4 ᠰᠠᠷ᠎ᠠ ᠠᠴᠠ ᠡᠬᠢᠯᠡᠵᠤ ᠬᠡᠷᠡᠭᠵᠢᠬᠦᠯᠬᠦ ᠰᠢᠨ᠎ᠠ ᠲᠤᠬᠳᠠᠭᠠᠯ᠄ ᠺᠤᠳ᠋ ᠰᠢᠷᠪᠢᠵᠤ ᠮᠦᠩᠬᠦ ᠲᠦᠯᠤᠬᠦ ᠲᠤᠭ᠎ᠠ ᠶᠢ ᠬᠢᠵᠠᠭᠠᠷᠯᠠᠨ᠎ᠠ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢ ᠡᠬᠢᠯᠡᠵᠤ ᠲᠠᠳᠠᠪᠤᠷᠢᠯᠠᠨ᠎ᠠ
ᠨᠡᠶᠢᠲᠡᠯᠡᠭᠰᠡᠨ ᠴᠠᠭ᠄
2018/3/30
      4 ᠰᠠᠷ᠎ᠠ ᠠᠴᠠ ᠡᠬᠢᠯᠡᠨ ᠲᠤᠬᠳᠠᠩᠭᠤᠢ ᠺᠤᠳ᠋ ᠰᠢᠷᠪᠢᠵᠤ ᠮᠦᠩᠬᠦ ᠲᠦᠯᠤᠬᠦ ᠲᠤᠭ᠎ᠠ ᠶᠢ ᠡᠳᠤᠷ ᠪᠦᠷᠢ 500 ᠲᠦᠬᠦᠷᠢᠭ ᠢᠶᠠᠷ ᠬᠢᠵᠠᠭᠠᠷᠯᠠᠨ᠎ᠠ       2017 ᠤᠨ ᠤ 12 ᠰᠠᠷ᠎ᠠ ᠶᠢᠨ 27᠎ ᠤ ᠡᠳᠤᠷ᠂ ᠲᠤᠮᠳᠠᠳᠤ ᠤᠯᠤᠰ ᠤᠨ ᠠᠷᠠᠳ ᠤᠨ ᠪᠠᠩᠬᠢ ᠵᠢᠷᠤᠭᠠᠰᠤᠨ ᠺᠤᠳ᠋ ︵ᠵᠢᠷᠤᠭᠠᠰᠤᠨ ᠺᠤᠳ᠋᠂ ᠬᠤᠶᠠᠷ ᠭᠡᠮᠵᠢᠯᠳᠤ ᠺᠤᠳ᠋ ᠵᠡᠷᠭᠡ︶᠎ ᠢᠶᠠᠷ ᠮᠦᠩᠬᠦ ᠲᠦᠯᠤᠬᠦ ᠵᠢᠷᠤᠮᠵᠢᠯ ᠢ ᠨᠡᠶᠢᠳᠡᠯᠡᠵᠤ᠂ ᠪᠠᠭ᠎ᠠ ᠲᠤᠭ᠎ᠠ ᠪᠠ ᠠᠷᠠᠳ ᠲᠤ ᠲᠦᠬᠦᠮ ᠦᠵᠡᠬᠦᠯᠬᠦ ᠪᠠᠶᠢᠷᠢ ᠲᠤᠬᠳᠠᠭᠠᠯᠳᠠ ᠶᠢ ᠪᠠᠷᠢᠮᠳᠠᠯᠠᠨ᠂ ᠵᠢᠷᠤᠭᠠᠰᠤᠨ ᠺᠤᠳ᠋ ᠢᠶᠠᠷ ᠮᠦᠩᠬᠦ ᠲᠦᠯᠤᠬᠦ ᠶᠢᠨ ᠲᠦᠭᠰᠢᠬᠦᠷᠢ ᠶᠢ ᠰᠡᠷᠭᠡᠶᠢᠯᠡᠬᠦ ᠴᠢᠳᠠᠪᠤᠷᠢ ᠶᠢ ᠲᠡᠰ ᠬᠤᠪᠢᠶᠠᠵᠤ᠂ ᠡᠳᠤᠷ ᠪᠦᠷᠢ ᠶᠢᠨ ᠬᠤᠷᠠᠮᠳᠤᠯ ᠠᠷᠠᠯᠵᠢᠶ᠎ᠠ ᠶᠢᠨ ᠠᠳᠠᠯᠢ ᠪᠤᠰᠤ ᠬᠢᠵᠠᠭᠠᠷ ᠲᠤᠭ᠎ᠠ ᠶᠢ ᠭᠠᠷᠭᠠᠵᠠᠢ᠂ ᠲᠤᠰ ᠵᠢᠷᠤᠮᠵᠢᠯ ᠎ ᠢ 2018 ᠤᠨ ᠤ 4 ᠰᠠᠷ᠎ᠠ ᠶᠢᠨ 1᠎ ᠤ ᠡᠳᠤᠷ ᠠᠴᠠ ᠡᠬᠢᠯᠡᠵᠤ ᠬᠡᠷᠡᠭᠵᠢᠬᠦᠯᠤᠨ᠎ᠠ᠃       ᠲᠤᠬᠳᠠᠩᠭᠤᠢ ᠵᠢᠷᠤᠭᠠᠰᠤᠨ ᠺᠤᠳ᠋ ︵ᠬᠡᠷᠡᠮ ᠲᠡᠭᠡᠷ᠎ᠡ ᠨᠠᠭᠠᠭᠰᠠᠨ ᠬᠤᠶᠠᠷ ᠬᠡᠮᠵᠢᠯᠳᠤ ᠺᠤᠳ᠋︶᠎ ᠢ ᠠᠮᠠᠷᠬᠠᠨ ᠦᠭᠡᠷᠡᠳᠤᠬᠦᠯᠬᠦ ᠪᠤᠶᠤ ᠬᠤᠪᠢᠷᠠᠭᠤᠯᠤᠨ ᠵᠤᠬᠢᠶᠠᠵᠤ ᠪᠤᠯᠳᠠᠭ ᠪᠠ ᠮᠥᠥᠳᠡᠨ ᠬᠥᠷᠰᠡ ᠪᠤᠶᠤ ᠸᠢᠷᠦ᠋ᠰ ᠠᠮᠠᠷᠬᠠᠨ ᠠᠪᠴᠢᠷᠠᠳᠠᠭ ᠪᠤᠯᠬᠤᠷ᠂ ᠲᠦᠪ ᠪᠠᠩᠬᠢ ᠠᠴᠠ ᠲᠤᠬᠳᠠᠭᠠᠯ ᠭᠠᠷᠭᠠᠵᠤ᠂ ᠲᠤᠬᠳᠠᠩᠭᠤᠢ ᠵᠢᠷᠤᠭᠠᠰᠤᠨ ᠺᠤᠳ᠋ ᠢᠶᠠᠷ ᠮᠦᠩᠬᠦ ᠲᠦᠯᠤᠬᠦ ᠶᠢᠨ ᠲᠦᠭᠰᠢᠬᠦᠷᠢ ᠶᠢ ᠰᠡᠷᠭᠡᠶᠢᠯᠡᠬᠦ ᠴᠢᠳᠠᠪᠤᠷᠢ ᠶᠢ D ᠲᠡᠰ ᠢᠶᠠᠷ ᠲᠤᠬᠳᠠᠭᠠᠵᠤ᠂ ᠶᠠᠮᠠᠷ ᠵᠦᠢᠯ ᠎ ᠤᠨ ᠠᠷᠠᠯᠵᠢᠶᠠᠨ ᠤ ᠰᠢᠯᠭᠠᠨ ᠪᠠᠳᠤᠯᠠᠬᠤ ᠠᠷᠭ᠎ᠠ ᠮᠠᠶ᠋ᠢᠭ ᠢ ᠬᠡᠷᠡᠭᠯᠡᠯ᠎ᠡ ᠴᠦ ᠭᠡᠰᠡᠨ᠂ ᠮᠦᠨ ᠨᠢᠭᠡ ᠬᠡᠷᠡᠭᠯᠡᠭᠴᠢ ᠶᠢᠨ ᠪᠠᠩᠬᠢ ᠶᠢᠨ ᠲᠠᠩᠰᠠᠨ ᠡᠷᠤᠭᠡ ᠪᠤᠶᠤ ᠮᠦᠩᠬᠦ ᠲᠦᠯᠤᠬᠦ ᠪᠠᠶᠢᠭᠤᠯᠤᠮᠵᠢ ᠶᠢᠨ ᠨᠢᠭᠡ ᠡᠳᠤᠷ ᠤᠨ ᠠᠷᠠᠯᠵᠢᠶᠠᠯᠠᠭᠰᠠᠨ ᠨᠡᠶᠢᠳᠡ ᠵᠤᠭᠤᠰ ᠤᠨ ᠲᠤᠭ᠎ᠠ ᠨᠢ 500 ᠲᠦᠬᠦᠷᠢᠭ ᠠᠴᠠ ᠬᠡᠳᠤᠷᠡᠬᠦ ᠦᠭᠡᠢ ᠪᠠᠶᠢᠬᠤ ᠬᠡᠷᠡᠭᠳᠠᠢ᠃ ᠵᠢᠱᠢᠶᠡᠯᠡᠪᠡᠯ᠂ ᠬᠡᠷᠡᠭᠯᠡᠭᠴᠢ ᠸᠢᠴᠠᠲ ᠤᠨ ᠴᠦᠩᠬᠦ ᠪᠠᠷ ᠢᠶᠠᠨ ᠲᠤᠬᠳᠠᠩᠭᠤᠢ ᠵᠢᠷᠤᠭᠠᠰᠤᠨ ᠺᠤᠳ᠋ ᠰᠢᠷᠪᠢᠵᠤ ᠮᠦᠩᠬᠦ ᠲᠦᠯᠤᠬᠦ ᠦᠶ᠎ᠠ ᠎ ᠳᠤ᠂ ᠨᠢᠭᠡ ᠡᠳᠤᠷ ᠤᠨ ᠰᠤᠯᠠ ᠵᠤᠭᠤᠰ ᠢᠶᠠᠷ ᠮᠦᠩᠬᠦ ᠲᠦᠯᠤᠬᠦ ᠲᠤᠭ᠎ᠠ ᠨᠢ 500 ᠲᠦᠬᠦᠷᠢᠭ ᠠᠴᠠ ᠬᠡᠳᠤᠷᠡᠵᠤ ᠪᠤᠯᠬᠤ ᠦᠭᠡᠢ᠂ ᠡᠬᠦᠨ ᠤ ᠵᠡᠷᠭᠡ ᠳᠤ ᠸᠢᠴᠠᠲ ᠲᠠᠢ ᠬᠤᠯᠪᠤᠭᠰᠠᠨ ᠪᠤᠢ ᠪᠦᠬᠦᠢ ᠪᠠᠩᠬᠢ ᠶᠢᠨ ᠺᠠᠷᠲ ᠨᠢ ᠪᠠᠰᠠ ᠠᠰᠳᠠᠭᠠᠨ 500 ᠲᠦᠬᠦᠷᠢᠭ ᠤᠨ ᠮᠦᠩᠬᠦ ᠲᠦᠯᠤᠬᠦ ᠲᠤᠭ᠎ᠠ ᠤᠯᠵᠤ ᠪᠤᠯᠤᠨ᠎ᠠ᠃ ᠬᠥᠳᠡᠯᠦᠩᠬᠦᠢ ᠺᠤᠳ᠋ ︵ᠵᠢᠱᠢᠶᠡᠯᠡᠪᠡᠯ ᠭᠠᠷ ᠤᠳᠡᠰᠤᠨ ᠲᠡᠭᠡᠷᠡᠬᠢ ᠴᠠᠭ ᠢᠮᠠᠭᠳᠠ ᠰᠢᠨᠡᠴᠢᠯᠡᠭᠳᠡᠵᠤ ᠪᠠᠶᠢᠭ᠎ᠠ ᠵᠢᠷᠤᠭᠠᠰᠤᠨ ᠺᠤᠳ᠋︶᠎ ᠢᠶᠠᠷ ᠮᠦᠩᠬᠦ ᠲᠦᠯᠤᠬᠦ ᠶᠢᠨ ᠲᠦᠭᠰᠢᠬᠦᠷᠢ ᠶᠢ ᠰᠡᠷᠭᠡᠶᠢᠯᠡᠬᠦ ᠴᠢᠳᠠᠪᠤᠷᠢ ᠶᠢ ᠠᠷᠠᠯᠵᠢᠶᠠᠨ ᠤ ᠰᠢᠯᠭᠠᠨ ᠪᠠᠳᠤᠯᠠᠬᠤ ᠠᠷᠭ᠎ᠠ ᠮᠠᠶ᠋ᠢᠭ ᠤᠨ ᠠᠳᠠᠯᠢ ᠪᠤᠰᠤ ᠶᠢ ᠦᠨᠳᠤᠰᠤᠯᠡᠨ A᠂ B᠂ C ᠭᠡᠬᠦ ᠭᠤᠷᠪᠠᠨ ᠲᠡᠰ ᠬᠤᠪᠢᠶᠠᠵᠤ᠂ ᠮᠦᠨ ᠨᠢᠭᠡ ᠬᠡᠷᠡᠭᠯᠡᠭᠴᠢ ᠶᠢᠨ ᠨᠢᠭᠡ ᠡᠳᠤᠷ ᠤᠨ ᠠᠷᠠᠯᠵᠢᠶᠠᠯᠠᠬᠤ ᠬᠤᠷᠠᠮᠳᠤᠯ ᠬᠢᠵᠠᠭᠠᠷ ᠲᠤᠭ᠎ᠠ ᠶᠢ ᠲᠤᠰ ᠲᠤᠰ ᠦᠪᠡᠷ ᠢᠶᠠᠨ ᠪᠤᠯᠵᠤᠨ ᠲᠤᠭᠲᠠᠭᠠᠵᠦ ᠪᠤᠯᠤᠨ᠎ᠠ᠂ 5000 ᠲᠦᠬᠦᠷᠢᠭ᠂ 1000 ᠲᠦᠬᠦᠷᠢᠭ ᠭᠡᠬᠦ ᠮᠡᠳᠤ᠃       ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢ 4 ᠰᠠᠷ᠎ᠠ ᠶᠢᠨ 1᠎ ᠤ ᠡᠳᠤᠷ ᠡᠬᠢᠯᠡᠵᠤ ᠲᠠᠳᠠᠪᠤᠷᠢᠯᠠᠨ᠎ᠠ       ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠤᠩᠭᠡᠢ ᠲᠤᠪᠴᠢᠶ᠎ᠠ ᠡᠨᠡ ᠵᠢᠯ ᠤᠨ 2 ᠰᠠᠷ᠎ᠠ ᠳᠤ ᠮᠡᠳᠡᠭᠡ ᠨᠡᠶᠢᠳᠡᠯᠡᠵᠤ ᠬᠡᠯᠡᠬᠦ ᠳᠡᠭᠡᠨ᠂ ᠮᠠᠨ ᠤ ᠤᠯᠤᠰ ᠤᠨ 2018 ᠤᠨ ᠳᠤ ᠭᠠᠷᠭᠠᠭᠰᠠᠨ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢ 4 ᠰᠠᠷ᠎ᠠ ᠶᠢᠨ 1᠎ ᠤ ᠡᠳᠤᠷ ᠠᠴᠠ ᠡᠬᠢᠯᠡᠵᠤ ᠲᠠᠳᠠᠪᠤᠷᠢᠯᠠᠨ᠎ᠠ ᠭᠡᠵᠠᠢ᠃ ᠰᠢᠨᠬᠤᠸᠠ ᠬᠤᠷᠢᠶᠠᠨ ᠤ 2 ᠰᠠᠷ᠎ᠠ ᠶᠢᠨ 7᠎ ᠤ ᠡᠳᠤᠷ ᠤᠨ ᠮᠡᠳᠡᠭᠡ ᠶᠢ ᠦᠨᠳᠤᠰᠤᠯᠡᠪᠡᠯ᠂ ᠪᠦᠬᠦ ᠤᠯᠤᠰ ᠤᠨ ᠡᠯ᠎ᠠ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢ ᠨᠡᠶᠢᠳᠡ 26 ᠲᠦᠮᠡ ᠭᠠᠷᠤᠢ ᠡᠷᠤᠭᠡ ᠢᠯᠭᠠᠨ ᠲᠠᠨᠢᠵᠤ ᠮᠠᠭᠠᠳᠯᠠᠨ ᠲᠤᠬᠳᠠᠭᠠᠵᠠᠢ᠃       2018 ᠤᠨ ᠤ 1 ᠰᠠᠷ᠎ᠠ ᠶᠢᠨ 