ᠤᠯᠤᠰ ᠤᠨ ᠵᠤᠭᠠᠴᠠᠯ ᠤᠨ ᠲᠤᠪᠴᠢᠶ᠎ᠠ ᠲᠦᠷᠦ ᠶᠢᠨ ᠶᠠᠪᠤᠲᠠᠯ ᠤᠨ ᠬᠤᠷᠢᠶᠠᠠ ᠤ ᠶᠠᠲᠠᠭᠤ ᠶᠢ ᠲᠡᠳᠭᠦᠬᠦ ᠠᠯᠪᠠᠠ ᠭᠡᠷ ︽ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠳᠤ ᠵᠤᠭᠠᠴᠠᠯ ᠢᠶᠠᠷ ᠶᠠᠲᠠᠭᠤ ᠶᠢ ᠲᠡᠳᠭᠦᠬᠦ ᠶᠢ ᠲᠡᠮᠵᠢᠬᠦ ᠲᠤᠬᠠᠢ ᠠᠵᠢᠯᠯᠠᠭ᠎ᠠ ᠶᠢᠨ ᠲᠦᠰᠦᠯ︾ ᠢ ᠲᠠᠷᠤᠮᠠᠯᠯᠠᠠ ᠲᠠᠷᠬᠠᠭᠠᠵᠠᠢ
ᠨᠡᠶᠢᠲᠡᠯᠡᠭᠰᠡᠨ ᠴᠠᠭ᠄
2018/3/30
      ᠤᠯᠤᠰ ᠤᠨ ᠵᠤᠭᠠᠴᠠᠯ ᠤᠨ ᠲᠤᠪᠴᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠶᠠᠲᠠᠭᠤ ᠶᠢ ᠲᠡᠳᠭᠦᠬᠦ ᠠᠯᠪᠠᠠ ᠭᠡᠷ ᠲᠦᠷᠦᠭᠦᠭᠡᠡ ︽ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠳᠤ ᠵᠤᠭᠠᠴᠠᠯ ᠢᠶᠠᠷ ᠶᠠᠲᠠᠭᠤ ᠶᠢ ᠲᠡᠳᠭᠦᠬᠦ ᠶᠢ ᠲᠡᠮᠵᠢᠬᠦ ᠲᠤᠬᠠᠢ ᠠᠵᠢᠯᠯᠠᠭ᠎ᠠ ᠶᠢᠨ ᠲᠦᠰᠦᠯ︾ ᠢ ᠲᠠᠷᠤᠮᠠᠯᠯᠠᠠ ᠲᠠᠷᠬᠠᠭᠠᠵᠦ᠂ ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠳᠤ ᠠᠩᠬᠠᠷᠤᠯ ᠢᠶᠠᠨ ᠲᠦᠪᠯᠡᠷᠡᠭᠦᠯᠵᠦ᠂ ᠵᠤᠭᠠᠴᠠᠯ ᠢᠶᠠᠷ ᠶᠠᠲᠠᠭᠤ ᠶᠢ ᠲᠡᠳᠭᠦᠬᠦ ᠡᠷᠴᠢᠮ ᠢ ᠦᠨᠡᠨᠬᠦ ᠴᠢᠩᠭᠠᠳᠬᠠᠨ᠎ᠠ ᠭᠡᠪᠡ᠃       ᠲᠦᠰᠦᠯ ᠳᠤ᠂ ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠳᠤ ᠵᠤᠭᠠᠴᠠᠯ ᠢᠶᠠᠷ ᠶᠠᠲᠠᠭᠤ ᠶᠢ ᠲᠡᠳᠭᠦᠬᠦ ᠶᠢ ᠲᠡᠮᠵᠢᠬᠦ ᠬᠠᠷᠠᠯᠲᠠᠲᠦ ᠡᠬᠦᠷᠭᠡ ᠭᠡᠪᠡᠯ᠄ 2020 ᠤᠨ ᠪᠤᠯᠬᠤ ᠳᠤ᠂ ︽ᠭᠤᠷᠪᠠᠠ ᠤᠷᠤᠨ ᠭᠤᠷᠪᠠᠠ ᠵᠸᠤ︾ ᠵᠡᠷᠭᠡ ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠤ ᠵᠤᠭᠠᠴᠠᠯ ᠢᠶᠠᠷ ᠶᠠᠲᠠᠭᠤ ᠶᠢ ᠲᠡᠳᠭᠦᠬᠦ ᠲᠦᠯᠦᠪᠵᠢᠭᠦᠯᠭᠡ ᠶᠢᠨ ᠲᠦᠪᠰᠢᠨ ᠢ ᠮᠡᠲᠡᠭᠲᠡᠮ᠎ᠠ ᠲᠡᠭᠡᠭᠰᠢᠯᠡᠭᠦᠯᠵᠦ᠂ ᠰᠠᠭᠤᠷᠢ ᠲᠤᠨᠤᠭ ᠲᠦᠬᠦᠭᠡᠷᠦᠮᠵᠢ ᠪᠤᠯᠤᠨ ᠤᠯᠠᠠ ᠨᠡᠶᠢᠲᠡ ᠶᠢᠨ ᠦᠢᠯᠡᠴᠢᠯᠡᠭᠡᠡ ᠤ ᠲᠤᠨᠤᠭ ᠲᠦᠬᠦᠭᠡᠷᠦᠮᠵᠢ ᠶᠢ ᠮᠡᠲᠡᠭᠲᠡᠮ᠎ᠠ ᠰᠠᠶᠢᠵᠢᠷᠠᠭᠤᠯᠤᠨ᠂ ᠬᠦᠲᠡᠭᠡ ᠠᠶᠢᠯ ᠤᠨ ᠵᠤᠭᠠᠴᠠᠯ ᠢᠶᠠᠷ ᠶᠠᠲᠠᠭᠤ ᠶᠢ ᠲᠡᠳᠭᠦᠵᠤ ᠶᠠᠲᠠᠭᠤ ᠬᠦᠴᠢᠷᠲᠠᠯᠲᠠᠢ ᠬᠦᠮᠦᠨ ᠠᠮᠠ ᠶᠢ ᠪᠠᠭᠠᠰᠠᠬᠠᠬᠤ ᠠᠷᠭ᠎ᠠ ᠬᠡᠮᠵᠢᠶ᠎ᠠ ᠶᠢ ᠨᠡᠩ ᠡᠷᠴᠢᠮ ᠲᠠᠢ ᠪᠤᠯᠭᠠᠵᠦ᠂ ᠬᠦᠲᠡᠭᠡ ᠠᠶᠢᠯ ᠤᠨ ᠵᠤᠭᠠᠴᠠᠯ ᠢᠶᠠᠷ ᠶᠠᠲᠠᠭᠤ ᠶᠢ ᠲᠡᠳᠭᠦᠬᠦ ᠴᠢᠲᠠᠪᠤᠷᠢᠲᠠᠠ ᠤ ᠪᠤᠯᠪᠠᠰᠤᠷᠠᠯ ᠬᠦ᠋ᠷᠳᠡᠬᠦ ᠶᠠᠰᠤ ᠴᠢᠨᠠᠷ ᠢ ᠮᠡᠲᠡᠭᠲᠡᠮ᠎ᠠ ᠲᠡᠭᠡᠭᠰᠢᠯᠡᠭᠦᠯᠵᠦ᠂ ᠤᠨᠴᠠᠯᠢᠠᠠᠲᠦ ᠵᠤᠭᠠᠴᠠᠯ ᠤᠨ ᠦᠢᠯᠡᠳᠭᠦᠨ ᠤ ᠶᠠᠰᠤ ᠴᠢᠨᠠᠷ ᠢ ᠮᠡᠲᠡᠭᠲᠡᠮ᠎ᠠ ᠲᠡᠭᠡᠭᠰᠢᠯᠡᠭᠦᠯᠦᠨ᠂ ᠬᠦᠲᠡᠭᠡ ᠠᠶᠢᠯ ᠤᠨ ᠵᠤᠭᠠᠴᠠᠯ ᠤᠨ ᠲᠦᠷᠦᠯ ᠲᠡᠮᠲᠡᠭ ᠢ ᠪᠦᠲᠦᠮᠵᠢᠲᠠᠢ ᠲᠡᠯᠭᠡᠷᠡᠭᠦᠯᠤᠨ᠂ ᠵᠤᠭᠠᠴᠠᠯ ᠤᠨ ᠶᠡᠷᠦᠩᠭᠡᠶᠢᠯᠡᠭᠰᠡᠡ ᠦᠷ᠎ᠠ ᠠᠰᠢᠭ ᠢ ᠦᠷᠬᠦᠯᠵᠢᠯᠡᠡ ᠨᠡᠮᠡᠭᠲᠡᠭᠦᠯᠵᠦ᠂ ᠵᠤᠭᠠᠴᠠᠯ ᠢᠶᠠᠷ ᠶᠠᠲᠠᠭᠤ ᠶᠢ ᠲᠡᠳᠭᠦᠭᠰᠡᠡ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠦᠲᠡᠭᠡ ᠠᠶᠢᠯ ᠤᠨ ᠵᠤᠭᠠᠴᠠᠯ ᠢ ︽ᠭᠤᠷᠪᠠᠠ ᠤᠷᠤᠨ ᠭᠤᠷᠪᠠᠠ ᠵᠸᠤ︾ ᠵᠡᠷᠭᠡ ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠢ ᠲᠤᠭᠲᠠᠭᠰᠠᠠ ᠬᠤᠭᠤᠴᠠᠭᠠᠠ ᠳᠤ ᠶᠠᠲᠠᠭᠤ ᠠᠴᠠ ᠠᠩᠬᠢᠵᠢᠷᠠᠭᠤᠯᠬᠤ ᠶᠢ ᠲᠠᠶᠢᠴᠢᠯᠠᠬᠤ ᠪᠠ ᠠᠬᠢᠭᠤᠯᠬᠤ ᠳᠤ ᠪᠦᠲᠦᠮᠵᠢᠲᠠᠢ ᠦᠢᠯᠡᠲᠦᠯ ᠪᠠᠲᠠᠷᠠᠭᠤᠯᠤᠨ᠎ᠠ ᠭᠡᠵᠦ ᠵᠢᠭᠠᠵᠦ ᠭᠠᠷᠭᠠᠪᠠ᠃       ᠲᠦᠰᠦᠯ ᠳᠤ᠂ ᠤᠨᠴᠠ ᠶᠠᠲᠠᠭᠤ ᠬᠦᠴᠢᠷᠲᠠᠯᠲᠠᠢ ᠭᠠᠵᠠᠷ ᠤᠷᠤᠨ ᠳᠤ ᠵᠤᠭᠠᠴᠠᠯ ᠢᠶᠠᠷ ᠶᠠᠲᠠᠭᠤ ᠶᠢ ᠲᠡᠳᠭᠦᠬᠦ ᠶᠢ ᠲᠡᠮᠵᠢᠬᠦ ᠦᠨᠲᠦᠰᠦᠨ ᠵᠠᠷᠴᠢᠮ ᠭᠡᠪᠡᠯ ᠲᠠᠪᠠᠭᠤᠯᠢᠬ ᠬᠦᠴᠤᠨ ᠢ ᠲᠦᠪᠯᠡᠷᠡᠭᠦᠯᠦᠠ᠂ ᠪᠤᠭᠤᠮᠲᠠ ᠰᠢᠪᠳᠤᠯᠬᠤ ᠬᠠᠷᠢᠭᠤᠴᠠᠯᠭ᠎ᠠ ᠶᠢ ᠴᠢᠩᠭᠠᠳᠬᠠᠨ᠎ᠠ︔ ᠠᠵᠦ ᠦᠢᠯᠡᠰ ᠤᠨ ᠲᠠᠪᠠᠭᠤᠯᠢᠭ ᠢ ᠪᠠᠲᠠᠷᠠᠭᠤᠯᠵᠦ᠂ ᠪᠦᠲᠦᠮᠵᠢᠲᠠᠢ ᠳᠠᠶᠢᠴᠢᠯᠠᠬᠤ ᠶᠢ ᠪᠡᠶᠡᠯᠡᠭᠦᠯᠤᠨ᠎ᠠ︔ ᠬᠦᠨᠵᠡᠭᠡᠢ ᠨᠡᠭᠡᠭᠡᠡ ᠬᠦᠭᠵᠢᠭᠦᠯᠵᠦ᠂ ᠰᠢᠨ᠎ᠠ ᠶᠢ ᠡᠭᠦᠳᠴᠤ ᠰᠢᠨ᠎ᠠ ᠲᠠᠪᠠᠯᠲᠠ ᠤᠯᠬᠤ ᠪᠠᠷ ᠴᠢᠷᠮᠠᠶᠢᠨ᠎ᠠ︔ ᠠᠰᠢᠭ ᠲᠤᠰᠠ ᠶᠢᠨ ᠬᠤᠪᠢᠶᠠᠷᠢᠯᠠᠯᠲᠠ ᠶᠢ ᠴᠢᠬᠤᠯᠠᠴᠢᠯᠠᠵᠦ᠂ ᠤᠨᠢᠨ ᠲᠡᠭᠡᠷ᠎ᠠ ᠨᠢ ᠶᠠᠲᠠᠭᠤ ᠶᠢ ᠲᠡᠳᠭᠦᠬᠦ ᠶᠢ ᠪᠠᠲᠤᠯᠠᠨ᠎ᠠ᠃ ᠵᠤᠭᠠᠴᠠᠯ ᠢᠶᠠᠷ ᠶᠠᠲᠠᠭᠤ ᠶᠢ ᠲᠡᠳᠭᠦᠬᠦ ᠲᠦᠯᠦᠪᠵᠢᠭᠦᠯᠭᠡ ᠶᠢᠨ ᠪᠤᠭᠤᠮᠲᠠ ᠰᠢᠪᠳᠤᠯᠬᠤ ᠢᠨᠵᠧᠨᠧᠷᠢᠩ᠂ ᠵᠤᠭᠠᠴᠠᠯ ᠤᠨ ᠰᠠᠭᠤᠷᠢ ᠲᠤᠨᠤᠭ ᠲᠦᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ᠂ ᠵᠤᠭᠠᠴᠠᠯ ᠢᠶᠠᠷ ᠶᠠᠲᠠᠭᠤ ᠶᠢ ᠲᠡᠳᠭᠦᠬᠦ ᠰᠤᠲᠤᠨ ᠪᠦᠲᠦᠭᠡᠯ ᠢ ᠨᠡᠭᠡᠭᠡᠡ ᠬᠦᠭᠵᠢᠭᠦᠯᠬᠦ ᠢᠨᠵᠧᠨᠧᠷᠢᠩ᠂ ᠵᠤᠭᠠᠴᠠᠯ ᠢᠶᠠᠷ ᠶᠠᠲᠠᠭᠤ ᠶᠢ ᠲᠡᠳᠭᠦᠬᠦ ᠶᠢ ᠤᠬᠠᠭᠤᠯᠤᠨ ᠲᠡᠯᠭᠡᠷᠡᠭᠦᠯᠬᠦ ᠢᠨᠵᠧᠨᠧᠷᠢᠩ᠂ ᠵᠤᠭᠠᠴᠠᠯ ᠢᠶᠠᠷ ᠶᠠᠲᠠᠭᠤ ᠶᠢ ᠲᠡᠳᠭᠦᠬᠦ ᠴᠢᠲᠠᠪᠤᠷᠢᠲᠠᠠ ᠢ ᠪᠤᠯᠪᠠᠰᠤᠷᠠᠭᠤᠯᠬᠤ ᠢᠨᠵᠧᠨᠧᠷᠢᠩ᠂ ᠵᠤᠭᠠᠴᠠᠯ ᠢᠶᠠᠷ ᠶᠠᠲᠠᠭᠤ ᠶᠢ ᠲᠡᠳᠭᠦᠬᠦ ᠨᠡᠶᠢᠳᠡᠯᠢᠭ ᠵᠢᠱᠢᠶ᠎ᠠ ᠶᠢ ᠡᠭᠦᠳᠬᠦ ᠢᠨᠵᠧᠨᠧᠷᠢᠩ ᠵᠡᠷᠭᠡ ᠪᠤᠲᠠᠲᠠᠢ ᠠᠷᠭ᠎ᠠ ᠬᠡᠮᠵᠢᠶ᠎ᠠ ᠶᠢ ᠵᠤᠬᠢᠶᠠᠠ ᠪᠠᠶᠢᠭᠤᠯᠤᠨ ᠭᠡᠷᠡᠭᠵᠢᠭᠦᠯᠬᠦ ᠪᠠᠷ ᠳᠠᠮᠵᠢᠨ᠂ ᠵᠤᠭᠠᠴᠠᠯ ᠢᠶᠠᠷ ᠶᠠᠲᠠᠭᠤ ᠶᠢ ᠲᠡᠳᠭᠦᠬᠦ ᠡᠯ᠎ᠠ ᠵᠦᠢᠯ ᠤᠨ ᠠᠵᠢᠯ ᠢ ᠪᠤᠲᠠᠲᠠᠢ ᠳᠤ ᠲᠤᠤᠱᠯᠠᠭᠤᠯᠤᠨ ᠨᠠᠶᠢᠲᠠᠪᠤᠷᠢᠵᠢᠭᠤᠯᠤᠨ᠎ᠠ ᠭᠡᠵᠦ ᠲᠤᠷᠠᠳᠴᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号