ᠭᠡᠤᠭᠡᠳ ᠤᠨ ᠦᠭᠡ ᠬᠡᠯᠡᠨ ᠤ ᠬᠥᠭᠵᠢᠯᠳᠡ ᠶᠢᠨ ᠶᠠᠪᠤᠴᠠ ᠳᠤ ᠡᠴᠢᠭᠡ ᠬᠦᠮᠦᠨ ᠴᠢᠬᠤᠯᠠ ᠦᠢᠯᠡᠳᠤᠯ ᠦᠵᠡᠬᠦᠯᠳᠡᠭ
ᠨᠡᠶᠢᠲᠡᠯᠡᠭᠰᠡᠨ ᠴᠠᠭ᠄
2018/3/30
      ᠬᠡᠤᠭᠡᠳ ᠬᠡᠯᠡ ᠳᠤ ᠤᠷᠤᠬᠤ ᠶᠠᠪᠤᠴᠠ ᠳᠤ᠂ ᠤᠯᠠᠩᠬᠢ ᠳᠠᠭᠠᠨ ᠡᠵᠢ ᠬᠦᠮᠦᠨ ᠭᠡᠤᠭᠡᠳ ᠲᠠᠢ ᠪᠠᠨ ᠬᠠᠮᠳᠤ ᠨᠤᠮ ᠤᠩᠰᠢᠵᠤ᠂ ᠬᠠᠮᠳᠤ ᠲᠤᠭᠯᠠᠲᠠᠭ᠃ ᠡᠭᠡᠴᠤᠤᠯ ᠤᠨ ᠢᠩᠬᠢᠵᠤ ᠬᠢᠬᠦ ᠨᠢ ᠭᠡᠤᠭᠡᠳ ᠤᠨ ᠬᠡᠯᠡ ᠳᠤ ᠤᠷᠤᠬᠤ  ᠳᠤ ᠲᠤᠰᠠ ᠪᠤᠯᠤᠨ᠎ᠠ ᠭᠡᠳᠡᠭ ᠢ ᠮᠠᠰᠢ ᠤᠯᠠᠨ ᠰᠤᠳᠤᠯᠭᠠᠨ ᠳᠤ ᠢᠯᠡᠷᠡᠬᠦᠯᠵᠠᠢ᠃ ᠡᠴᠢᠭᠡ ᠬᠦᠮᠦᠨ ᠬᠡᠤᠭᠡᠳ ᠲᠠᠢ  ᠪᠠᠨ ᠬᠠᠮᠳᠤ ᠪᠠᠶᠢᠬᠤ ᠨᠢ ᠬᠡᠦᠭᠡᠳ ᠤᠨ ᠦᠭᠡ ᠬᠡᠯᠡᠨ ᠤ ᠬᠥᠭᠵᠢᠯᠳᠡ ᠳᠤ ᠠᠳᠠᠯᠢᠬᠠᠨ ᠴᠢᠬᠤᠯᠠ ᠪᠠᠶᠢᠳᠠᠭ ᠭᠡᠰᠡᠨ ᠢ ᠠᠦ᠋ᠰᠲᠷᠠᠯᠢᠶ᠎ᠠ ᠶᠢᠨ ᠰᠤᠳᠤᠯᠭᠠᠨ ᠤ ᠠᠵᠢᠯᠳᠠᠨ ᠦᠢᠷ᠎ᠠ ᠳᠤ ᠤᠯᠵᠤ ᠮᠡᠳᠡᠵᠠᠢ᠃       ᠠᠦ᠋ᠰᠲᠷᠠᠯᠢᠶ᠎ᠠ ᠶᠢᠨ ᠮᠤᠲ᠋ᠧᠺ ᠭᠡᠤᠭᠡᠳ ᠤᠨ ᠰᠤᠳᠤᠯᠭᠠᠨ ᠤ ᠭᠠᠵᠠᠷ 1 ᠰᠠᠷ᠎ᠠ ᠶᠢᠨ 17 ᠤ ᠡᠳᠤᠷ ᠰᠤᠨᠢᠨ ᠮᠡᠳᠡᠭᠡᠨ ᠤ ᠠᠯᠪᠠᠨ ᠵᠠᠷ ᠨᠡᠶᠢᠳᠡᠯᠡᠵᠤ ᠬᠡᠯᠡᠬᠦ ᠳᠡᠭᠡᠨ᠂ ᠡᠴᠢᠭᠡ ᠬᠦᠮᠦᠨ ᠦᠷᠬᠦᠯᠵᠢ ᠭᠡᠷ ᠲᠡᠭᠡᠨ ᠭᠡᠤᠭᠡᠳ ᠲᠠᠢ ᠪᠠᠨ ᠬᠠᠮᠳᠤ ᠨᠤᠮ ᠤᠩᠰᠢᠪᠠᠯ ᠭᠡᠤᠭᠡᠳ ᠤᠨ ᠦᠭᠡ ᠬᠡᠯᠡᠨ ᠤ ᠬᠥᠭᠵᠢᠯᠳᠡ ᠶᠢ ᠠᠬᠢᠭᠤᠯᠵᠤ ᠲᠡᠶᠢᠯᠦᠨ᠎ᠡ ᠭᠡᠳᠡᠭ ᠢ ᠲᠤᠰ ᠭᠠᠵᠠᠷ ᠤᠨ ᠰᠤᠳᠤᠯᠭᠠᠨ ᠤ ᠠᠵᠢᠯᠳᠠᠨ ᠤᠯᠵᠤ ᠮᠡᠳᠡᠭᠰᠡᠨ ᠪᠠᠶᠢᠨ᠎ᠠ ᠭᠡᠵᠠᠢ᠃       ᠰᠤᠳᠤᠯᠭᠠᠨ ᠤ ᠠᠵᠢᠯᠳᠠᠨ ᠠᠦ᠋ᠰᠲᠷᠠᠯᠢᠶ᠎ᠠ ᠶᠢᠨ 405 ᠭᠡᠷ ᠪᠦᠯᠢ ᠶᠢ ᠮᠦᠷᠳᠡᠨ ᠰᠤᠳᠤᠯᠵᠠᠢ᠂ ᠲᠡᠳᠡ ᠭᠡᠤᠭᠡᠳ ᠤᠨ 2 ᠨᠠᠰᠤᠳᠠᠢ ᠪᠠᠶᠢᠬᠤ ᠳᠤᠨᠢ ᠡᠴᠢᠭᠡ ᠡᠭᠡ ᠶᠢᠨ ᠬᠢᠨᠢ ᠲᠡᠳᠡᠨ ᠲᠠᠢ ᠬᠠᠮᠳᠤ ᠨᠤᠮ ᠤᠩᠰᠢᠵᠤ ᠪᠠᠶᠢᠭ᠎ᠠ ᠪᠠᠶᠢᠳᠠᠯ ᠢ ᠪᠠᠶᠢᠴᠠᠭᠠᠭᠰᠠᠨ ᠪᠦᠭᠡᠳ 4 ᠨᠠᠰᠤ ᠪᠤᠯᠬᠤ ᠦᠶ᠎ᠠ ᠳᠤ ᠲᠡᠳᠡᠨ ᠤ ᠦᠭᠡ ᠬᠡᠯᠡᠨ ᠤ ᠴᠢᠳᠠᠪᠤᠷᠢ ᠶᠢ ᠰᠢᠯᠭᠠᠵᠠᠢ᠃ ᠰᠤᠳᠤᠯᠭᠠᠨ ᠤ ᠠᠵᠢᠯᠳᠠᠨ ᠪᠠᠰᠠ ᠤᠯᠠᠨ ᠡᠰᠢᠳᠤ ᠱᠤᠭᠤᠮᠯᠢᠭ ᠪᠤᠴᠠᠭᠠᠯᠳᠠ ᠶᠢᠨ ᠵᠠᠬᠪᠤᠷ ᠢ ᠬᠡᠷᠡᠭᠯᠡᠨ ᠭᠡᠤᠭᠡᠳ ᠤᠨ ᠦᠭᠡ ᠬᠡᠯᠡᠨ ᠤ ᠬᠥᠭᠵᠢᠯᠳᠡ ᠳᠤ ᠦᠵᠡᠬᠦᠯᠬᠦ ᠡᠴᠢᠭᠡ ᠬᠦᠮᠦᠨ ᠤ ᠨᠦᠯᠤᠭᠡ ᠶᠢ ᠵᠠᠳᠠᠯᠤᠭᠰᠠᠨ ᠪᠠᠶᠢᠨ᠎ᠠ᠃ ᠡᠴᠢᠭᠡ ᠡᠭᠡ ᠶᠢᠨ ᠬᠢᠨᠢ ᠤᠷᠤᠯᠭ᠎ᠠ᠂ ᠠᠵᠢᠯ᠂ ᠰᠤᠷᠭᠠᠨ ᠬᠥᠮᠤᠵᠢᠯ ᠬᠥᠷᠳᠡᠭᠰᠡᠨ ᠬᠢᠷᠢ ᠭᠡᠮᠵᠢᠶ᠎ᠠ ᠪᠤᠯᠤᠨ ᠡᠵᠢ ᠬᠦᠮᠦᠨ ᠤ ᠨᠤᠮ ᠤᠩᠰᠢᠬᠤ ᠦᠢᠯᠡ ᠠᠵᠢᠯᠯᠠᠭ᠎ᠠ ᠶᠢᠨ ᠨᠦᠯᠤᠭᠡ ᠶᠢ ᠶᠡᠷᠤᠩᠭᠡᠶᠢᠯᠡᠨ ᠪᠤᠳᠤᠯᠬᠢᠯᠠᠭᠰᠠᠨ ᠤ ᠲᠠᠷᠠᠭ᠎ᠠ᠂ 2 ᠨᠠᠰᠤᠳᠠᠢ ᠳᠠᠭᠠᠨ ᠡᠴᠢᠭᠡ ᠶᠢᠨ ᠢᠶᠠᠨ ᠨᠤᠮ ᠤᠩᠰᠢᠬᠤ ᠶᠢ ᠦᠷᠬᠦᠯᠵᠢ ᠰᠤᠨᠤᠰᠲᠠᠭ ᠭᠡᠤᠭᠡᠳ 4 ᠨᠠᠰᠤ ᠬᠥᠷᠦᠭᠰᠡᠨ ᠤ ᠲᠠᠷᠠᠭ᠎ᠠ ᠦᠭᠡ ᠬᠡᠯᠡ ᠦᠢᠯᠠᠭᠠᠬᠤ ᠪᠠ ᠢᠯᠡᠳᠭᠡᠬᠦ ᠴᠢᠳᠠᠪᠤᠷᠢ ᠨᠢ ᠴᠦᠮ ᠨᠡᠩ ᠴᠢᠩᠭ᠎ᠠ ᠪᠤᠯᠳᠠᠭ ᠢ ᠰᠤᠳᠤᠯᠭᠠᠨ ᠢᠶᠠᠷ ᠤᠯᠵᠤ ᠮᠡᠳᠡᠵᠠᠢ᠃       ᠰᠤᠳᠤᠯᠭᠠᠨ ᠤ ᠦᠷ᠎ᠡ ᠪᠦᠳᠤᠭᠡᠯ ᠢ ᠠᠮᠧᠷᠢᠺᠠ ᠶᠢᠨ 《 ᠬᠡᠤᠭᠡᠳ ᠤᠨ ᠡᠮᠨᠡᠯᠭᠡ ᠶᠢᠨ ᠡᠷᠳᠡᠮ ᠰᠢᠨᠵᠢᠯᠡᠭᠡᠨ  ᠤ ᠰᠡᠳᠬᠦᠯ 》 ᠳᠤ ᠨᠡᠶᠢᠳᠡᠯᠡᠪᠡ᠃ ᠦᠬᠦᠯᠡᠯ ᠤᠨ ᠨᠢᠭᠡᠳᠤᠭᠡᠷ ᠵᠤᠬᠢᠶᠠᠭᠴᠢ ᠡᠸ᠋ᠨ · ᠬᠥᠸᠧ ᠳ᠋ᠤᠺᠲ᠋ᠤᠷ ᠢᠯᠡᠷᠭᠡᠶᠢᠯᠡᠬᠦ ᠳᠡᠭᠡᠨ᠂ ᠡᠬᠦᠨ ᠠᠴᠠ ᠡᠮᠤᠨᠡᠬᠢ ᠰᠤᠳᠤᠯᠭᠠᠨ ᠳᠤ ᠭᠡᠷ ᠪᠦᠯᠢ ᠶᠢᠨ ᠤᠷᠴᠢᠨ ᠨᠦᠬᠦᠴᠡᠯ ᠪᠠ ᠡᠭᠡᠴᠤᠤᠯ  ᠤᠨ ᠦᠢᠯᠡ ᠠᠵᠢᠯᠯᠠᠭ᠎ᠠ ᠶᠢᠨ ᠴᠢᠬᠤᠯᠠ ᠴᠢᠨᠠᠷ ᠢ ᠨᠢᠭᠡᠨᠳᠡ ᠬᠡᠷᠡᠴᠢᠯᠡᠭᠰᠡᠨ ᠪᠤᠯᠪᠠᠴᠤ ᠭᠡᠤᠭᠡᠳ ᠤᠨ ᠦᠭᠡ ᠬᠡᠯᠡᠨ ᠤ ᠬᠥᠭᠵᠢᠯᠳᠡ ᠳᠤ ᠦᠵᠡᠬᠦᠯᠬᠦ ᠡᠴᠢᠭᠡ ᠬᠦᠮᠦᠨ ᠤ ᠨᠦᠯᠤᠭᠡ ᠶᠢᠨ ᠲᠤᠬᠠᠢ ᠦᠢᠯᠠᠭᠠᠯᠳᠠ ᠲᠦᠢᠯ ᠤᠨ ᠬᠢᠵᠠᠭᠠᠷᠳᠠᠢ ᠪᠠᠶᠢᠬᠰᠠᠨ ᠪᠤᠯᠬᠤᠷ ᠲᠤᠰ ᠰᠤᠳᠤᠯᠭᠠᠨ ᠨᠢ ᠡᠨᠡ ᠲᠤᠬᠠᠢ ᠠᠰᠢᠭᠳᠠᠢ ᠨᠦᠬᠦᠪᠤᠷᠢᠯᠡᠯ ᠬᠠᠩᠭᠠᠭᠰᠠᠨ ᠪᠠᠶᠢᠨ᠎ᠠ ᠭᠡᠵᠠᠢ᠃       ᠰᠤᠳᠤᠯᠭᠠᠨ ᠳᠤ ᠪᠠᠰᠠ ᠭᠡᠤᠭᠡᠳ ᠤᠨ ᠪᠠᠭ᠎ᠠ ᠶᠢᠨ ᠦᠶ᠎ᠠ ᠶᠢᠨ ᠤᠩᠰᠢᠯᠭ᠎ᠠ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠳᠤᠯᠠᠵᠠᠢ᠂ ᠡᠶᠢᠮᠤ ᠠᠴᠠ ᠡᠴᠢᠭᠡ ᠡᠭᠡ ᠪᠤᠯᠤᠭᠰᠠᠳ ᠭᠡᠤᠭᠡᠳ ᠲᠠᠢ ᠪᠠᠨ ᠬᠠᠮᠳᠤ ᠢᠯᠡᠬᠦᠭᠡᠨ ᠨᠤᠮ ᠤᠩᠰᠢᠬᠤ ᠶᠢ ᠰᠤᠳᠤᠯᠭᠠᠨ ᠤ ᠠᠵᠢᠯᠳᠠᠨ ᠰᠠᠨᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号