ᠶᠠᠭᠤᠨ ᠳᠤ ᠣᠳᠣᠷᠢᠳᠬᠤ ᠺᠠᠳ᠋ᠷᠴᠣᠳ ᠬᠠᠣᠯᠢ ᠶᠢ ᠬᠦᠨᠳᠣᠯᠡᠵᠣ ᠬᠠᠣᠯᠢ ᠶᠢ ᠰᠣᠷᠣᠯᠴᠠᠵᠣ ᠬᠠᠣᠯᠢ ᠶᠢ ᠰᠠᠬᠢᠵᠣ ᠬᠠᠣᠯᠢ ᠶᠢ ᠬᠡᠷᠡᠭᠯᠡᠬᠦ ᠶᠢᠨ ᠵᠢᠱᠢᠶᠡᠴᠢ ᠪᠣᠯᠬᠤ ᠬᠡᠷᠡᠭᠳᠡᠢ ᠬᠡᠬᠦ ᠪᠣᠢ ︖
ᠨᠡᠶᠢᠲᠡᠯᠡᠭᠰᠡᠨ ᠴᠠᠭ᠄
2018/3/30
      ᠮᠠᠨ ᠤ ᠨᠠᠮ ᠣᠳᠣᠷᠢᠳᠣᠨ ᠬᠠᠣᠯᠢ ᠲᠣᠭᠳᠠᠭᠠᠵᠣ᠂ ᠬᠠᠣᠯᠢ ᠬᠡᠷᠡᠭᠵᠢᠬᠦᠯᠬᠦ ᠶᠢ ᠪᠠᠳᠣᠯᠠᠵᠣ᠂ ᠬᠠᠣᠯᠢ ᠬᠡᠷᠡᠭᠵᠢᠭᠦᠯᠬᠦ ᠶᠢ ᠲᠡᠮᠵᠢᠵᠣ᠂ ᠲᠦᠷᠦᠬᠦᠯᠡᠨ ᠬᠠᠣᠯᠢ ᠶᠢ ᠰᠠᠬᠢᠬᠤ ᠳᠤ ᠭᠤᠣᠯᠳᠠᠭᠤ ᠡᠯ᠎ᠠ ᠱᠠᠳᠣᠨ ᠤ ᠣᠳᠣᠷᠢᠳᠬᠤ ᠺᠠᠳ᠋ᠷᠴᠣᠳ ᠤᠨ ᠪᠣᠳᠠᠳᠠᠢ ᠠᠵᠢᠯᠯᠠᠭ᠎ᠠ ᠪᠠ ᠠᠵᠢᠯ ᠤᠨ ᠢᠯᠡᠷᠡᠯ ᠢᠶᠠᠷ ᠲᠠᠮᠵᠢᠵᠣ ᠪᠡᠶᠡᠯᠡᠭᠳᠡᠳᠡᠭ᠃ ᠲᠡᠳᠡᠨ ᠤ ᠢᠳᠡᠭᠡᠯ ᠂ ᠰᠢᠢᠳᠪᠦᠷᠢ ᠪᠠ ᠠᠵᠢᠯᠯᠠᠭ᠎ᠠ ᠨᠢ ᠪᠦᠬᠦ ᠲᠠᠯ᠎ᠠ ᠪᠠᠷ ᠬᠠᠣᠯᠢ ᠪᠠᠷ ᠣᠯᠣᠰ ᠢᠶᠠᠨ ᠵᠠᠰᠠᠬᠤ ᠳᠤ ᠮᠠᠰᠢ ᠴᠢᠬᠤᠯᠠ ᠠᠴᠢ ᠬᠤᠯᠪᠣᠬᠳᠠᠯ ᠲᠠᠢ᠃ ᠡᠶᠢᠮᠣ ᠠᠴᠠ ᠣᠳᠣᠷᠢᠳᠬᠤ ᠺᠠᠳ᠋ᠷᠴᠣᠳ ᠬᠠᠣᠯᠢ ᠶᠢ ᠬᠦᠨᠳᠣᠯᠡᠵᠣ ᠬᠠᠣᠯᠢ ᠶᠢ ᠰᠣᠷᠣᠯᠴᠠᠵᠣ ᠬᠠᠣᠯᠢ ᠶᠢ ᠰᠠᠬᠢᠵᠣ ᠬᠠᠣᠯᠢ ᠶᠢ ᠬᠡᠷᠡᠭᠯᠡᠬᠦ ᠨᠢ ᠪᠦᠬᠦ ᠲᠠᠯ᠎ᠠ ᠪᠠᠷ ᠬᠠᠣᠯᠢ ᠪᠠᠷ ᠣᠯᠣᠰ ᠢᠶᠠᠨ ᠵᠠᠰᠠᠬᠤ ᠬᠠᠷᠠᠯᠳᠠ ᠪᠠ ᠡᠬᠦᠷᠭᠡ ᠶᠢ ᠪᠡᠶᠡᠯᠡᠬᠦᠯᠬᠦ ᠶᠢᠨ ᠵᠠᠩᠬᠢᠯᠠᠭ᠎ᠠ ᠪᠣᠯᠣᠨ᠎ᠠ᠃       ᠣᠳᠣᠷᠢᠳᠬᠤ ᠺᠠᠳ᠋ᠷ ᠪᠦᠷᠢ ᠲᠦᠷᠦᠭᠦᠯᠡᠨ ᠬᠠᠣᠯᠢ ᠶᠢ ᠬᠦᠨᠳᠣᠯᠡᠵᠣ᠂ ᠬᠠᠣᠯᠢ ᠶᠢ ᠲᠡᠭᠡᠳᠣᠯᠡᠭᠦ ᠬᠡᠷᠡᠭᠳᠡᠢ᠃ ᠦᠨᠳᠣᠰᠣᠨ ᠬᠠᠣᠯᠢ ᠬᠠᠣᠯᠢ ᠴᠠᠭᠠᠵᠠ ᠠᠴᠠ ᠡᠷᠭᠡ ᠬᠦᠨᠳᠣ ᠲᠠᠢ ᠪᠠᠶᠢᠬᠤ᠂ ᠬᠠᠣᠯᠢ ᠴᠠᠭᠠᠵᠠ ᠶᠢᠨ ᠡᠮᠣᠨ᠎ᠠ ᠬᠦᠮᠦᠨ ᠪᠦᠬᠦᠨ ᠡᠷᠭᠡ ᠲᠡᠭᠰᠢ ᠪᠠᠶᠢᠬᠤ᠂ ᠡᠷᠭᠡ ᠶᠢ ᠬᠠᠣᠯᠢ ᠪᠠᠷ ᠲᠣᠭᠳᠠᠭᠠᠬᠤ ᠪᠠ ᠡᠷᠭᠡ ᠪᠠᠨ ᠬᠠᠣᠯᠢ ᠶᠣᠰᠣᠭᠠᠷ ᠬᠡᠷᠡᠭᠯᠡᠬᠦ ᠵᠡᠷᠭᠡ ᠦᠨᠳᠣᠰᠣᠨ ᠬᠠᠣᠯᠢᠵᠢᠯ ᠤᠨ ᠦᠵᠡᠯᠳᠡ ᠶᠢ ᠪᠠᠳᠣ ᠱᠣᠭᠤᠬᠤ ᠬᠡᠷᠡᠭᠳᠡᠢ᠃ ᠲᠦᠷᠦᠭᠦᠯᠡᠨ ᠬᠠᠣᠯᠢ ᠴᠠᠭᠠᠵᠠ ᠶᠢ ᠣᠢᠢᠯᠠᠭᠠᠵᠣ ᠬᠠᠣᠯᠢ ᠴᠠᠭᠠᠵᠠ ᠶᠢ ᠡᠵᠡᠮᠰᠢᠬᠦ ᠬᠡᠷᠡᠭᠳᠡᠢ᠃ ᠲᠦᠷᠦᠬᠦᠯᠡᠨ ᠬᠠᠣᠯᠢ ᠰᠠᠭᠢᠯᠭ᠎ᠠ ᠶᠢ ᠵᠢᠷᠣᠮᠯᠠᠵᠣ ᠬᠠᠣᠯᠢᠵᠢᠯ ᠢ ᠬᠠᠮᠠᠭᠠᠯᠠᠬᠤ ᠬᠡᠷᠭᠳᠡᠢ᠃ ᠲᠦᠷᠦᠬᠦᠯᠡᠨ ᠬᠠᠣᠯᠢ ᠴᠠᠭᠠᠵᠠ ᠶᠢ ᠵᠢᠷᠣᠮᠯᠠᠨ ᠬᠠᠣᠯᠢ ᠴᠠᠭᠠᠵᠠ ᠶᠢ ᠬᠡᠷᠡᠭᠯᠡᠵᠣ ᠂ ᠲᠦᠷᠦᠬᠦᠯᠡᠨ ᠬᠡᠷᠡᠭ ᠡᠷᠬᠢᠯᠡᠬᠦ ᠳᠤ ᠬᠠᠣᠯᠢ ᠶᠢ ᠰᠠᠬᠢᠬᠤ᠂ ᠣᠴᠢᠷ ᠲᠠᠢ ᠪᠣᠯ ᠬᠠᠣᠯᠢ ᠪᠠᠷ ᠰᠢᠢᠳᠪᠦᠷᠢᠯᠡᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠣᠯᠢ ᠶᠢ ᠬᠡᠷᠡᠭᠯᠡᠬᠦ᠂ ᠵᠦᠷᠢᠴᠡᠯ ᠢ ᠨᠠᠮᠳᠠᠭᠠᠬᠤ ᠳᠤ ᠬᠠᠣᠯᠢ ᠳᠤ ᠲᠦᠰᠢᠭᠯᠡᠬᠦ ᠬᠠᠣᠯᠢᠵᠢᠯ ᠤᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠳᠡᠢ᠃ ᠠᠵᠢᠯ ᠦᠷᠨᠢᠬᠦᠯᠬᠦ ᠳᠡᠭᠡᠨ ᠬᠠᠣᠯᠢᠵᠢᠯ ᠤᠨ ᠰᠡᠳᠬᠢᠬᠦᠢ ᠶᠢ ᠬᠡᠷᠡᠭᠯᠡᠵᠣ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠣᠯᠢᠵᠢᠯ ᠤᠨ ᠠᠷᠭ᠎ᠠ ᠶᠢ ᠬᠡᠷᠡᠭᠯᠡᠵᠣ᠂ ᠦᠬᠡ ᠬᠡᠯᠡᠬᠦ ᠳᠡᠭᠡᠨ ᠣᠷᠢᠳᠠᠪᠡᠷ ᠬᠠᠣᠯᠢ ᠳᠤ ᠨᠡᠶᠢᠴᠡᠬᠦ ᠡᠰᠡᠬᠦ ᠶᠢ ᠪᠣᠳᠣᠯᠬᠢᠯᠠᠬᠤ ᠬᠡᠷᠡᠭᠳᠡᠢ᠃ ᠲᠦᠷᠦᠬᠦᠯᠡᠨ ᠬᠠᠣᠯᠢᠵᠢᠯ ᠢ ᠴᠢᠩᠭ᠎ᠠ ᠬᠡᠷᠡᠭᠵᠢᠬᠦᠯᠵᠣ᠂ ᠬᠠᠣᠯᠢ ᠶᠣᠰᠣᠭᠠᠷ ᠬᠡᠷᠡᠭ ᠡᠷᠬᠢᠯᠡᠬᠦ ᠬᠡᠷᠡᠭᠳᠡᠢ᠃ ᠣᠳᠣᠷᠢᠳᠬᠤ ᠺᠠᠳ᠋ᠷ ᠬᠠᠣᠯᠢ ᠶᠢ ᠬᠦᠨᠳᠣᠯᠡᠵᠣ ᠬᠠᠣᠯᠢ ᠶᠢ ᠰᠣᠷᠣᠯᠴᠠᠵᠣ ᠬᠠᠣᠯᠢ ᠶᠢ ᠰᠠᠬᠢᠵᠣ ᠬᠠᠣᠯᠢ ᠶᠢ ᠬᠡᠷᠡᠭᠯᠡᠬᠦ ᠶᠢᠨ ᠵᠢᠱᠢᠶᠡᠴᠢ ᠪᠣᠯᠬᠤ ᠪᠠᠷ ᠦᠯᠦ ᠪᠠᠷᠠᠮ᠂ ᠪᠠᠰᠠ ᠪᠦᠬᠦ ᠨᠡᠶᠢᠭᠡᠮ ᠢᠶᠠᠷ ᠢᠶᠠᠨ ᠬᠠᠣᠯᠢᠵᠢᠯ ᠤᠨ ᠣᠬᠠᠮᠰᠠᠷ ᠢ ᠱᠣᠭᠤᠬᠤ ᠶᠢ ᠣᠬᠠᠮᠰᠠᠷ ᠠᠴᠠ ᠠᠬᠢᠭᠤᠯᠵᠣ᠂ ᠪᠦᠬᠦ ᠠᠷᠠᠳ ᠤᠨ ᠬᠠᠣᠯᠢᠵᠢᠯ ᠤᠨ ᠦᠵᠡᠯᠳᠡ ᠶᠢ ᠦᠪᠡᠷ ᠢᠶᠠᠨ ᠡᠬᠦᠷᠭᠡᠯᠡᠬᠦ ᠶᠢ ᠴᠢᠩᠭᠠᠷᠠᠭᠤᠯᠵᠣ᠂ ᠰᠡᠳᠬᠢᠯ ᠳᠡᠭᠡᠨ ᠴᠡᠭᠡᠵᠢᠯᠡᠵᠣ᠂ ᠠᠵᠢᠯᠯᠠᠭ᠎ᠠ ᠲᠡᠭᠡᠷ᠎ᠠ ᠪᠠᠨ ᠨᠠᠶᠢᠳᠠᠪᠦᠷᠢᠵᠢᠭᠤᠯᠬᠤ ᠬᠡᠷᠡᠭᠳᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号