ᠶᠠᠮᠠᠷ ᠬᠦᠮᠦᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠦ ᠪᠤᠯᠬᠤ ᠦᠭᠡᠢ ᠪᠤᠢ︖
ᠨᠡᠶᠢᠲᠡᠯᠡᠭᠰᠡᠨ ᠴᠠᠭ᠄
2018/3/30
      ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠪᠤᠯ ᠤᠯᠤᠰ ᠠᠴᠠ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠬᠠᠮᠤᠭ ᠤᠨ ᠲᠤᠤᠷ᠎ᠠ ᠤᠷᠤᠯᠭ᠎ᠠ ᠲᠠᠢ ᠶᠠᠳᠠᠭᠤ ᠬᠦᠴᠢᠷᠳᠠᠯᠳᠠᠢ ᠮᠠᠯᠴᠢᠨ ᠲᠠᠷᠢᠶᠠᠴᠢᠨ ᠳᠤ ᠵᠤᠷᠢᠭᠤᠯᠤᠬᠰᠠᠨ ᠨᠢᠭᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠤᠯᠤᠨ᠎ᠠ᠃ ᠡᠨᠡᠬᠦ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠨᠢ ᠬᠦᠳᠡᠭᠡ ᠲᠤᠰᠬᠤᠨ ᠮᠠᠯᠵᠢᠬᠤ ᠤᠷᠤᠨ ᠤ ᠶᠠᠳᠠᠭᠤ ᠭᠦᠴᠢᠷᠳᠡᠯᠳᠡᠢ ᠠᠷᠠᠳ ᠤᠨ ᠠᠮᠢᠳᠤᠷᠠᠯ ᠲᠠᠢ ᠨᠢᠬᠳᠠ ᠬᠤᠯᠪᠤᠬᠳᠠᠵᠤ ᠪᠠᠶᠢᠳᠠᠭ᠃ ᠡᠶᠢᠮᠦ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠶᠠᠳᠠᠭᠤ ᠭᠦᠴᠢᠷᠳᠡᠯᠳᠡᠢ ᠡᠷᠦᠭᠡ ᠶᠢ ᠰᠢᠯᠢᠨ ᠰᠤᠩᠭᠤᠬᠤ ᠨᠢ ᠮᠠᠰᠢ ᠴᠢᠬᠤᠯᠠ ᠪᠠᠶᠢᠳᠠᠭ᠃ 2020 ᠤᠨ ᠪᠤᠯᠳᠠᠯ᠎ᠠ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠭᠦᠴᠢᠷᠳᠡᠯᠳᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠤᠨ᠎ᠠ᠃       ᠤᠢᠢᠷ᠎ᠠ ᠶᠢᠨ ᠵᠢᠯ ᠳᠤ᠂ ᠤᠯᠤᠰ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢᠨ ᠬᠢᠨᠠᠨ ᠬᠠᠮᠢᠶᠠᠷᠤᠯᠳᠠ ᠶᠢᠨ ᠬᠦᠴᠦᠯᠡᠴᠡ ᠪᠠᠨ ᠴᠢᠩᠭᠠᠳᠬᠠᠬᠰᠠᠨ ᠪᠤᠯᠪᠠᠴᠤ ᠵᠠᠷᠢᠮ ᠭᠠᠵᠠᠷ ᠤᠷᠤᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠭᠦᠪᠦᠷᠢ ᠭᠦᠷᠳᠡᠭᠦ ᠲᠤᠬᠠᠢ ᠬᠡᠰᠡᠭ ᠮᠠᠯᠴᠢᠨ ᠲᠠᠷᠢᠶᠠᠴᠢᠨ ᠮᠦᠨ ᠰᠠᠨᠠᠯ ᠲᠠᠢ ᠪᠠᠶᠢᠬᠰᠠᠭᠠᠷ᠃ ᠡᠨᠡᠬᠦ ᠪᠠᠶᠢᠳᠠᠯ ᠳᠤ ᠵᠤᠷᠢᠭᠤᠯᠵᠤ ᠶᠠᠳᠠᠭᠤ ᠬᠦᠴᠢᠷᠳᠡᠯᠳᠡᠢ ᠡᠷᠦᠭᠡ ᠳᠤ ᠦᠨᠡᠨᠬᠦ ᠲᠤᠰ ᠬᠠᠷᠠᠭᠠᠯᠵᠠᠯ ᠢ ᠬᠦᠷᠳᠡᠭᠡᠭᠦ ᠶᠢᠨ ᠲᠤᠰᠠᠳᠠ ᠤᠯᠤᠰ ᠠᠴᠠ ᠲᠦᠷᠦ ᠶᠢᠨ ᠪᠤᠳᠤᠯᠭ᠎ᠠ ᠳᠤ ᠲᠠᠬᠢᠨᠳᠠ ᠵᠠᠰᠠᠪᠤᠷᠢ ᠤᠷᠤᠭᠤᠯᠪᠠ᠃ ᠭᠤᠤᠯᠳᠠᠭᠤ ᠭᠠᠵᠠᠷ ᠰᠢᠷᠤᠢ ᠲᠠᠴᠢᠷᠳᠠᠵᠤ ᠲᠠᠷᠢᠶ᠎ᠠ ᠪᠠᠶᠢᠭᠠᠳ ᠲᠠᠷᠢᠬᠤ ᠦᠭᠡᠢ ᠶᠠᠳᠠᠭᠤᠷᠠᠬᠰᠠᠨ᠂ ᠦᠷ᠎ᠠ ᠬᠡᠦᠬᠡᠳ ᠨᠢ ᠬᠤᠳᠠ ᠤᠷᠤᠵᠤ ᠠᠰᠠᠷ ᠪᠠᠶᠢᠰᠢᠩ ᠬᠤᠳᠠᠯᠳᠤᠨ ᠠᠪᠤᠬᠰᠠᠨ ᠂ ᠪᠡᠶ᠎ᠠ ᠮᠠᠬᠠᠪᠤᠳ ᠡᠷᠡᠭᠦᠯ ᠴᠢᠬᠢᠷᠠᠭ ᠪᠤᠯᠪᠠᠴᠤ ᠠᠵᠢᠯᠯᠠᠵᠤ ᠬᠦᠳᠡᠯᠮᠦᠷᠢᠯᠡᠬᠦ ᠲᠤᠷ᠎ᠠ ᠦᠭᠡᠢ᠂ ᠵᠠᠯᠬᠠᠭᠤ ᠬᠤᠶᠢᠷᠭᠤ ᠠᠴᠠ ᠪᠤᠯᠵᠤ ᠶᠠᠳᠠᠭᠤᠷᠠᠬᠰᠠᠨ ᠬᠦᠮᠦᠰ ᠲᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠭᠦᠪᠦᠷᠢ ᠤᠯᠭᠤᠵᠤ ᠪᠤᠯᠬᠤ ᠦᠭᠡᠢ ᠭᠡᠵᠦ ᠲᠤᠬᠳᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号