᠬᠡᠮᠵᠢᠶ᠎ᠡ ᠶᠢ ᠠᠪᠴᠠᠢ᠄ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠲᠤᠰ ᠤᠳᠠᠭᠠᠨ ᠤ | ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ ᠬᠠᠤᠯᠢ ᠴᠠᠭᠠᠵᠠ ᠶᠢᠨ | ᠮᠡᠳᠡᠯᠭᠡ ᠶᠢᠨ ᠤᠷᠤᠯᠳᠤᠭᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠤᠰᠤᠭᠠᠷ ᠵᠠᠰᠠᠭ | ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠭᠤᠣᠯᠯᠠᠨ ᠡᠷᠬᠢᠯᠡᠪᠡ᠃ ᠥᠪᠡᠷᠲᠡᠭᠡᠨ ᠵᠠᠰᠠᠬᠤ | ᠣᠷᠣᠨ ᠠᠴᠠ ᠤᠷᠤᠯᠳᠤᠭᠠᠨ ᠤ ᠵᠣᠬᠢᠶᠠᠨ ᠪᠠᠶᠢᠭᠤᠯᠬᠤ ᠺᠤᠮᠢᠰ ᠢ ᠪᠠᠶᠢᠭᠤᠯᠵᠤ᠂ ᠵᠣᠬᠢᠶᠠᠨ ᠪᠠᠶᠢᠭᠤᠯᠬᠤ᠂ | ᠤᠳᠤᠷᠢᠳᠬᠤ ᠠᠵᠢᠯ ᠢ ᠬᠠᠷᠢᠭᠤᠴᠠᠨ᠎ᠠ᠃ ᠵᠣᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠶᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠢ ᠡᠭᠦᠷᠭᠡᠯᠡᠨ᠎ᠡ᠃ ᠵᠣᠬᠢᠶᠠᠨ | ᠪᠠᠶᠢᠭᠤᠯᠬᠤ ᠺᠤᠮᠢᠰ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ | ᠪᠠᠶᠢᠭᠤᠯᠵᠤ᠂ ᠤᠷᠤᠯᠳᠤᠭᠠᠨ ᠤ ᠡᠯ᠎ᠡ ᠵᠦᠢᠯ ᠤᠨ ᠪᠣᠳᠠᠲᠠᠶ ᠶᠠᠪᠤᠳᠠᠯ ᠢ ᠬᠠᠷᠢᠭᠤᠴᠠᠨ᠎ᠠ᠂ ᠠᠯᠪᠠᠨ ᠭᠡᠷ ᠤᠨ | ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠤᠨ ᠠᠯᠪᠠᠨ | ᠬᠡᠷ ᠤᠨ ᠡᠷᠬᠢᠯᠡᠭᠴᠢ ᠬᠤᠤ ᠽᠧ ᠵᠢᠶᠦ᠋ᠨ ᠲᠤᠰᠢᠶᠠᠯ ᠬᠠᠪᠰᠤᠷᠭᠠᠨ ᠬᠠᠷᠢᠭᠤᠴᠠᠨ᠎ᠠ᠃ ᠡᠯ᠎ᠡ ᠠᠶᠢᠮᠠᠭ ᠬᠤᠳᠠ᠂ | ᠬᠤᠰᠢᠭᠤ ᠰᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠲᠣᠰᠪᠣᠷᠢ ᠲᠤᠰ ᠭᠠᠵᠠᠷ | ᠣᠷᠣᠨ᠂ ᠲᠤᠰ ᠰᠠᠯᠠᠭ᠎ᠠ ᠮᠥᠴᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢ ᠪᠠᠶᠢᠭᠤᠯᠤᠨ᠎ᠠ᠃ | ︵ᠬᠤᠶᠠᠷ︶ ᠠᠵᠢᠯ ᠤᠨ ᠲᠥᠰᠦᠯ ᠢᠶᠠᠨ ᠲᠤᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ | ᠶᠤᠰᠤᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ 2017 ᠣᠨ ᠤ 7 ᠳ᠋ᠤᠭᠠᠷ | ᠰᠠᠷ᠎ᠠ ᠶᠢᠨ 5 ᠤ ᠡᠳᠦᠷ ︽︿ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠢᠩᠭᠠᠨ ᠨᠢᠭᠡᠴᠡ ᠶᠢᠨ | ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠲᠦᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ᠢ ᠪᠠᠭᠤᠯᠭᠠᠵᠤ᠂ ᠤᠷᠤᠯᠳᠤᠭᠠᠨ ᠤ ᠰᠢᠯᠭᠠᠯᠲᠠ ᠶᠢᠨ ᠰᠡᠳᠦᠪ᠂ ᠳᠡᠰ ᠳᠠᠷᠠᠭᠠᠯᠠᠯ᠂ ᠳᠦᠷᠢᠮ᠂ ᠱᠠᠩᠨᠠᠯ ᠤᠨ ᠲᠦᠷᠦᠯ | ᠵᠦᠢᠯ ᠤᠨ ᠪᠠᠶᠢᠷᠢᠯᠠᠭᠤᠯᠤᠯᠲᠠ᠂ ᠤᠬᠠᠭᠤᠯᠭ᠎ᠠ ᠵᠡᠷᠭᠡ ᠠᠵᠢᠯ ᠤᠨ ᠶᠠᠪᠤᠴᠠ ᠳᠤ ᠲᠣᠳᠣᠷᠬᠠᠶ ᠪᠥᠭᠡᠳ ᠪᠣᠳᠠᠲᠠᠶ | ᠱᠠᠭᠠᠷᠳᠠᠯᠭ᠎ᠠ ᠭᠠᠷᠭᠠᠪᠠ᠃ | ︵ᠭᠤᠷᠪᠠ︶ ᠠᠵᠢᠯ ᠤᠨ ᠠᠬᠢᠴᠠ ᠪᠠᠨ ᠲᠤᠳᠤᠷᠬᠠᠶᠢᠯᠠᠨ᠎ᠠ᠃ ᠡᠨᠡ ᠤᠳᠠᠭᠠᠨ ᠤ ᠮᠡᠳᠡᠯᠭᠡ ᠶᠢᠨ | ᠤᠷᠤᠯᠳᠤᠭᠠᠨ ᠢ ᠰᠠᠶᠢᠨ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ | ᠺᠤᠮᠢᠰ ᠠᠴᠠ ᠡᠯ᠎ᠡ ᠴᠠᠭ ᠬᠤᠭᠤᠴᠠᠭᠠᠨ ᠤ ᠵᠠᠩᠭᠢᠶᠠᠰᠤ ᠶᠢᠨ ᠡᠭᠦᠷᠭᠡ ᠪᠠ ᠠᠵᠢᠯ ᠤᠨ ᠬᠡᠮᠵᠢᠶ᠎ᠡ ᠶᠢ ᠲᠤᠳᠤᠷᠬᠠᠶᠢᠯᠠᠪᠠ᠃ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠺᠤᠮᠢᠰ 2017 ᠤᠨ ᠤ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠰᠢᠯᠭᠠᠯᠲᠠ ᠶᠢᠨ ᠰᠡᠳᠦᠪ ᠭᠠᠷᠭᠠᠬᠤ᠂ ᠲᠥᠰᠦᠯ ᠲᠥᠯᠥᠪᠯᠡᠯᠭᠡ ᠵᠤᠬᠢᠶᠠᠬᠤ᠂ ᠤᠬᠠᠭᠤᠯᠬᠤ | ᠵᠡᠷᠭᠡ ᠮᠡᠳᠡᠯᠭᠡ ᠶᠢᠨ ᠤᠷᠤᠯᠳᠤᠭᠠᠨ ᠢ ᠡᠷᠬᠢᠯᠡᠬᠦ ᠡᠮᠦᠨᠡᠬᠢ ᠱᠠᠲᠤᠨ ᠤ ᠪᠡᠯᠡᠳᠬᠡᠯ ᠠᠵᠢᠯ ᠢ ᠭᠤᠷᠪᠠᠳᠠᠬᠢ ᠡᠲᠡᠭᠡᠳ ᠤᠨ | ᠵᠤᠬᠢᠶᠠᠨ ᠪᠠᠶᠢᠭᠤᠯᠤᠯᠲᠠ ᠳᠤ ᠨᠠᠶᠢᠳᠠᠨ ᠪᠡᠶᠡᠯᠡᠭᠦᠯᠵᠦ᠂ ᠡᠯ᠎ᠡ ᠠᠶᠢᠮᠠᠭ ᠬᠤᠲᠠ ᠨᠤᠭᠤᠳ 7 ᠳ᠋ᠤᠭᠠᠷ ᠰᠠᠷ᠎ᠠ ᠶᠢᠨ | 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠺᠤᠮᠢᠰ ᠤᠨ ᠠᠯᠪᠠᠨ ᠭᠡᠷ ᠲᠤ | ᠲᠤᠰ ᠭᠠᠵᠠᠷ ᠣᠷᠣᠨ ᠤ ᠪᠠᠨ ᠬᠡᠷᠡᠭᠵᠢᠭᠦᠯᠬᠦ ᠲᠦᠰᠦᠯ ᠢ ᠳᠡᠭᠡᠭᠰᠢ ᠮᠡᠳᠡᠭᠦᠯᠵᠦ᠂ ᠬᠡᠷᠡᠭᠵᠢᠭᠦᠯᠬᠦ ᠲᠥᠰᠦᠯ ᠨᠢ | ᠬᠡᠷᠡᠭᠵᠢᠭᠦᠯᠵᠦ ᠪᠣᠯᠬᠤᠶᠢᠴᠠ ᠴᠢᠨᠠᠷ ᠪᠠ ᠬᠠᠨᠳᠤᠯᠭᠠᠲᠤ ᠴᠢᠨᠠᠷᠲᠠᠶ ᠪᠠᠶᠢᠬᠤ ᠬᠡᠷᠡᠭᠲᠡᠶ᠃ ᠡᠯ᠎ᠡ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠲᠤᠰ | ᠱᠠᠲᠤᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠲᠦᠯᠦᠭᠡᠯᠡᠭᠴᠢᠳ ᠤᠨ ᠠᠩᠭᠢ ᠪᠠᠨ ᠰᠢᠯᠢᠨ ᠰᠤᠩᠭᠤᠬᠤ ᠠᠵᠢᠯ ᠢ | ᠳᠠᠭᠤᠰᠬᠠᠬᠤ ᠶᠢᠨ ᠬᠠᠮᠲᠤ ᠠᠶᠢᠮᠠᠭ ᠬᠤᠲᠠ ᠶᠢᠨ ᠤᠷᠤᠯᠳᠤᠭᠠᠨ ᠤ ᠵᠣᠬᠢᠶᠠᠨ ᠪᠠᠶᠢᠭᠤᠯᠬᠤ ᠺᠤᠮᠢᠰ ᠲᠤ ᠬᠤᠶᠠᠷᠳᠠᠬᠢ | ᠤᠷᠤᠯᠳᠤᠭᠠᠨ ᠳᠤ ᠤᠷᠤᠯᠴᠠᠬᠤ ᠲᠦᠯᠦᠭᠡᠯᠡᠭᠴᠢᠳ ᠤᠨ ᠠᠩᠭᠢ ᠶᠢᠨ ᠨᠡᠷᠡᠰ ᠢ ᠳᠡᠭᠡᠭᠰᠢ ᠮᠡᠳᠡᠭᠦᠯᠬᠦ ᠬᠡᠷᠡᠭᠲᠡᠢ᠃ ᠡᠯ᠎ᠡ | ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠨᠢ 9 ᠳ᠋ᠦᠭᠡᠷ ᠰᠠᠷ᠎ᠠ ᠶᠢᠨ 30 ᠤ | ᠡᠳᠦᠷ ᠠᠴᠠ ᠡᠮᠦᠨ᠎ᠡ ᠬᠠᠤᠯᠢ ᠬᠡᠷᠡᠭᠵᠢᠭᠦᠯᠬᠦ ᠨᠢᠭᠡᠴᠡ ᠶᠢᠨ ᠲᠦᠯᠦᠭᠡᠯᠡᠭᠴᠢᠳ ᠤᠨ ᠠᠩᠭᠢ ᠶᠢᠨ ᠬᠤᠶᠠᠷᠳᠠᠬᠢ | ᠤᠷᠤᠯᠳᠤᠭᠠᠨ ᠢ ᠳᠠᠭᠤᠰᠬᠠᠬᠤ ᠶᠢᠨ ᠬᠠᠮᠲᠤ ᠦᠪᠡᠷᠲᠡᠭᠡᠨ ᠵᠠᠰᠠᠬᠤ ᠤᠷᠤᠨ ᠤ ᠵᠣᠬᠢᠶᠠᠨ ᠪᠠᠶᠢᠭᠤᠯᠬᠤ ᠺᠤᠮᠢᠰ ᠲᠤ | ᠰᠢᠢᠳᠪᠦᠷᠢᠲᠦ ᠤᠷᠤᠯᠳᠤᠭᠠᠨ ᠤ ᠲᠦᠯᠦᠭᠡᠯᠡᠭᠴᠢᠳ ᠤᠨ ᠠᠩᠭᠢ ᠶᠢᠨ ᠨᠡᠷᠡᠰ ᠢ ᠳᠡᠭᠡᠭᠰᠢ ᠮᠡᠳᠡᠭᠦᠯᠬᠦ ᠬᠡᠷᠡᠭᠲᠡᠶ᠃ | ᠤᠳᠤᠬᠠᠨ᠂ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢᠨ ᠠᠬᠢᠴᠠ ᠤᠷᠤᠭᠰᠢᠲᠠᠶ ᠪᠠᠶᠢᠵᠤ᠂ ᠡᠯ᠎ᠡ ᠠᠶᠢᠮᠠᠭ | ᠬᠤᠲᠠ ᠶᠢᠨ ᠰᠢᠶ᠋ᠳᠪᠦᠷᠢᠲᠦ ᠤᠷᠤᠯᠳᠤᠭᠠᠨ ᠳᠤ ᠣᠷᠣᠯᠴᠠᠬᠤ ᠠᠩᠭᠢ ᠨᠢᠭᠡᠨᠲᠡ ᠪᠤᠢ ᠪᠤᠯᠵᠤ᠂ ᠰᠢᠶ᠋ᠳᠪᠦᠷᠢᠲᠦ | ᠤᠷᠤᠯᠳᠤᠭᠠᠨ ᠢ ᠶᠠᠭ ᠪᠠᠴᠢᠮ ᠪᠡᠯᠡᠳᠬᠡᠵᠦ ᠪᠠᠶᠢᠨ᠎ᠠ᠃ | ︵ᠲᠦᠷᠪᠡ︶ ᠠᠵᠢᠯ ᠤᠨ ᠬᠠᠷᠢᠭᠤᠴᠠᠯᠭ᠎ᠠ ᠪᠠᠨ ᠨᠠᠷᠢᠯᠢᠭ᠍ᠵᠢᠭᠤᠯᠤᠨᠠ᠃ ᠮᠡᠳᠡᠯᠭᠡ ᠶᠢᠨ ᠤᠷᠤᠯᠳᠤᠭᠠᠨ ᠤ | ᠰᠢᠶ᠋ᠳᠪᠦᠷᠢᠲᠦ ᠤᠷᠤᠯᠳᠤᠭᠠᠨ ᠢ ᠰᠠᠶᠢᠲᠤᠷ ᠡᠷᠬᠢᠯᠡᠬᠦ ᠶᠢᠨ ᠲᠦᠯᠦᠭᠡ᠂ ᠠᠵᠢᠯᠯᠠᠭ᠎ᠠ ᠶᠢᠨ ᠱᠠᠭᠠᠷᠳᠠᠯᠭ᠎ᠠ ᠶᠢ | ᠦᠨᠳᠦᠰᠦᠯᠡᠨ᠂ ᠵᠣᠬᠢᠶᠠᠨ ᠪᠠᠶᠢᠭᠤᠯᠬᠤ ᠺᠤᠮᠢᠰ ᠤᠨ ᠠᠯᠪᠠᠨ ᠭᠡᠷ ᠨᠠᠷᠢᠨ ᠲᠣᠳᠣᠷᠬᠠᠶ ︽ᠬᠠᠤᠯᠢ ᠴᠠᠭᠠᠵᠠ ᠶᠢᠨ | ᠮᠡᠳᠡᠯᠭᠡ ᠶᠢᠨ ᠤᠷᠤᠯᠳᠤᠭᠠᠨ ᠤ ᠰᠢᠶ᠋ᠳᠪᠦᠷᠢᠲᠦ ᠤᠷᠤᠯᠳᠤᠭᠠᠨ ᠤ ᠳᠠᠷᠠᠭᠠᠯᠠᠯ ᠵᠢᠴᠢ ᠠᠵᠢᠯ ᠤᠨ ᠬᠤᠪᠢᠶᠠᠷᠢᠯᠠᠯ ᠤᠨ | ᠲᠤᠬᠢᠷᠠᠭᠤᠯᠤᠯᠲᠠ︾ ᠶᠢ ᠲᠤᠭᠲᠠᠭᠠᠵᠤ᠂ ᠪᠡᠯᠡᠳᠬᠡᠯ ᠰᠢᠶ᠋ᠳᠪᠦᠷᠢᠲᠦ ᠤᠷᠤᠯᠳᠤᠭᠠᠨ ᠪᠠ ᠰᠢᠶ᠋ᠳᠪᠦᠷᠢᠲᠦ | ᠤᠷᠤᠯᠳᠤᠭᠠᠨ ᠤ ᠲᠦᠷᠪᠡᠨ ᠲᠠᠯᠠᠪᠤᠷ ᠤᠷᠤᠯᠳᠤᠭᠠᠨ ᠵᠢᠴᠢ ᠤᠷᠤᠯᠳᠤᠭᠠᠨ ᠤ ᠡᠮᠦᠨᠡᠬᠢ ᠪᠡᠯᠡᠳᠬᠡᠯ ᠠᠵᠢᠯ ᠳᠤ | ᠠᠵᠢᠯ ᠤᠨ ᠬᠡᠮᠵᠢᠶ᠎ᠡ ᠪᠠᠷ ᠵᠤᠷᠪᠤᠰᠯᠠᠨ ᠬᠡᠮᠵᠢᠶᠡᠯᠡᠬᠦ ᠵᠢᠭᠰᠠᠭᠠᠯᠲᠠ ᠬᠢᠵᠦ᠂ ᠠᠵᠢᠯᠳᠠᠨ ᠨᠢᠭᠡᠪᠦᠷᠢ ᠬᠦᠷᠲᠡᠯ᠎ᠡ | ᠨᠠᠷᠢᠯᠢᠭ᠍ᠵᠢᠭᠤᠯᠤᠭᠰᠠᠨ ᠪᠦᠭᠡᠳ ᠠᠵᠢᠯ ᠤᠨ ᠲᠤᠬᠢᠷᠠᠭᠤᠯᠤᠯᠲᠠ ᠳᠤ ᠦᠯᠦ ᠬᠠᠮᠤᠷᠤᠭᠰᠠᠨ ᠢ ᠶᠡᠷᠦᠩᠬᠡᠶ | ᠲᠤᠯᠤᠭᠠᠶᠢᠯᠠᠭᠴᠢ᠂ ᠶᠡᠷᠦᠩᠬᠡᠶ ᠲᠣᠬᠢᠷᠠᠭᠤᠯᠬᠤ ᠬᠥᠮᠦᠨ ᠠᠴᠠ ᠪᠠᠶᠢᠳᠠᠯ ᠢ ᠨᠢ ᠦᠨᠳᠦᠰᠦᠯᠡᠨ ᠲᠤᠬᠠᠢ ᠶᠢᠨ | ᠲᠠᠯᠠᠪᠠᠢ ᠶᠢᠨ ᠭᠡᠨᠡᠳᠲᠡ ᠶᠢᠨ ᠠᠰᠠᠭᠤᠳᠠᠯ ᠢ ᠲᠦᠷ ᠴᠠᠭ ᠲᠤᠬᠢᠷᠠᠭᠤᠯᠤᠨ ᠰᠢᠢᠳᠪᠦᠷᠢᠯᠡᠨ᠎ᠡ᠃ | ᠬᠥᠲᠥᠯᠥᠭᠴᠢ᠄ ᠤᠬᠠᠭᠤᠯᠭ᠎ᠠ ᠶᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠤᠢ ︖ | ᠴᠢᠶᠣᠤ ᠰᠢᠨ᠄ ᠨᠢᠭᠡᠳᠦᠭᠡᠷ ᠱᠠᠳᠤ ᠨᠢ ᠡᠯ᠎ᠡ ᠭᠠᠵᠠᠷ ᠤᠷᠤᠨ ᠤ ᠰᠢᠯᠭᠠᠷᠠᠭᠤᠯᠬᠤ ᠤᠷᠤᠯᠳᠤᠭᠠᠨ ᠳᠤ | ᠤᠬᠠᠭᠤᠯᠭ᠎ᠠ ᠬᠢᠬᠦ ᠪᠤᠯᠤᠨ᠎ᠠ᠃ ᠡᠯ᠎ᠡ ᠠᠶᠢᠮᠠᠭ ᠬᠤᠲᠠ ᠨᠤᠭᠤᠳ ᠲᠤᠬᠠᠶ ᠶᠢᠨ ᠭᠠᠵᠠᠷ ᠤᠨ ᠰᠣᠨᠢᠨ ᠰᠡᠳᠬᠦᠯ᠂ | ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠰᠦᠯᠵᠢᠶ᠎ᠡ᠂ ᠪᠢᠴᠢᠯ ᠪᠯᠤᠭ᠂ | ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠬᠢᠵᠦ᠂ ᠡᠭᠦᠨ ᠤ ᠬᠠᠮᠲᠤ᠂ ᠥᠪᠡᠷᠲᠡᠭᠡᠨ | ᠵᠠᠰᠠᠬᠤ ᠣᠷᠣᠨ ᠤ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠠᠴᠠ ᠤᠮᠠᠷᠠᠲᠤ ᠶᠢᠨ ᠬᠠᠤᠯᠢ ᠲᠦᠷᠢᠮ ᠤᠨ | ᠸᠢᠴᠠᠲ ᠤᠨ ᠨᠡᠶᠢᠲᠡ ᠶᠢᠨ ᠳ᠋ᠤᠭᠠᠷ ᠲᠤ ᠲᠤᠰᠬᠠᠶ ᠪᠤᠯᠤᠩ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠪᠠ ᠠᠶᠢᠮᠠᠭ ᠬᠤᠳᠠ᠂ ᠬᠤᠰᠢᠭᠤ ᠰᠢᠶᠠᠨ ᠤ ᠰᠢᠯᠭᠠᠷᠠᠭᠤᠯᠬᠤ ᠤᠷᠤᠯᠳᠤᠭᠠᠨ᠂ ᠪᠡᠯᠡᠳᠬᠡᠯ ᠤᠷᠤᠯᠳᠤᠭᠠᠨ | ᠵᠢᠴᠢ ᠤᠷᠤᠯᠳᠤᠭᠠᠨ ᠤ ᠵᠢᠪᠬᠤᠭ᠎ᠠ᠂ ᠳᠦᠷᠢ ᠲᠥᠷᠬᠦ ᠶᠢ ᠳᠡᠯᠭᠡᠨ ᠦᠵᠡᠭᠦᠯᠬᠦ ᠵᠡᠷᠭᠡ ᠲᠠᠯ᠎ᠠ ᠶᠢᠨ ᠤᠬᠠᠭᠤᠯᠭ᠎ᠠ ᠶᠢ | ᠭᠤᠤᠯᠴᠢᠯᠠᠵᠤ᠂ ᠲᠤᠰᠬᠠᠶ ᠬᠥᠮᠦᠨ ᠲᠤᠭᠲᠠᠭᠠᠵᠤ ᠵᠤᠯᠭᠠᠭᠤᠯᠤᠯᠲᠠ ᠬᠢᠵᠦ᠂ ᠤᠬᠠᠭᠤᠯᠭ᠎ᠠ ᠶᠢᠨ ᠵᠡᠷᠭᠡᠴᠡᠯ ᠪᠠ | ᠪᠣᠳᠠᠲᠤ ᠪᠦᠳᠤᠮᠵᠢᠳᠤ ᠴᠢᠨᠠᠷ ᠢ ᠪᠠᠲᠤᠯᠠᠬᠤ ᠬᠡᠷᠡᠭᠲᠡᠶ ︔ ᠬᠤᠶᠠᠳᠤᠭᠠᠷ ᠱᠠᠲᠤ ᠨᠢ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ᠬᠤᠷᠠᠯ ᠳᠤ ᠰᠠᠭᠤᠵᠤ ᠪᠠᠶᠢᠭ᠎ᠠ ᠵᠠᠭᠤᠴᠢᠯᠠᠭᠤᠷ ᠤᠨ ᠬᠢᠨ ᠢ ᠤᠷᠢᠨ ᠤᠬᠠᠭᠤᠯᠤᠨ | ᠮᠡᠳᠡᠭᠡᠯᠡᠭᠦᠯᠦᠨᠡ ︔ ᠭᠤᠷᠪᠠᠳᠤᠭᠠᠷ ᠱᠠᠳᠤ ᠪᠣᠯ ᠪᠥᠬᠦ ᠣᠷᠣᠨ ᠤ ᠰᠢᠶ᠋ᠳᠪᠦᠷᠢᠲᠦ ᠤᠷᠤᠯᠳᠤᠭᠠᠨ ᠤ ᠪᠡᠯᠡᠳᠬᠡᠯ | ᠤᠷᠤᠯᠳᠤᠭᠠᠨ ᠪᠠ ᠶᠡᠷᠦᠩᠬᠡᠢ ᠰᠢᠶ᠋ᠳᠪᠦᠷᠢᠲᠦ ᠤᠷᠤᠯᠳᠤᠭᠠᠨ ᠢ ᠪᠦᠬᠦ ᠲᠠᠯ᠎ᠠ ᠪᠠᠷ ᠤᠬᠠᠭᠤᠯᠬᠤ ᠪᠤᠯᠤᠨ᠎ᠠ᠃ ᠬᠠᠤᠯᠢ | ᠲᠦᠷᠢᠮ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠲᠧᠯᠸᠢᠰ | ᠬᠤᠷᠢᠶ᠎ᠠ᠂ ᠷᠠᠳᠢᠣ᠋ ᠬᠤᠷᠢᠶ᠎ᠠ ᠵᠡᠷᠭᠡ ᠭᠤᠣᠯ ᠤᠷᠤᠰᠬᠠᠯ ᠤᠨ ᠵᠠᠭᠤᠴᠢᠯᠠᠭᠤᠷ ᠪᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠠᠤᠯᠢ ᠲᠦᠷᠢᠮ ᠤᠨ ᠰᠦᠯᠵᠢᠶ᠎ᠡ᠂ ᠤᠮᠠᠷᠠᠲᠤ ᠶᠢᠨ ᠬᠠᠤᠯᠢ ᠲᠦᠷᠢᠮ ᠤᠨ ᠸᠢᠴᠠᠲ ᠤᠨ | ᠨᠡᠶᠢᠲᠡ ᠶᠢᠨ ᠳ᠋ᠤᠭᠠᠷ ᠵᠡᠷᠭᠡ ᠶᠢ ᠲᠦᠰᠢᠭᠯᠡᠨ ᠲᠤᠰᠬᠠᠶ ᠮᠡᠳᠡᠭᠡᠯᠡᠯ ᠬᠢᠵᠦ᠂ ᠪᠡᠯᠡᠳᠬᠡᠯ ᠤᠷᠤᠯᠳᠤᠭᠠᠨ ᠪᠠ | ᠰᠢᠶ᠋ᠳᠪᠦᠷᠢᠲᠦ ᠤᠷᠤᠯᠳᠤᠭᠠᠨ ᠤ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠤᠬᠠᠭᠤᠯᠭ᠎ᠠ ᠬᠢᠨ᠎ᠡ᠃ | ᠬᠥᠲᠥᠯᠥᠭᠴᠢ᠄ ᠵᠠ᠂ ᠴᠠᠭ ᠤᠨ ᠬᠠᠷᠠᠭ᠎ᠠ ᠠᠴᠠ ᠪᠤᠯᠵᠤ ᠲᠤᠰ ᠤᠳᠠᠭᠠᠨ ᠤ ᠰᠤᠷᠪᠤᠯᠵᠢᠯᠠᠭ᠎ᠠ ᠠᠳᠡ | ᠭᠦᠷᠦᠭᠡᠳ ᠲᠡᠭᠦᠰᠦᠯ᠎ᠡ᠂ ᠴᠢᠶᠣᠤ ᠡᠷᠬᠢᠯᠡᠭᠴᠢ ᠶᠢᠨ ᠨᠠᠷᠢᠨ ᠲᠠᠨᠢᠯᠴᠠᠭᠤᠯᠭ᠎ᠠ ᠳᠤ ᠮᠠᠰᠢ ᠪᠠᠶᠠᠷᠯᠠᠯ᠎ᠠ᠃ ᠡᠭᠦᠨ ᠤ | ᠬᠠᠮᠲᠤ ᠡ᠊ᠨᠳᠡ ᠪᠤᠢ ᠪᠦᠬᠦᠢ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠰᠢᠯᠢᠳᠡᠭ ᠬᠢᠷᠢ ᠪᠦᠲᠦᠮᠵᠢ ᠤᠯᠬᠤ ᠶᠢ | ᠵᠥᠩᠨᠡᠨ ᠢᠷᠦᠭᠡᠵᠦ᠂ ᠲᠤᠰ ᠬᠤᠭᠤᠴᠠᠭᠠᠨ ᠤ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠡᠯᠭᠡᠯᠡᠶ᠎ᠡ | ︕ ᠲᠠᠨᠠᠷ ᠤᠨ ᠬᠦᠯᠢᠶᠡᠨ ᠠᠪᠴᠦ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠳ᠋ᠤᠭᠠᠷ ᠲᠤ ᠪᠠᠶᠠᠷᠲᠠᠶ | ᠠᠭᠤᠯᠵᠠᠶ᠎ᠠ᠃ | |