1᠎ ᠤ ᠡᠳᠤᠷ ᠠᠴᠠ ᠡᠬᠢᠯᠡᠨ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢᠨ ᠬᠠᠤᠯᠢ ᠶᠢ ᠵᠢᠩᠬᠢᠨᠢ ᠪᠠᠷ ᠬᠡᠷᠡᠭᠵᠢᠬᠦᠯᠦᠭᠰᠡᠨ ᠨᠢ ᠮᠠᠨ ᠤ ᠤᠯᠤᠰ ᠲᠡᠤᠭᠡᠨ ᠳᠠᠬᠢ ᠠᠩᠬᠠᠳᠠᠭᠴᠢ ᠤᠷᠴᠢᠨ ᠠᠬᠤᠢ ᠶᠢ ᠬᠠᠮᠠᠭᠠᠯᠠᠬᠤ ᠪᠠᠷ ᠬᠠᠷᠠᠯᠳᠠ ᠪᠤᠯᠭᠠᠭᠰᠠᠨ ᠭᠠᠶᠢᠯᠢ ᠶᠢᠨ ᠲᠦᠷᠤᠯ ᠲᠠᠢ ᠪᠤᠯᠤᠭᠰᠠᠨ ᠢ ᠬᠠᠷᠠᠭᠤᠯᠵᠤ ᠪᠠᠶᠢᠨ᠎ᠠ᠃ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢ ᠤᠯᠠᠷᠢᠯ ᠢᠶᠠᠷ ᠨᠢᠭᠡᠴᠢ ᠪᠤᠯᠭᠠᠵᠤ ᠮᠡᠳᠡᠬᠦᠯᠤᠨ᠎ᠠ᠃ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢᠨ ᠬᠠᠤᠯᠢ ᠶᠢ ᠦᠨᠳᠤᠰᠤᠯᠡᠪᠡᠯ᠂ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢᠨ ᠲᠠᠳᠠᠪᠤᠷᠢᠯᠠᠬᠤ ᠬᠡᠪᠴᠢᠶ᠎ᠠ ᠪᠤᠯ ᠤᠷᠴᠢᠨ ᠠᠬᠤᠢ ᠳᠤ ᠰᠢᠭᠤᠳ ᠭᠠᠳᠠᠭᠰᠢᠯᠠᠭᠤᠯᠳᠠᠭ ᠠᠭᠠᠷ ᠮᠠᠨᠳᠠᠯ᠂ ᠤᠰᠤ᠂ ᠬᠠᠳᠠᠭᠤ ᠪᠡᠶ᠎ᠡ ᠪᠤᠯᠤᠨ ᠱᠤᠤᠬᠢᠶᠠᠨ ᠵᠡᠷᠭᠡ ᠪᠤᠬᠢᠷᠳᠤᠯ ᠪᠤᠳᠡᠰ ᠪᠤᠯᠤᠨ᠎ᠠ᠃ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠪᠤᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠲᠡᠪᠢᠰᠭᠡᠷ ᠪᠤᠯᠤᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠷᠢᠶᠠᠨ ᠳᠠᠬᠢ ᠪᠤᠰᠤᠳ ᠲᠠᠯᠠᠢ ᠶᠢᠨ ᠤᠷᠤᠨ ᠤ ᠤᠷᠴᠢᠨ ᠠᠬᠤᠢ ᠳᠤ ᠭᠠᠶᠢᠯᠢ ᠲᠤᠰᠢᠶᠠᠬᠤ ᠶᠤᠰᠤᠳᠠᠢ ᠪᠤᠬᠢᠷᠳᠤᠯ ᠪᠤᠳᠡᠰ ᠢ ᠰᠢᠭᠤᠳ ᠭᠠᠳᠠᠭᠰᠢᠯᠠᠭᠤᠯᠳᠠᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠤᠯᠤᠨ ᠪᠤᠰᠤᠳ ᠦᠢᠯᠡᠳᠪᠤᠷᠢᠯᠡᠭᠴᠢ ᠡᠵᠡᠩᠨᠡᠭᠴᠢ ᠪᠤᠯᠤᠨ᠎ᠠ᠃ ᠡᠨᠡ ᠨᠢ ᠤᠷᠴᠢᠨ ᠠᠬᠤᠢ ᠳᠤ ᠭᠠᠶᠢᠯᠢ ᠲᠤᠰᠢᠶᠠᠬᠤ ᠶᠤᠰᠤᠳᠠᠢ ᠪᠤᠬᠢᠷᠳᠤᠯ ᠪᠤᠳᠡᠰ ᠢ ᠰᠢᠭᠤᠳ ᠭᠠᠳᠠᠭᠰᠢᠯᠠᠭᠤᠯᠬᠤ ᠦᠭᠡᠢ ᠪᠤᠯ ᠤᠷᠴᠢᠨ ᠠᠬᠤᠢ ᠶᠢᠨ ᠬᠠᠮᠠᠭᠠᠯᠠᠯᠳᠠ ᠎ ᠶᠢᠨ ᠭᠠᠶᠢᠯᠢ ᠲᠤᠰᠢᠶᠠᠬᠤ ᠦᠭᠡᠢ ᠬᠡᠰᠡᠨ ᠢ ᠬᠠᠷᠠᠭᠤᠯᠵᠤ ᠪᠠᠶᠢᠨ᠎ᠠ᠃ ᠰᠠᠭᠤᠭᠠᠯᠢ ᠠᠷᠠᠳ ᠬᠤᠪᠢ ᠬᠥᠮᠤᠨ ᠨᠢ ᠭᠠᠶᠢᠯᠢ ᠲᠤᠰᠢᠶᠠᠭᠴᠢ ᠳᠤ ᠲᠤᠭᠠᠴᠠᠭᠳᠠᠬᠤ ᠦᠭᠡᠢ ᠪᠤᠯᠬᠤᠷ ᠤᠷᠴᠢᠨ ᠠᠬᠤᠢ ᠶᠢᠨ ᠬᠠᠮᠠᠭᠠᠯᠠᠯᠳᠠ ᠶᠢᠨ ᠭᠠᠶᠢᠯᠢ ᠲᠤᠰᠢᠶᠠᠬᠤ ᠬᠡᠷᠡᠭ ᠦᠭᠡᠢ ᠶᠤᠮ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号