2018 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2018/3/8
             —  2018 ᠣᠨ ᠤ 2 ᠰᠠᠷ᠎ᠠ ᠶᠢᠨ 27 ᠤ ᠡᠳᠦᠷ  ᠬᠡᠰᠢᠭᠲᠡᠨ ᠬᠤᠰᠢᠭᠤᠨ ᠤ                   ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ                   ᠶᠡᠭᠡ  ᠬᠤᠷᠠᠯ  ᠤᠨ  ᠬᠤᠶᠠᠳᠤᠭᠠᠷ  ᠤᠳᠠᠭᠠᠨ  ᠤ  ᠬᠤᠷᠠᠯ  ᠳᠡᠭᠡᠷ᠎ᠡ        ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ    ᠫᠠᠨ ᠼᠦᠨ ᠭᠥᠸᠧᠲᠥᠯᠥᠭᠡᠯᠡᠭᠴᠢᠳ ᠡ᠄       ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠲᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2017 ᠣᠨ ᠤ ᠠᠵᠢᠯ ᠤᠨ ᠡᠷᠭᠢᠴᠡᠭᠦᠯᠦᠯ       ᠥᠩᠭᠡᠷᠡᠭᠰᠡᠨ ᠨᠢᠭᠡ ᠵᠢᠯ ᠳᠤ᠂ ᠲᠦᠪᠡᠭ ᠪᠤᠳᠤᠯᠢᠶᠠᠨᠲᠠᠢ ᠪᠠᠶᠢᠳᠠᠯ ᠪᠣᠯᠣᠨ ᠬᠠᠲᠠᠭᠤ ᠴᠢᠩᠭ᠎ᠠ ᠥᠷᠢᠰᠦᠯᠳᠦᠭᠡᠨ ᠳᠤ ᠬᠠᠨᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠯᠤᠭ᠎ᠠ ᠪᠦᠯᠬᠦᠮᠳᠡᠨ ᠲᠡᠳᠡᠨᠡᠷ ᠢ ᠲᠦᠰᠢᠭᠯᠡᠵᠦ᠂ ᠬᠦᠴᠢᠷ ᠪᠡᠷᠬᠡ ᠶᠢ ᠢᠯᠡᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠨ ᠲᠡᠮᠡᠴᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠭᠰᠡᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠭᠰᠡᠨ ᠪᠠᠶᠢᠨ᠎ᠠ᠃       ︵ᠨᠢᠭᠡ︶  ᠬᠦᠴᠢᠷ ᠪᠡᠷᠬᠡ ᠶᠢ ᠢᠯᠡᠨ ᠳᠠᠪᠠᠨ ᠬᠡᠯᠪᠡᠷᠢ ᠶᠢ ᠬᠤᠪᠢᠷᠠᠭᠤᠯᠤᠨ᠂  ᠪᠦᠲᠦᠴᠡ ᠶᠢ ᠲᠣᠬᠢᠷᠠᠭᠤᠯᠵᠤ᠂  ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠩᠬᠠᠨ ᠤ ᠠᠮᠵᠢᠯᠲᠠ‌‍ᠶᠢ ᠣᠯᠣᠭᠰᠠᠨ ᠪᠠᠶᠢᠨ᠎ᠠ᠃       2017 ᠣᠨ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠱᠢᠭᠰᠡᠨ ᠢᠶᠠᠷ 161.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠭᠰᠡᠨ ᠪᠠᠶᠢᠨ᠎ᠠ᠃ ᠡᠳ᠋ ᠤᠨ ᠵᠠᠰᠠᠭ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5.36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠡᠭᠡᠷ᠎ᠡ ᠱᠠᠲᠤᠨ ᠠᠴᠠ ᠲᠣᠬᠢᠷᠠᠭᠤᠯᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 124 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠤ ᠪᠠᠨ ᠠᠳᠠᠯᠢᠬᠠᠨ᠃ ᠨᠡᠶᠢᠭᠡᠮ ᠤᠨ ᠬᠡᠷᠡᠭᠯᠡᠭᠡ ᠶᠢᠨ ᠵᠦᠢᠯ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 35.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠭᠰᠡᠨ ᠪᠠᠶᠢᠨ᠎ᠠ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢ ᠲᠤᠰᠪᠦᠷᠢ 26695 ᠲᠥᠭᠦᠷᠢᠭ ᠪᠠ 10246 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠤᠰᠪᠦᠷᠢ 8.3% ᠪᠠ 9% ᠪᠠᠷ ᠨᠡᠮᠡᠭᠳᠡᠭᠰᠡᠨ ᠪᠠᠶᠢᠨ᠎ᠠ᠃ ᠭᠤᠷᠪᠠᠨ ᠠᠵᠤ ᠦᠢᠯᠡᠰ ᠤᠨ ᠬᠠᠷᠢᠴᠠᠯ ᠤᠨ ᠲᠣᠬᠢᠷᠠᠭᠤᠯᠤᠯᠲᠠ ᠶᠢ 12.1᠄ 63.2᠄ 24.7 ᠪᠣᠯᠭᠠᠨ ᠰᠢᠯᠢᠳᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠢᠶᠠᠷ ᠰᠠᠭᠤᠷᠢ ᠪᠣᠯᠭᠠᠬᠤ᠂ ᠠᠵᠤ ᠦᠢᠯᠡᠳᠪᠦᠷᠢ ᠪᠠᠷ ᠭᠤᠣᠯᠯᠠᠬᠤ᠂ ᠵᠢᠭᠤᠯᠴᠢᠯᠠᠯ ᠤᠨ ᠦᠢᠯᠡᠰ ᠤᠨ ᠳᠠᠪᠠᠭᠤᠯᠢᠭ ᠢ ᠪᠠᠳᠠᠷᠠᠭᠤᠯᠬᠤ ᠶᠢ ᠨᠡᠩ ᠲᠣᠪᠣᠶᠢᠯᠭᠠᠭᠰᠠᠨ ᠪᠠᠶᠢᠨ᠎ᠠ᠃       ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠬᠢᠷᠢ ᠲᠦᠪᠰᠢᠨ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠪᠠᠷᠢᠮᠵᠢᠶᠠᠵᠢᠭᠤᠯᠬᠤ ᠠᠵᠤ ᠦᠢᠯᠡᠰᠴᠢᠯᠡᠬᠦ ᠨᠡᠷᠡᠲᠦ ᠲᠡᠮᠳᠡᠭᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠰᠢᠷᠣᠢ ᠶᠢᠨ ᠡᠷᠬᠡ ᠶᠢ 67.8 ᠲᠦᠮᠡᠨ ᠮᠦ᠂ ᠬᠠᠳᠤᠯᠠᠩ ᠪᠡᠯᠴᠢᠭᠡᠷ ᠤᠨ ᠡᠷᠬᠡ ᠶᠢ 1178.9 ᠲᠦᠮᠡᠨ ᠮᠦ ᠰᠢᠯᠵᠢᠭᠦᠯᠵᠦ᠂ ᠰᠢᠯᠵᠢᠭᠦᠯᠦᠯᠲᠡ ᠶᠢᠨ ᠨᠤᠷᠮ᠎ᠠ ᠨᠢ ᠲᠤᠰᠪᠦᠷᠢ 52.2% ᠪᠠ 53% ᠳᠤ ᠬᠦᠷᠦᠭᠰᠡᠨ ᠪᠠᠶᠢᠨ᠎ᠠ︔ ᠲᠥᠬᠦᠭᠡᠷᠦᠮᠵᠢᠲᠦ ᠲᠠᠷᠢᠶᠠᠯᠠᠩ ᠢ 6000 ᠮᠦ ᠰᠢᠨ᠎ᠡ ᠪᠠᠷ ᠨᠡᠮᠡᠭᠳᠡᠭᠦᠯᠵᠦ᠂ ᠪᠢᠷᠠᠭᠤ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠨᠢ ᠠᠩᠬᠠᠨ ᠤ ᠬᠡᠪᠴᠢᠶᠡᠵᠢᠯ ᠢ ᠪᠦᠷᠢᠯᠳᠦᠭᠦᠯᠵᠦ᠂ ᠰᠢᠯᠢᠳᠡᠭ ᠬᠦᠷᠡᠩ ᠴᠠᠷᠭᠠᠰᠤ ᠶᠢ 6.6 ᠲᠦᠮᠡᠨ ᠮᠦ᠂ ᠲᠥᠮᠥᠰᠥ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 1.5 ᠲᠦᠮᠡᠨ ᠮᠦ᠂ ᠡᠪᠡᠰᠦᠨ ᠡᠮ ᠤᠨ ᠲᠠᠷᠢᠮᠠᠯ ᠢ 2 ᠲᠦᠮᠡᠨ ᠮᠦ ᠰᠢᠨ᠎ᠡ ᠪᠠᠷ ᠨᠡᠮᠡᠭᠳᠡᠭᠦᠯᠵᠦ ᠂ ᠪᠦᠷᠬᠦᠭᠦᠯᠦᠨ ᠲᠠᠷᠢᠬᠤ ᠶᠢ 20 ᠲᠦᠮᠡᠨ ᠮᠦ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠶᠢ 10 ᠲᠦᠮᠡᠨ ᠮᠦ᠂ ᠬᠥᠷᠥᠰᠥ ᠶᠢ ᠰᠢᠨᠵᠢᠨ ᠪᠣᠷᠳᠣᠭᠤᠷ ᠣᠷᠣᠭᠤᠯᠬᠤ ᠶᠢ 45 ᠲᠦᠮᠡᠨ ᠮᠦ ᠲᠦᠭᠡᠮᠡᠯᠵᠢᠭᠦᠯᠦᠭᠰᠡᠨ ᠪᠠᠶᠢᠨ᠎ᠠ︔ ᠡᠪᠡᠰᠦᠨ ᠤ ᠦᠢᠯᠡᠰ ᠢ ᠨᠡᠭᠡᠭᠡᠨ ᠬᠥᠭᠵᠢᠭᠦᠯᠦᠭᠰᠡᠨ ᠲᠠᠯᠠᠪᠠᠢ ᠨᠢ 29.2 ᠲᠦᠮᠡᠨ ᠮᠦ ᠬᠦᠷᠴᠦ᠂ ᠠᠮᠤ ᠪᠤᠷᠴᠠᠭ ᠤᠨ ᠶᠡᠷᠦᠩᠬᠡᠢ ᠤᠨᠠᠯᠲᠠ ᠶᠢ 6 ᠳ᠋ᠦᠩᠰᠢᠭᠤᠷ ᠵᠢᠩ ᠳᠤ ᠲᠣᠭᠲᠠᠪᠤᠷᠢᠵᠢᠭᠤᠯᠵᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠪᠣᠷᠳᠣᠭᠤᠷ ᠤᠨ ᠡᠵᠡᠯᠡᠬᠦ ᠬᠠᠷᠢᠴᠠᠯ ᠢ 70᠄ 18᠄ 12 ᠪᠠᠶᠢᠭᠰᠠᠨ ᠠᠴᠠ 68᠄ 17᠄ 15 ᠪᠣᠯᠭᠠᠨ ᠲᠣᠬᠢᠷᠠᠭᠤᠯᠤᠭᠰᠠᠨ ᠪᠠᠶᠢᠨ᠎ᠠ᠃ ᠵᠢᠯ ᠳᠤ ᠠᠯᠠᠰᠢᠨ ᠦᠬᠡᠷ 22.5 ᠲᠦᠮᠡ᠂ ᠠᠯᠠᠰᠢᠨ ᠬᠤᠨᠢ 131 ᠲᠦᠮᠡ᠂ ᠠᠮᠢᠳᠤ ᠭᠠᠭ᠋ᠠᠢ 17 ᠲᠦᠮᠡ ᠪᠣᠷᠣᠯᠠᠭᠤᠯᠵᠤ᠂ ᠦᠬᠡᠷ᠂ ᠬᠤᠨᠢᠨ ᠤ ᠰᠠᠶᠢᠨ ᠡᠭᠦᠯᠳᠡᠷ ᠤᠨ ᠨᠤᠷᠮ᠎ᠠ ᠨᠢ ᠴᠥᠮ 97.3% ᠳᠤ ᠬᠦᠷᠴᠦ᠂ ᠰᠢᠯᠢᠳᠡᠭ ᠮᠠᠯ ᠲᠠᠷᠢᠶᠠᠯᠠᠩ ᠤᠨ ᠪᠦᠲᠦᠭᠡᠭᠳᠡᠬᠦᠨ ᠢ ᠲᠤᠰ ᠭᠠᠵᠠᠷ ᠲᠤ ᠨᠢ ᠦᠢᠯᠡᠳᠪᠦᠷᠢᠯᠡᠨ ᠬᠤᠪᠢᠷᠠᠭᠤᠯᠬᠤ ᠨᠤᠷᠮ᠎ᠠ ᠨᠢ 51% ᠳᠤ ᠬᠦᠷᠦᠭᠰᠡᠨ ᠪᠠᠶᠢᠨ᠎ᠠ᠃ ᠶᠢᠨ ᠹᠧᠩ᠂ ᠳ᠋ᠧ ᠮᠧᠢ᠂ ᠮᠢᠨ ᠶᠤᠸᠠᠢ ᠵᠢᠶᠦ᠋ᠨ ᠹᠧᠩ᠂ ᠰᠢᠤᠸᠠᠢ ᠴᠤᠸᠠᠨ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠤᠨ ᠬᠡᠪᠴᠢᠶᠡᠵᠢᠯ ᠤᠨ ᠦᠷ᠎ᠡ ᠠᠰᠢᠭ ᠨᠢ ᠲᠣᠭᠲᠠᠭᠤᠨ ᠢᠶᠠᠷ ᠳᠡᠭᠡᠭᠰᠢᠯᠡᠵᠦ᠂ ︽ᠠᠵᠤ ᠠᠬᠤᠶᠢᠯᠠᠯ+ ᠲᠤᠰᠬᠠᠢ ᠬᠤᠷᠰᠢᠶᠠᠵᠢᠯ+ ᠮᠠᠯᠴᠢᠨ ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠳ ᠤᠨ ᠬᠤᠷᠰᠢᠶᠠᠵᠢᠯ 28 ᠰᠢᠨ᠎ᠡ ᠪᠠᠷ ᠨᠡᠮᠡᠭᠳᠡᠵᠦ᠂ ᠬᠤᠷᠰᠢᠶᠠᠵᠢᠯ ᠤᠨ ᠲᠤᠭ᠎ᠠ ᠨᠢ ᠨᠡᠶᠢᠲᠡ 744 ᠪᠣᠯᠣᠭᠰᠠᠨ ᠪᠠᠶᠢᠨ᠎ᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ 2 ᠰᠢᠨ᠎ᠡ ᠪᠠᠷ ᠨᠡᠮᠡᠭᠳᠡᠵᠦ᠂ ︽ᠳᠠᠯᠠᠢ ᠨᠠᠭᠤᠷ︾ ᠨᠡᠷᠡᠲᠦ ᠲᠡᠮᠳᠡᠭ ᠨᠢ 2017 ᠣᠨ ᠤ ᠬᠠᠮᠤᠭ ᠤᠨ ᠶᠡᠭᠡ ᠨᠥᠯᠥᠭᠡᠯᠡᠬᠦ ᠬᠦᠴᠦᠨ ᠪᠦᠬᠦᠢ ᠤᠰᠤᠨ ᠭᠠᠷᠤᠯᠲᠠ ᠶᠢᠨ ᠠᠵᠤ ᠠᠬᠤᠶᠢᠯᠠᠯ ᠤᠨ ᠨᠡᠷᠡᠲᠦ ᠲᠡᠮᠳᠡᠭ ᠢᠶᠠᠷ ᠦᠨᠡᠯᠡᠭᠳᠡᠭᠰᠡᠨ ᠪᠠᠶᠢᠨ᠎ᠠ᠃ 12 ᠠᠵᠤ ᠠᠬᠤᠶᠢᠯᠠᠯ ᠪᠦᠬᠦ ᠣᠷᠣᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠰᠤᠷᠠᠭ ᠵᠠᠩᠭᠢ ᠶᠢ ᠮᠥᠷᠳᠡᠬᠦ ᠲᠠᠪᠴᠠᠩ ᠳᠤ ᠣᠷᠣᠭᠰᠠᠨ ᠪᠠᠶᠢᠨ᠎ᠠ᠃ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠦᠷᠭᠦᠯᠵᠢᠯᠡᠨ ᠲᠦᠷᠭᠡᠰᠦᠭᠰᠡᠨ ᠪᠠᠶᠢᠨ᠎ᠠ᠃ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ᠂ ᠮᠡᠷᠭᠡᠵᠢᠯ ᠤᠨ ᠥᠭᠡᠷᠡᠴᠢᠯᠡᠯᠲᠡ ᠳᠤ ᠰᠢᠨ᠎ᠡ ᠶᠢ ᠡᠭᠦᠳᠬᠦ᠂ ᠲᠡᠮᠦᠷᠯᠢᠭ ᠪᠣᠯᠪᠠᠰᠤᠷᠠᠭᠤᠯᠬᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠬᠦ ᠪᠠ ᠰᠢᠨ᠎ᠡ ᠪᠠᠷ ᠨᠡᠮᠡᠭᠳᠡᠭᠰᠡᠨ ᠬᠠᠷ᠎ᠠ ᠲᠤᠭᠤᠯᠭ᠎ᠠ ᠴᠠᠶᠢᠷ ᠴᠠᠭᠠᠨ ᠲᠤᠭᠤᠯᠭ᠎ᠠ ᠯᠢᠲ᠋ᠢ ᠶᠢ ᠬᠠᠶᠢᠨ ᠠᠭᠤᠳᠠᠯᠯᠠᠬᠤ ᠠᠬᠢᠴᠠ ᠢᠯᠡᠷᠬᠡᠢ ᠲᠦᠷᠭᠡᠳᠴᠦ᠂ ᠪᠠᠷᠠᠭᠤᠨ ᠬᠤᠶᠢᠲᠤ ᠶᠢᠨ ᠠᠭᠤᠷᠬᠠᠢ ᠶᠢ ᠶᠡᠷᠦᠩᠬᠡᠶᠢᠯᠡᠨ ᠡᠭᠡᠭᠦᠯᠦᠨ ᠠᠰᠢᠭᠯᠠᠬᠤ᠂ ᠳᠠᠷᠢ ᠶᠢᠨ ᠳᠠᠪᠠᠭ᠎ᠠ ᠶᠢᠨ ᠦᠯᠡᠳᠡᠭᠳᠡᠯ ᠠᠭᠤᠷᠬᠠᠢ ᠶᠢᠨ ᠬᠥᠮᠥᠷᠭᠡ ᠶᠢ ᠶᠡᠷᠦᠩᠬᠡᠶᠢᠯᠡᠨ ᠠᠰᠢᠭᠯᠠᠬᠤ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠤᠯᠢᠶᠠᠰᠤᠲᠠᠢ ᠶᠢᠨ ᠯᠢᠲ᠋ᠢ ᠴᠠᠭᠠᠨ ᠲᠤᠭᠤᠯᠭ᠎ᠠ ᠡᠯᠪᠡᠭ ᠠᠭᠤᠯᠤᠭᠳᠠᠬᠤ ᠠᠭᠤᠷᠬᠠᠢ ᠶᠢᠨ ᠬᠦᠳᠡᠷ ᠰᠣᠩᠭᠤᠬᠤ᠂ ᠶᠢᠨ ᠫᠧᠩ ᠤᠨ ᠵᠡᠭᠦᠨ ᠳᠠᠴᠢ ᠳᠠᠬᠢ ᠬᠠᠷ᠎ᠠ ᠲᠤᠭᠤᠯᠭ᠎ᠠ ᠴᠠᠶᠢᠷ ᠵᠡᠰ ᠮᠥᠩᠭᠦ ᠶᠢᠨ ᠬᠦᠳᠡᠷ ᠰᠣᠩᠭᠤᠬᠤ᠂ ᠺᠠᠢ ᠶᠤᠸᠠᠨ ᠠᠭᠤᠷᠬᠠᠢ ᠶᠢᠨ ᠬᠦᠳᠡᠷ ᠰᠣᠩᠭᠤᠬᠤ ᠶᠢ ᠥᠷᠭᠡᠳᠬᠡᠨ ᠪᠠᠶᠢᠭᠤᠯᠬᠤ᠂ ᠰᠢᠨ ᠢᠦᠢ ᠠᠭᠤᠷᠬᠠᠢ ᠶᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ ᠭᠠᠷ ᠭᠦᠢᠴᠡᠳᠬᠡᠯ ᠢ ᠡᠮᠬᠢ ᠴᠡᠭᠴᠡᠲᠡᠢ ᠠᠬᠢᠭᠤᠯᠤᠭᠰᠠᠨ ᠪᠠᠶᠢᠨ᠎ᠠ᠃ ᠳ᠋ᠠ ᠲᠠᠩ ᠨᠡᠭᠦᠷᠡᠰᠦ ᠶᠢ ᠬᠡᠶᠢᠵᠢᠭᠦᠯᠬᠦ ᠲᠥᠷᠥᠯ ᠵᠦᠢᠯ ᠤᠨ ᠵᠢᠯ ᠤᠨ ᠭᠠᠷᠤᠯᠲᠠ ᠨᠢ 10 ᠳ᠋ᠦᠩᠰᠢᠭᠤᠷ ᠪᠣᠰᠤᠭ᠎ᠠ ᠲᠡᠭᠰᠢ ᠳᠥᠷᠪᠡᠯᠵᠢᠨ ᠮᠧᠲᠷ ᠢ ᠳᠠᠪᠠᠵᠤ᠂ ᠶᠡᠷᠦᠩᠬᠡᠶᠢᠯᠡᠭᠰᠡᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠳᠦᠭᠦᠯᠢᠭ ᠹᠧᠨᠣᠯ ᠢ ᠴᠡᠪᠡᠷᠰᠢᠭᠦᠯᠬᠦ ᠲᠥᠷᠥᠯ ᠵᠦᠢᠯ ᠢ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠪᠴᠢᠶᠡᠵᠢᠯ ᠲᠠᠰᠤᠷᠠᠯᠲᠠ ᠦᠭᠡᠢ ᠥᠷᠭᠡᠵᠢᠭᠰᠡᠨ ᠪᠠᠶᠢᠨ᠎ᠠ᠃ ᠲᠢᠶᠠᠨ ᠿᠦᠨ ᠰᠢᠨ ᠨᠧᠩ ᠤᠨ ᠰᠢᠨ ᠺᠠᠢ ᠳ᠋ᠢ ᠳᠠᠬᠢ᠂ ᠬᠤᠸᠠ ᠨᠧᠩ ᠤᠨ ᠱᠦ ᠱᠧᠩ ᠳᠠᠬᠢⅡ ᠬᠤᠭᠤᠴᠠᠭ᠎ᠠ᠂ ᠵᠦᠩ ᠺᠧ ᠲᠢᠶᠠᠨ ᠳ᠋ᠣᠣ ᠶᠢᠨ ᠬᠤᠩᠭᠤ ᠶᠢᠨ ᠳᠠᠪᠠᠭ᠎ᠠ ᠳᠠᠬᠢⅡ ᠬᠤᠭᠤᠴᠠᠭ᠎ᠠ ᠵᠡᠷᠭᠡ ᠰᠠᠯᠬᠢᠨ ᠴᠠᠬᠢᠯᠭᠠᠨ ᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᡁᠢ ᠿᠦᠢ ᠶᠢᠨ 4×30 ᠲᠦᠮᠡᠨ ᠺᠢᠯᠣᠸᠠᠲ ᠤᠨ ᠤᠰᠤ ᠲᠠᠲᠠᠨ ᠡᠨᠧᠷᠭᠢ ᠠᠷᠪᠢᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠨ ᠪᠠᠷᠢᠯᠭ᠎ᠠ ᠶᠢᠨ ᠠᠵᠢᠯ ᠢ ᠡᠬᠢᠯᠡᠭᠦᠯᠦᠭᠰᠡᠨ ᠪᠠᠶᠢᠨ᠎ᠠ᠃ ᠡᠨᠧᠷᠭᠢ ᠶᠢᠨ ᠦᠢᠯᠡᠰ ᠤᠨ ᠬᠥᠭᠵᠢᠯᠲᠡ ᠶᠢᠨ ᠬᠡᠪᠴᠢᠶᠡᠵᠢᠯ ᠲᠠᠰᠤᠷᠠᠯᠲᠠ ᠦᠭᠡᠢ ᠪᠤᠵᠠᠭᠠᠶᠢᠷᠠᠭᠰᠠᠨ ᠪᠠᠶᠢᠨ᠎ᠠ᠃ ᠨᠡᠶᠢᠰᠯᠡᠯ ᠬᠤᠲᠠ ᠶᠢᠨ ᠰᠢᠨ᠎ᠡ ᠡᠨᠧᠷᠭᠢ ᠶᠢᠨ ᠰᠠᠯᠬᠢᠨ ᠮᠠᠰᠢᠨ ᠤ ᠪᠦᠬᠦᠯᠢ ᠮᠠᠰᠢᠨ ᠢ ᠦᠢᠯᠡᠳᠬᠦ ᠲᠥᠷᠥᠯ ᠵᠦᠢᠯ ᠢ ᠦᠨᠳᠦᠰᠦᠨ ᠳᠤ ᠪᠠᠨ ᠪᠠᠶᠢᠭᠤᠯᠤᠨ ᠳᠠᠭᠤᠰᠬᠠᠭᠰᠠᠨ ᠪᠠᠶᠢᠨ᠎ᠠ᠃ ᠡᠷᠭᠢᠯᠲᠡᠲᠦ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠴᠢᠯᠡᠭᠡ ᠲᠥᠪᠯᠡᠷᠡᠭᠰᠡᠨ ᠲᠣᠭᠤᠷᠢᠭ᠂ ᠮᠠᠯ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠭᠡᠨ ᠤ ᠵᠦᠢᠯ ᠢ ᠪᠣᠯᠪᠠᠰᠤᠷᠠᠭᠤᠯᠬᠤ ᠬᠦᠷᠢᠶᠡᠯᠡᠩ᠂ ᠠᠵᠤ ᠦᠢᠯᠡᠳᠪᠦᠷᠢ ᠶᠢᠨ ᠰᠤᠷᠠᠭ ᠵᠠᠩᠭᠢᠵᠢᠯᠠᠭᠰᠨ ᠲᠠᠪᠴᠠᠩ ᠤᠨ ᠪᠦᠲᠦᠭᠡᠨ ᠪᠠᠶᠢᠭᠤᠯᠤᠯᠲᠠ ᠨᠢ ᠢᠳᠡᠪᠬᠢᠲᠡᠢ ᠠᠬᠢᠵᠤ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠳᠠᠭᠠᠭᠠᠴᠠ ᠶᠢᠨ ᠴᠢᠳᠠᠪᠤᠷᠢ ᠪᠣᠯᠣᠨ ᠦᠢᠯᠡᠴᠢᠯᠡᠭᠡ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠪᠣᠷᠣᠯᠠᠭᠤᠯᠭ᠎ᠠ ᠶᠢᠨ ᠣᠷᠣᠯᠭ᠎ᠠ ᠨᠢ 60 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃       ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠷᠬᠡᠢ ᠴᠢᠩᠭᠠᠷᠠᠭᠰᠠᠨ ᠪᠠᠶᠢᠨ᠎ᠠ᠃ ᠪᠦᠬᠦ ᠣᠷᠣᠨ ᠬᠡᠪᠴᠢᠶ᠎ᠡ ᠶᠢᠨ ᠵᠢᠭᠤᠯᠴᠢᠯᠠᠯ᠂ ᠭᠤᠷᠪᠠᠨ ᠠᠵᠤ ᠦᠢᠯᠡᠰ ᠤᠨ ᠠᠭᠤᠰᠤᠯᠴᠠᠯ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢ 18.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠯᠳᠠᠰᠤᠲᠠᠢ ᠶᠢᠨ ᠡᠮᠦᠨ᠎ᠡ ᠬᠥᠪᠡᠭᠡ ᠶᠢᠨ ᠬᠠᠯᠠᠭᠤᠨ ᠷᠠᠰᠢᠶᠠᠨ ᠤ ᠵᠢᠭᠤᠯᠴᠢᠯᠠᠯ ᠠᠮᠠᠷᠠᠯᠲᠠ ᠶᠢᠨ ᠲᠣᠭᠤᠷᠢᠭ᠂ ᠬᠤᠩᠭᠤ ᠶᠢᠨ ᠳᠠᠪᠠᠭ᠎ᠠ ᠶᠢᠨ ᠣᠯᠠᠨ ᠤᠯᠤᠰ ᠤᠨ ᠰᠡᠯᠡᠭᠦᠴᠡᠯ ᠵᠢᠭᠤᠯᠴᠢᠯᠠᠯ ᠤᠨ ᠣᠷᠣᠨ᠂ ᠤᠯᠠᠭᠠᠨᠪᠤᠲᠤᠩ ᠤᠨ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠲᠣᠭᠤᠷᠢᠭ᠂ ᠴᠢᠯᠠᠭᠤᠨ ᠣᠢ ᠶᠢᠨ ᠠᠮᠢᠳᠤᠷᠠᠯ ᠦᠢᠯᠡᠴᠢᠯᠡᠭᠡᠨ ᠤ ᠲᠣᠭᠤᠷᠢᠭ ᠪᠣᠯᠣᠨ ᠬᠤᠩ ᠱᠠᠨᠽᠢ ᠶᠢᠨ ᠲᠦᠮᠡᠨ ᠮᠦ ᠴᠡᠴᠡᠭ ᠤᠨ ᠳᠠᠯᠠᠢ᠂ ᠬᠠᠨ ᠰᠦᠷᠦᠭ ᠤᠨ ᠠᠮᠢ ᠠᠬᠤᠢ ᠶᠢᠨ ᠦᠵᠡᠮᠵᠢ ᠶᠢᠨ ᠮᠠᠯᠵᠢᠯ ᠤᠨ ᠲᠠᠯᠠᠪᠠᠢ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠯᠠᠪᠳᠠᠭᠤᠨ ᠢᠶᠠᠷ ᠬᠡᠷᠡᠭᠵᠢᠭᠦᠯᠵᠦ᠂ ᠭᠥᠨᠴᠥᠭᠲᠥ ᠵᠡᠷᠭᠡ 5 ᠭᠠᠴᠠᠭ᠎ᠠ ᠲᠣᠰᠬᠤᠨ  ᠨᠢ ︽ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ︾ ᠢᠶᠠᠷ ᠴᠣᠯᠠᠯᠠᠭᠳᠠᠵᠤ᠂ ᠪᠦᠬᠦ ᠬᠤᠰᠢᠭᠤᠨ ᠤ ᠠᠩᠬᠠᠳᠠᠭᠴᠢ ᠬᠡᠭᠡᠷ᠎ᠡ ᠶᠢᠨ ᠠᠮᠢᠲᠠᠨ ᠤ ᠬᠦᠷᠢᠶᠡᠯᠡᠩ ᠢ ᠪᠠᠶᠢᠭᠤᠯᠵᠤ ᠳᠠᠭᠤᠰᠬᠠᠨ ᠡᠵᠡᠩᠨᠡᠯᠲᠡ ᠡᠬᠢᠯᠡᠭᠦᠯᠵᠦ᠂ ᠴᠢᠯᠠᠭᠤᠨ ᠣᠢ ᠶᠢᠨ ᠤᠯᠤᠰ ᠤᠨ ᠳᠡᠰ ᠤᠨ 5A ᠳᠡᠰ ᠤᠨ ᠦᠵᠡᠮᠵᠢ ᠶᠢᠨ ᠣᠷᠣᠨ ᠢ ᠴᠣᠭᠴᠠᠯᠠᠬᠤ ᠠᠵᠢᠯ ᠨᠢ ᠰᠢᠯᠭᠠᠨ ᠬᠤᠷᠢᠶᠠᠬᠤ ᠱᠠᠲᠤᠨ ᠳᠤ ᠣᠷᠣᠵᠤ᠂ ︽ᠠᠽᠢᠶ᠎ᠠ ᠲᠢᠪ ᠤᠨ ᠬᠠᠮᠤᠭ ᠤᠨ ᠬᠦᠷᠢᠶᠡᠯᠡᠯ ᠲᠠᠢ ᠦᠵᠡᠮᠵᠢ ᠶᠢᠨ ᠣᠷᠣᠨ︾ ᠢᠶᠠᠷ ᠴᠣᠯᠠᠯᠠᠭᠳᠠᠭᠰᠠᠨ ᠪᠠᠶᠢᠨ᠎ᠠ᠃ ᠳᠠᠯᠠᠢ ᠨᠠᠭᠤᠷ ᠺᠣᠮᠫᠠᠨᠢ ᠶᠢᠨ ᠬᠤᠳᠠᠯᠳᠤᠨ ᠠᠪᠬᠤ ᠠᠵᠢᠯ ᠢ ᠤᠷᠤᠭᠰᠢᠲᠠᠢ ᠪᠡᠶᠡᠯᠡᠭᠦᠯᠵᠦ᠂ ᠬᠤᠰᠤᠲᠤ ᠬᠦᠷᠢᠶ᠎ᠡ᠂ ᠲᠢᠶᠠᠨ ᠲᠠᠢ ᠶᠥᠩ᠂ ᠪᠠᠭ᠎ᠠ ᠪᠠᠷᠠᠭᠤᠨ ᠭᠠᠵᠠᠷ ᠵᠡᠷᠭᠡ ᠦᠵᠡᠮᠵᠢ ᠶᠢᠨ ᠣᠷᠣᠨ ᠢ ᠨᠡᠶᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠤᠭᠰᠠᠨ ᠪᠠᠶᠢᠨ᠎ᠠ᠃ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠣᠨ ᠵᠢᠭᠤᠯᠴᠢᠯᠠᠯ ᠤᠨ ᠲᠣᠭᠤᠷᠢᠨ ᠰᠢᠭᠦᠬᠦ ᠬᠤᠷᠢᠶ᠎ᠠ ᠶᠢ ᠪᠠᠶᠢᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠦᠭᠰᠡᠨ ᠪᠠᠶᠢᠨ᠎ᠠ᠃ ᠬᠠᠤᠯᠢ ᠲᠣᠭᠲᠠᠭᠠᠯ ᠢ ᠵᠥᠷᠢᠴᠡᠨ ᠪᠦᠲᠦᠭᠡᠨ ᠪᠠᠶᠢᠭᠤᠯᠬᠤ᠂ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠳᠠᠬᠢ ᠶᠡᠷᠦᠩᠬᠡᠶᠢᠯᠡᠨ ᠴᠡᠭᠴᠡᠯᠡᠨ ᠵᠠᠰᠠᠬᠤ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ᠂ ᠪᠣᠯᠪᠠᠰᠤᠨ ᠵᠢᠭᠤᠯᠴᠢᠯᠠᠯ ᠤᠨ ᠠᠵᠢᠯᠯᠠᠭ᠎ᠠ ᠢᠯᠡᠷᠬᠡᠢ ᠰᠠᠶᠢᠵᠢᠷᠠᠭᠰᠠᠨ ᠪᠠᠶᠢᠨ᠎ᠠ᠃ ᠲᠠᠯ᠎ᠠ ᠨᠤᠲᠤᠭ ᠤᠨ ᠳᠠᠭᠤᠤ ᠬᠥᠭᠵᠢᠮ ᠤᠨ ᠪᠠᠶᠠᠷ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠭᠤᠣᠯ ᠰᠡᠳᠦᠪᠲᠦ ᠠᠵᠢᠯᠯᠠᠭᠠᠨ ᠢ ᠠᠮᠵᠢᠯᠲᠠ ᠲᠠᠢ ᠡᠷᠬᠢᠯᠡᠵᠦ᠂ ︽ᠳᠤᠮᠳᠠᠳᠤ ᠤᠯᠤᠰ ᠤᠨ ᠭᠡᠷᠡᠯ ᠵᠢᠷᠤᠭ ᠰᠡᠭᠦᠳᠡᠷᠯᠡᠬᠦ ᠠᠷᠪᠠᠨ ᠶᠡᠭᠡ ᠵᠢᠭᠤᠯᠴᠢᠯᠠᠯ ᠤᠨ ᠳᠠᠷᠬᠠᠨ ᠣᠷᠣᠨ︾ ᠪᠠ ︽ᠳᠤᠮᠳᠠᠳᠤ ᠤᠯᠤᠰ ᠤᠨ ᠭᠡᠷᠡᠯ ᠵᠢᠷᠤᠭ ᠰᠡᠭᠦᠳᠡᠷᠯᠡᠬᠦ ᠠᠷᠪᠠᠨ ᠶᠡᠭᠡ ᠰᠣᠩᠭᠤᠳᠠᠭ ᠵᠢᠭᠤᠯᠴᠢᠯᠠᠯ ᠤᠨ ᠣᠷᠣᠨ︾ ᠢᠶᠠᠷ ᠴᠣᠯᠠᠯᠠᠭᠳᠠᠭᠰᠠᠨ ᠪᠠᠶᠢᠨ᠎ᠠ᠃ ᠪᠦᠬᠦ ᠵᠢᠯ ᠳᠤ ᠵᠢᠭᠤᠯᠴᠢᠯᠠᠭᠴᠢᠳ ᠢ 520 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 50 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ ᠲᠤᠰᠪᠦᠷᠢ 10.6% ᠪᠠ 11.6% ᠪᠠᠷ ᠨᠡᠮᠡᠭᠳᠡᠭᠰᠡᠨ ᠪᠠᠶᠢᠨ᠎ᠠ᠃ ᠪᠦᠷᠢᠨ ᠰᠠᠶᠢᠬᠠᠨ ᠠᠮᠢᠳᠤᠷᠠᠯ ᠪᠦᠯᠦᠭᠯᠡᠯ ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠠᠵᠢᠯᠯᠠᠬᠤ ᠪᠦᠲᠦᠴᠡ ᠶᠢᠨ ᠬᠡᠯᠡᠯᠴᠡᠭᠡᠷ ᠢ ᠲᠣᠭᠲᠠᠵᠤ᠂ ᠡᠷᠡᠭᠦᠯ ᠴᠢᠭᠢᠷᠠᠭ ᠬᠡᠰᠢᠭᠲᠡᠨ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠡᠯᠧᠺᠲᠷᠣᠨ ᠬᠤᠳᠠᠯᠳᠤᠭ᠎ᠠ ᠶᠢᠨ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠯᠠᠪᠳᠠᠭᠤᠨ ᠢᠶᠠᠷ ᠬᠡᠷᠡᠭᠵᠢᠭᠦᠯᠵᠦ᠂ ᠬᠤᠰᠢᠭᠤᠨ ᠤ ᠱᠠᠲᠤᠨ ᠤ ᠡᠯᠧᠺᠲᠷᠣᠨ ᠬᠤᠳᠠᠯᠳᠤᠭ᠎ᠠ ᠶᠢᠨ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠪᠡᠶᠡᠳᠡᠨ ᠥᠩᠭᠡᠷᠡᠭᠦᠯᠬᠦ ᠣᠷᠳᠣᠨ᠂ ᠡᠯᠧᠺᠲᠷᠣᠨ ᠬᠤᠳᠠᠯᠳᠤᠭ᠎ᠠ ᠶᠢᠨ ᠪᠡᠶᠡᠳᠡᠨ ᠥᠩᠭᠡᠷᠡᠭᠦᠯᠬᠦ ᠳᠡᠯᠭᠡᠭᠦᠷ ᠢ ᠲᠤᠰᠪᠦᠷᠢ 1 ᠭᠠᠵᠠᠷ᠂ ᠭᠠᠴᠠᠭ᠎ᠠ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡ ᠶᠢᠨ ᠥᠷᠲᠡᠭᠡ 60 ᠶᠢ ᠪᠠᠶᠢᠭᠤᠯᠵᠤ᠂ ᠰᠦᠯᠵᠢᠶᠡᠨ ᠬᠤᠳᠠᠯᠳᠤᠭ᠎ᠠ ᠶᠢᠨ ᠲᠤᠭ᠎ᠠ 1311 ᠳᠤ ᠬᠦᠷᠴᠦ᠂ ᠡᠯᠧᠺᠲᠷᠣᠨ ᠬᠤᠳᠠᠯᠳᠤᠭ᠎ᠠ ᠶᠢᠨ ᠶᠠᠪᠤᠳᠠᠯ ᠤᠨ ᠰᠣᠯᠢᠯᠴᠠᠭ᠎ᠠ ᠶᠢᠨ ᠲᠤᠭ᠎ᠠ ᠨᠢ 4 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ ᠃ ᠪᠢᠷᠠᠭᠤ ᠪᠠᠯᠭᠠᠰᠤ ᠶᠢᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠦᠨᠳᠦᠰᠦᠨ ᠱᠠᠲᠤᠨ ᠤ ᠬᠤᠷᠰᠢᠶ᠎ᠠ ᠶᠢᠨ ᠬᠡᠪ ᠵᠢᠱᠢᠶ᠎ᠡ ᠪᠣᠯᠣᠭᠰᠠᠨ ᠪᠠᠶᠢᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠡᠯᠪᠡᠷᠢ ᠶᠢ ᠬᠤᠪᠢᠷᠠᠭᠤᠯᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠣᠯᠭᠠᠭᠰᠠᠨ ᠪᠠᠶᠢᠨ᠎ᠠ᠃       ︵ᠬᠤᠶᠠᠷ︶ ᠬᠤᠷᠢᠭ᠎ᠠ ᠱᠤᠭᠤᠮ ᠢ ᠰᠠᠬᠢᠬᠤ᠂ ᠰᠠᠭᠤᠷᠢ ᠶᠢ ᠪᠠᠲᠤᠳᠬᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃ ᠪᠦᠬᠦ ᠵᠢᠯ ᠳᠤ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ 3.5 ᠳ᠋ᠦᠩᠰᠢᠭᠤᠷ ᠲᠥᠭᠦᠷᠢᠭ ᠣᠷᠣᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠨ ᠣᠢ ᠰᠢᠭᠤᠢ ᠶᠢ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠬᠡᠪᠴᠢᠶᠡᠨ ᠳᠠᠬᠢ ᠨᠣᠭᠤᠭᠠᠷᠠᠭᠤᠯᠤᠯᠲᠠ ᠵᠡᠷᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠣᠶᠢᠵᠢᠭᠤᠯᠤᠯᠲᠠ ᠶᠢ 7.8 ᠲᠦᠮᠡᠨ ᠮᠦ᠂ ᠨᠡᠶᠢᠭᠡᠮ ᠠᠴᠠ ᠪᠢᠲᠡᠭᠦᠮᠵᠢᠯᠡᠨ ᠤᠷᠭᠤᠭᠤᠯᠬᠤ ᠶᠢ 5.9 ᠲᠦᠮᠡᠨ ᠮᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠢ ᠰᠢᠭᠤᠢ ᠶᠢᠨ ᠬᠠᠮᠠᠭᠠᠯᠠᠯᠲᠠ ᠶᠢ 687.3 ᠲᠦᠮᠡᠨ ᠮᠦ᠂ ᠨᠤᠭᠤ ᠭᠠᠵᠠᠷ ᠤᠨ ᠬᠠᠮᠠᠭᠠᠯᠠᠯᠲᠠ ᠶᠢ 175 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠣᠢ ᠰᠢᠭᠤᠢ ᠶᠢᠨ ᠪᠦᠷᠬᠦᠴᠡ ᠶᠢᠨ ᠨᠤᠷᠮ᠎ᠠ 35.62% ᠳᠤ ᠬᠦᠷᠦᠭᠰᠡᠨ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠬᠢᠭᠡᠳ ᠱᠠᠩᠨᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠤᠯᠢ ᠬᠡᠷᠡᠭᠵᠢᠭᠦᠯᠬᠦ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠨᠢ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠪᠢᠲᠡᠭᠦᠮᠵᠢᠯᠡᠨ ᠤᠷᠭᠤᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠴᠠ ᠵᠥᠷᠢᠴᠡᠭᠰᠡᠨ ᠬᠡᠷᠡᠭ ᠢ 2988 ᠤᠳᠠᠭ᠎ᠠ ᠪᠠᠶᠢᠴᠠᠭᠠᠨ ᠰᠢᠢᠳᠬᠡᠵᠦ᠂ ᠭᠠᠳᠠᠨ᠎ᠠ ᠶᠢᠨ ᠮᠠᠯ ᠢ 54 ᠲᠦᠮᠡᠨ ᠲᠤᠭ᠎ᠠ ᠲᠣᠯᠣᠭᠠᠢ ᠴᠡᠪᠡᠷᠯᠡᠭᠰᠡᠨ ᠪᠠᠶᠢᠨ᠎ᠠ᠃ ᠠᠭᠠᠷ ᠮᠠᠨᠳᠠᠯ᠂ ᠤᠰᠤ᠂ ᠬᠥᠷᠥᠰᠥ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯᠯᠠᠭ᠎ᠠ ᠶᠢᠨ ᠲᠥᠯᠥᠪᠯᠡᠭᠡ ᠶᠢ ᠡᠮᠬᠢ ᠴᠡᠭᠴᠡᠲᠡᠢ ᠥᠷᠨᠢᠭᠦᠯᠵᠦ ᠂ ᠨᠡᠭᠦᠷᠡᠰᠦ ᠲᠦᠯᠡᠬᠦ ᠵᠤᠤᠬ᠎ᠠ ᠶᠢ 51 ᠰᠠᠭᠤᠷᠢ ᠰᠢᠯᠢᠭᠳᠡᠭᠦᠯᠵᠦ᠂ ᠵᠤᠤᠬ᠎ᠠ ᠶᠢᠨ ᠲᠣᠭᠤᠰᠣ ᠶᠢ ᠠᠷᠢᠯᠭᠠᠬᠤ᠂ ᠬᠦᠬᠦᠷ ᠦᠭᠡᠶᠢᠳᠡᠭᠦᠯᠦᠨ ᠥᠭᠡᠷᠡᠴᠢᠯᠡᠨ ᠰᠠᠶᠢᠵᠢᠷᠠᠭᠤᠯᠬᠤ ᠶᠢ 125 ᠰᠠᠭᠤᠷᠢ ᠪᠡᠶᠡᠯᠡᠭᠦᠯᠵᠦ᠂ ᠪᠢᠷᠠᠭᠤ ᠪᠠᠯᠭᠠᠰᠤ ᠲᠣᠭᠤᠷᠢᠭ ᠤᠨ 10 ᠲᠣᠨ ᠠᠴᠠ ᠳᠣᠷᠣᠭᠰᠢᠬᠢ ᠨᠡᠭᠦᠷᠡᠰᠦ ᠲᠦᠯᠡᠬᠦ ᠵᠤᠤᠬ᠎ᠠ ᠶᠢ ᠪᠦᠬᠦᠨ ᠢ ᠴᠡᠪᠡᠷᠯᠡᠵᠦ᠂ ᠭᠤᠷᠪᠠᠨ ᠲᠥᠷᠥᠯ ᠤᠨ ᠪᠣᠬᠢᠷᠲᠤᠭᠤᠯᠤᠯ ᠪᠣᠳᠠᠰ ᠢ ᠨᠡᠶᠢᠲᠡ 1292.36 ᠲᠣᠨ ᠬᠠᠰᠤᠭᠳᠠᠭᠤᠯᠤᠭᠰᠠᠨ ᠪᠠᠶᠢᠨ᠎ᠠ᠃ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠠᠰᠢᠭᠯᠠᠵᠤ ᠪᠣᠯᠬᠤ ᠤᠰᠤ ᠶᠢ ᠡᠭᠡᠭᠦᠯᠦᠨ ᠠᠰᠢᠭᠯᠠᠬᠤ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 3 ᠠᠭᠤᠷᠬᠠᠢ ᠶᠢᠨ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠶᠡᠷᠦᠩᠬᠡᠶᠢᠯᠡᠨ ᠵᠠᠰᠠᠬᠤ ᠵᠢᠴᠢ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠭᠤᠣᠯ ᠤᠨ ᠳᠠᠷᠤᠭ᠎ᠠ ᠶᠢᠨ ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠪᠠᠶᠢᠨ᠎ᠠ᠃ ᠴᠢᠯᠠᠭᠤ ᠮᠠᠯᠲᠠᠬᠤ᠂ ᠭᠤᠣᠯ ᠤᠨ ᠵᠠᠮ ᠠᠴᠠ ᠡᠯᠡᠰᠦ ᠮᠠᠯᠲᠠᠬᠤ ᠲᠥᠷᠥᠯ ᠤᠨ 216 ᠠᠵᠤ ᠠᠬᠤᠶᠢᠯᠠᠯ ᠢ ᠬᠠᠤᠯᠢ ᠶᠣᠰᠣ ᠪᠠᠷ ᠡᠵᠡᠩᠨᠡᠯᠲᠡ ᠶᠢ ᠵᠣᠭᠰᠣᠭᠠᠬᠤ ᠪᠤᠶᠤ ᠦᠢᠯᠡᠳᠪᠦᠷᠢᠯᠡᠯ ᠢ ᠵᠣᠭᠰᠣᠭᠠᠨ ᠴᠡᠭᠴᠡᠯᠡᠨ ᠵᠠᠰᠠᠭᠰᠠᠨ ᠪᠠᠶᠢᠨ᠎ᠠ᠃       ︵ᠭᠤᠷᠪᠠ︶ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠠᠭᠤᠷᠢ ᠶᠢ ᠪᠠᠬᠢᠵᠢᠭᠦᠯᠦᠨ᠂ ᠳᠤᠲᠠᠭᠳᠠᠯ ᠢᠶᠠᠨ ᠨᠥᠬᠦᠪᠦᠷᠢᠯᠡᠵᠦ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠦᠷᠭᠦᠯᠵᠢᠯᠡᠨ ᠰᠠᠶᠢᠵᠢᠷᠠᠭᠰᠠᠨ ᠪᠠᠶᠢᠨ᠎ᠠ᠃ ᠪᠢᠷᠠᠭᠤ ᠪᠠᠯᠭᠠᠰᠤ ᠶᠢᠨ ᠤᠰᠤ ᠬᠠᠩᠭᠠᠬᠤ ᠢᠨᠵᠧᠨᠧᠷᠢᠩ ᠤᠨ ᠤᠰᠤᠨ ᠦᠢᠯᠡᠳᠪᠦᠷᠢ ᠶᠢᠨ ᠭᠤᠣᠯ ᠴᠣᠭᠴᠠ᠂ ᠯᠢ ᠾᠧ ᠢᠯᠴᠢ ᠴᠠᠬᠢᠯᠭᠠᠨ ᠤ ᠬᠤᠯᠪᠣᠭᠠᠲᠤ ᠦᠢᠯᠡᠳᠪᠦᠷᠢᠯᠡᠯ ᠤᠨ ᠴᠢᠯᠠᠭᠤ ᠰᠢᠷᠣᠢ ᠶᠢᠨ ᠪᠠᠷᠢᠯᠭ᠎ᠠ ᠶᠢᠨ ᠠᠵᠢᠯ᠂ ᠭᠤᠣᠯ ᠬᠤᠲᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠨ ᠢᠯᠴᠢ ᠰᠣᠯᠢᠯᠴᠠᠭᠤᠯᠬᠤ ᠥᠷᠲᠡᠭᠡ ᠵᠢᠴᠢ ᠬᠤᠶᠠᠳᠤᠭᠠᠷ ᠵᠡᠷᠭᠡ ᠶᠢᠨ ᠬᠤᠭᠤᠯᠠᠢ ᠶᠢᠨ ᠲᠣᠣᠷᠵᠢᠯ ᠢ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠢᠷᠠᠭᠤ ᠵᠢᠷᠭᠤᠳᠤᠭᠠᠷ ᠵᠡᠭᠡᠯᠢ ᠪᠢᠷᠠᠭᠤ ᠳᠣᠯᠣᠳᠤᠭᠠᠷ ᠵᠡᠭᠡᠯᠢ ᠶᠢ ᠨᠡᠪᠲᠡᠷᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠵᠡᠭᠦᠨ ᠲᠣᠭᠤᠷᠢᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠪᠠᠷ ᠠᠬᠢᠭᠤᠯᠤᠭᠰᠠᠨ ᠪᠠᠶᠢᠨ᠎ᠠ᠃ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠮᠠᠯᠵᠢᠬᠤ ᠣᠷᠣᠨ ᠤ ᠭᠤᠣᠯᠳᠠᠯᠭ᠎ᠠ ᠲᠠᠢ ᠬᠤᠰᠢᠭᠤ ᠰᠢᠶᠠᠨ ᠢ ᠴᠣᠭᠴᠠᠯᠠᠬᠤ᠂ ᠸᠠᠨ ᠾᠧ ᠶᠥᠩ ᠪᠠᠯᠭᠠᠰᠤ ᠶᠢᠨ ᠭᠥᠨᠴᠥᠭᠲᠥ ᠶᠢᠨ ᠭᠤᠣᠯ ᠤᠨ ᠵᠠᠮ ᠢ ᠵᠠᠰᠠᠬᠤ᠂ ︽ᠲᠠᠪᠦ‍ ᠨᠢᠭᠡ ᠤᠰᠤᠯᠠᠯᠲᠠ ᠶᠢᠨ ᠲᠣᠭᠤᠷᠢᠭ︾ ᠤᠨ ᠨᠢᠭᠡᠳᠦᠭᠡᠷ ᠬᠤᠭᠤᠴᠠᠭ᠎ᠠ᠂ ᠪᠢᠷᠠᠭᠤ ᠪᠠᠯᠭᠠᠰᠤ ᠶᠢᠨ ᠭᠠᠩ ᠢ ᠡᠰᠡᠷᠭᠦᠴᠡᠬᠦ ᠪᠠᠴᠢᠮ ᠠᠷᠭᠠᠴᠠᠭᠠᠬᠤ ᠤᠰᠤᠨ ᠰᠤᠷᠪᠤᠯᠵᠢ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃ ᠳ᠋ᠠᠨᠳᠦ᠋ᠩ ᠠᠴᠠ ᠰᠢᠯᠢᠩᠬᠤᠲᠠ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠪᠢᠷᠠᠭᠤ ᠠᠴᠠ ᠳ᠋ᠠᠪᠠᠨ ᠬᠦᠷᠬᠦ ᠬᠡᠰᠡᠭ ᠢ ᠡᠮᠬᠢ ᠴᠡᠭᠴᠡᠲᠡᠢ ᠠᠬᠢᠭᠤᠯᠵᠤ᠂ ᠪᠢᠷᠠᠭᠤ ᠠᠴᠠ ᠤᠯᠠᠭᠠᠨᠪᠤᠲᠤᠩ ᠬᠦᠷᠬᠦ᠂ ᠪᠢᠷᠠᠭᠤ ᠠᠴᠠ ᠭᠦᠨᠴᠦᠬᠡᠨ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠨᠢ ᠰᠤᠳᠤᠯᠵᠤ ᠪᠣᠯᠬᠤᠶᠢᠴᠠ ᠵᠥᠪᠰᠢᠶᠡᠷᠡᠯ ᠢ ᠣᠯᠵᠤ᠂ ᠮᠤᠵᠢ ᠶᠢᠨ ᠵᠠᠮ 304 ᠱᠤᠭᠤᠮ ᠤᠨ ᠤᠯᠠᠭᠠᠨᠪᠤᠲᠤᠩ ᠠᠴᠠ ᠰᠧ ᠳ᠋ᠣᠣ ᠾᠧ ᠽᠢ ᠬᠦᠷᠬᠦ ᠬᠡᠰᠡᠭ ᠤᠨ ᠭᠠᠵᠠᠷ ᠲᠠᠲᠠᠪᠤᠷᠢᠯᠠᠨ ᠨᠡᠭᠦᠯᠭᠡᠨ ᠰᠢᠯᠵᠢᠭᠦᠯᠬᠦ ᠠᠵᠢᠯ ᠢ ᠪᠡᠶᠡᠯᠡᠭᠦᠯᠵᠦ᠂ ᠵᠠᠰᠠᠮᠠᠯ ᠵᠠᠮ ᠤᠨ ᠲᠡᠷᠭᠡ ᠨᠡᠪᠲᠡᠷᠡᠬᠦ ᠵᠠᠮ ᠤᠨ ᠤᠷᠲᠤ ᠶᠢ 255 ᠺᠢᠯᠣᠮᠧᠲᠷ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ︔ ᠵᠢᠨᠢᠩ ᠠᠴᠠ ᠲᠦᠩᠯᠢᠶᠣᠣ ᠬᠦᠷᠬᠦ ᠳᠠᠪᠬᠤᠷ ᠱᠤᠭᠤᠮ ᠤᠨ ᠭᠦᠨᠴᠦᠬᠡᠨ ᠠᠴᠠ ᠮᠥᠩᠭᠦᠨᠲᠠᠯ᠎ᠠ ᠬᠦᠷᠬᠦ ᠬᠡᠰᠡᠭ ᠤᠨ ᠱᠠᠲᠤᠴᠢ ᠴᠢᠨᠠᠷᠲᠠᠢ ᠪᠠᠷ ᠲᠡᠷᠭᠡ ᠨᠡᠪᠲᠡᠷᠡᠭᠦᠯᠬᠦ ᠶᠢ ᠪᠡᠶᠡᠯᠡᠭᠦᠯᠦᠭᠰᠡᠨ ᠪᠠᠶᠢᠨ᠎ᠠ︔ ᠤᠯᠠᠭᠠᠨᠪᠤᠲᠤᠩ᠂ ᠠᠰᠬᠠᠲᠤ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠴᠣᠬᠤᠯᠠᠪᠤᠷᠢᠯᠠᠯ ᠤᠨ ᠪᠢᠴᠢᠭ ᠮᠠᠲ᠋ᠧᠷᠢᠶᠠᠯ ᠢ ᠣᠯᠣᠭᠰᠠᠨ ᠪᠠᠶᠢᠨ᠎ᠠ᠃ ᠬᠦᠴᠦᠳᠡᠯ ᠬᠤᠪᠢᠰᠬᠠᠬᠤ ᠥᠷᠲᠡᠭᠡ ᠶᠢ 4 ᠰᠠᠭᠤᠷᠢ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠵᠠᠮ ᠱᠤᠭᠤᠮ ᠢ 127.2 ᠺᠢᠯᠣᠮᠧᠲᠷ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠨ᠎ᠠ︔ ᠴᠢᠮᠡᠭᠡ ᠬᠤᠯᠪᠣᠭ᠎ᠠ ᠶᠢᠨ ᠰᠠᠭᠤᠷᠢ ᠥᠷᠲᠡᠭᠡ ᠶᠢ 77 ᠰᠠᠭᠤᠷᠢ ᠰᠢᠨ᠎ᠡ ᠪᠠᠷ ᠪᠠᠶᠢᠭᠤᠯᠵᠤ᠂ ᠭᠡᠷᠡᠯᠯᠢᠭ ᠤᠲᠠᠰᠤ ᠶᠢ 1105 ᠺᠢᠯᠣᠮᠧᠲᠷ ᠳᠡᠪᠢᠰᠦᠭᠰᠡᠨ ᠪᠠᠶᠢᠨ᠎ᠠ᠃       ︵ᠳᠥᠷᠪᠡ︶ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠨ ᠠᠷᠠᠳ ᠲᠤ ᠵᠣᠯ ᠵᠢᠷᠭᠠᠯ ᠣᠯᠭᠤᠨ ᠂ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠮᠡᠳᠡᠭᠳᠡᠮ᠎ᠡ ᠴᠢᠩᠭᠠᠷᠠᠭᠰᠠᠨ ᠪᠠᠶᠢᠨ᠎ᠠ᠃ ᠠᠷᠠᠳ ᠤᠨ ᠠᠮᠢᠳᠤᠷᠠᠯ ᠤᠨ ᠵᠠᠷᠤᠯᠭ᠎ᠠ 45.71 ᠳ᠋ᠦᠩᠰᠢᠭᠤᠷ ᠲᠥᠭᠦᠷᠢᠭ ᠪᠠᠶᠢᠵᠤ᠂ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 77.3% ᠶᠢ ᠡᠵᠡᠯᠡᠵᠦ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠦᠬᠦ ᠵᠢᠯ ᠳᠤ ᠡᠯ᠎ᠡ ᠲᠥᠷᠥᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ 2.4 ᠳ᠋ᠦᠩᠰᠢᠭᠤᠷ ᠲᠥᠭᠦᠷᠢᠭ ᠣᠷᠣᠭᠤᠯᠤᠨ᠂ ᠮᠠᠯ ᠠᠵᠤ ᠠᠬᠤᠢ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ 9000 ᠲᠦᠮᠡᠨ ᠲᠥᠭᠦᠷᠢᠭ ᠨᠡᠶᠢᠯᠡᠭᠦᠯᠦᠨ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢ 1.5 ᠳ᠋ᠦᠩᠰᠢᠭᠤᠷ ᠲᠥᠭᠦᠷᠢᠭ ᠲᠠᠷᠬᠠᠭᠠᠵᠤ᠂ ᠠᠵᠤ ᠦᠢᠯᠡᠰ᠂ ᠣᠨᠳᠣᠣ ᠭᠠᠵᠠᠷ ᠨᠡᠭᠦᠯᠭᠡᠨ ᠰᠢᠯᠵᠢᠭᠦᠯᠬᠦ᠂ ᠮᠥᠩᠭᠦᠨ ᠭᠦᠢᠯᠭᠡᠭᠡ᠂ ᠡᠷᠡᠭᠦᠯ ᠴᠢᠭᠢᠷᠠᠭ᠂ ᠰᠤᠷᠭᠠᠨ ᠬᠥᠮᠥᠵᠢᠯ᠂ ᠨᠡᠶᠢᠭᠡᠮ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠳᠠᠭᠠᠳᠬᠠᠯ᠂ ᠡᠷᠡᠭᠦᠯ ᠴᠢᠭᠢᠷᠠᠭ ᠢᠶᠠᠷ ᠶᠠᠳᠠᠭᠤ ᠶᠢ ᠲᠡᠳᠬᠦᠬᠦ ᠬᠠᠶᠢᠷ᠎ᠠ ᠬᠠᠯᠠᠮᠵᠢ ᠶᠢᠨ ᠰᠠᠭᠤᠷᠢ ᠮᠥᠩᠭᠦ ᠵᠡᠷᠭᠡ ᠣᠯᠠᠨ ᠳᠠᠪᠬᠤᠴᠠᠯᠳᠤ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢᠨ ᠰᠢᠰᠲ᠋ᠧᠮ ᠢ ᠪᠠᠶᠢᠭᠤᠯᠵᠤ᠂ 2974 ᠡᠷᠦᠬᠡ ᠶᠢᠨ 5937 ᠶᠠᠳᠠᠭᠤ ᠬᠦᠴᠢᠷᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠬᠤ᠂ 18 ᠶᠠᠳᠠᠭᠤ ᠬᠦᠴᠢᠷᠲᠡᠢ ᠭᠠᠴᠠᠭ᠎ᠠ ᠲᠣᠰᠬᠤᠨ ᠢ ᠶᠠᠳᠠᠭᠤ ᠠᠴᠠ ᠠᠩᠭᠢᠵᠢᠷᠠᠭᠤᠯᠤᠨ ᠶᠠᠳᠠᠭᠤ ᠬᠦᠴᠢᠷᠲᠡᠢ ᠶᠢᠨ ᠨᠡᠷᠡᠰ ᠠᠴᠠ ᠭᠠᠷᠭᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠨ᠎ᠠ᠃ ᠠᠵᠢᠯ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠪᠣᠯᠣᠨ ᠠᠵᠢᠯ ᠦᠢᠯᠡᠰ ᠪᠣᠰᠬᠠᠬᠤ ᠶᠢ ᠬᠥᠮᠥᠵᠢᠭᠦᠯᠬᠦ ᠰᠠᠭᠤᠷᠢᠨ ᠭᠠᠵᠠᠷ 1 ᠶᠢ ᠰᠢᠨ᠎ᠡ ᠪᠠᠷ ᠪᠠᠶᠢᠭᠤᠯᠵᠤ᠂ ᠬᠤᠲᠠ ᠪᠠᠯᠭᠠᠰᠤ ᠶᠢᠨ 1503 ᠬᠥᠮᠥᠨ᠂ ᠠᠵᠢᠯ ᠣᠯᠬᠤ ᠳᠤ ᠬᠦᠴᠢᠷᠲᠡᠢ 276 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦ ᠶᠢ ᠰᠢᠯᠵᠢᠭᠦᠯᠦᠨ 40158 ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 522 ᠶᠢ ᠨᠡᠭᠡᠭᠡᠵᠦ᠂ ᠨᠥᠬᠦᠪᠦᠷᠢ ᠮᠥᠩᠭᠦ ᠶᠢ 278.5 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤ ᠶᠢᠨ ᠠᠵᠢᠯ ᠠᠯᠳᠠᠬᠤ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠵᠤ᠂ ᠠᠵᠢᠯ ᠦᠭᠡᠢ ᠭᠡᠷ ᠪᠦᠯᠢ ᠪᠦᠬᠦᠨ ᠳᠤ ᠠᠵᠢᠯ ᠣᠯᠭᠤᠬᠤ ᠶᠢ ᠪᠡᠶᠡᠯᠡᠭᠦᠯᠦᠭᠰᠡᠨ ᠪᠠᠶᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ 20 ᠲᠥᠭᠦᠷᠢᠭ ᠨᠡᠮᠡᠭᠳᠡᠭᠦᠯᠵᠦ᠂ ᠠᠵᠤ ᠠᠬᠤᠶᠢᠯᠠᠯ ᠤᠨ ᠠᠵᠢᠯ ᠠᠴᠠ ᠪᠠᠭᠤᠭᠰᠠᠨ ᠪᠠ ᠠᠮᠠᠷᠠᠭᠰᠠᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ 137.47 ᠲᠥᠭᠦᠷᠢᠭ ᠨᠡᠮᠡᠭᠳᠡᠭᠦᠯᠦᠭᠰᠡᠨ ᠪᠠᠶᠢᠨ᠎ᠠ᠃ ᠬᠤᠲᠠ ᠪᠠᠯᠭᠠᠰᠤ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠰᠠᠷ᠎ᠠ ᠪᠦᠷᠢ 498 ᠲᠥᠭᠦᠷᠢᠭ ᠪᠠᠶᠢᠭᠰᠠᠨ ᠠᠴᠠ 573 ᠲᠥᠭᠦᠷᠢᠭ ᠪᠣᠯᠭᠠᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠢᠯ ᠪᠦᠷᠢ 3308 ᠲᠥᠭᠦᠷᠢᠭ ᠪᠠᠶᠢᠭᠰᠠᠨ ᠠᠴᠠ 3800 ᠲᠥᠭᠦᠷᠢᠭ ᠪᠣᠯᠭᠠᠨ ᠳᠡᠭᠡᠭᠰᠢᠯᠡᠭᠦᠯᠦᠭᠰᠡᠨ ᠪᠠᠶᠢᠨ᠎ᠠ᠃ ᠲᠤ ᠴᠧᠩᠽᠢ ᠶᠢᠨ ︽8.11︾ ᠬᠤᠢ ᠰᠠᠯᠬᠢᠨ ᠤ ᠭᠠᠮᠰᠢᠭ ᠠᠴᠠ ᠠᠪᠤᠷᠠᠨ ᠳᠠᠬᠢᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠪᠠᠶᠢᠨ᠎ᠠ᠃       ︵ᠲᠠᠪᠤ︶ ᠨᠢᠭᠡᠳᠦᠯᠲᠡᠢ ᠲᠥᠯᠥᠪᠯᠡᠨ ᠨᠡᠶᠢᠳᠡᠮ ᠳᠤ ᠬᠠᠷᠠᠭᠠᠯᠵᠠᠨ ᠪᠠᠭᠤᠷᠠᠢ ᠲᠠᠯ᠎ᠠ ᠪᠠᠨ ᠴᠢᠩᠭᠠᠳᠬᠠᠨ᠂ ᠵᠣᠬᠢᠴᠠᠩᠭᠤᠢ ᠶᠢ ᠠᠬᠢᠭᠤᠯᠵᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠭᠰᠠᠨ ᠪᠠᠶᠢᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠦ ᠬᠥᠭᠵᠢᠯᠲᠡ ᠨᠢ ᠤᠯᠤᠰ ᠤᠨ ᠬᠢᠨᠠᠨ ᠦᠨᠡᠯᠡᠵᠦ ᠰᠢᠯᠭᠠᠨ ᠬᠤᠷᠢᠶᠠᠬᠤ ᠪᠠᠶᠢᠴᠠᠭᠠᠯᠲᠠ ᠶᠢ ᠳᠠᠪᠠᠵᠤ᠂ ᠠᠩᠬ᠎ᠠ ᠳᠤᠮᠳᠠᠳᠤ ᠶᠢᠨ ᠲᠡᠭᠦᠰᠬᠦ ᠰᠢᠯᠭᠠᠯᠲᠠ ᠶᠢᠨ ᠶᠡᠷᠦᠩᠬᠡᠶᠢᠯᠡᠭᠰᠡᠨ ᠬᠢᠷᠢ ᠪᠦᠲᠦᠮᠵᠢ ᠨᠢ ᠭᠤᠷᠪᠠᠨ ᠵᠢᠯ ᠳᠠᠷᠠᠭᠠᠯᠠᠨ ᠪᠦᠬᠦ ᠬᠤᠲᠠ ᠳᠤ ᠲᠡᠷᠢᠭᠦᠯᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ 2᠂ ᠡᠷᠡᠭᠦᠯ ᠬᠠᠮᠠᠭᠠᠯᠠᠯ ᠤᠨ ᠲᠣᠰᠬᠤᠨ 12 ᠢ ᠴᠣᠭᠴᠠᠯᠠᠭᠰᠠᠨ ᠪᠠᠶᠢᠨ᠎ᠠ᠃ ᠠᠩᠬᠠᠳᠤᠭᠠᠷ ᠬᠤᠭᠤᠴᠠᠭᠠᠨ ᠤ ᠳᠠᠯᠠᠢ ᠨᠠᠭᠤᠷ ᠢ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ᠂ ᠤᠯᠠᠭᠠᠨᠬᠠᠳᠠ ᠬᠤᠲᠠ ᠶᠢᠨ ᠲᠠᠪᠤᠳᠤᠭᠠᠷ ᠬᠤᠭᠤᠴᠠᠭᠠᠨ ᠤ ᠮᠣᠩᠭᠤᠯ ᠪᠥᠬᠡ ᠶᠢᠨ ᠲᠡᠮᠡᠴᠡᠭᠡᠨᠲᠦ ᠤᠷᠤᠯᠳᠤᠭᠠᠨ ᠵᠡᠷᠭᠡ ᠠᠵᠢᠯᠯᠠᠭᠠᠨ ᠢ ᠠᠮᠵᠢᠯᠲᠠ  ᠲᠠᠢ ᠡᠷᠬᠢᠯᠡᠵᠦ᠂ ᠭᠡᠷ ᠤᠨ ᠭᠠᠳᠠᠨ᠎ᠠ ᠪᠡᠶ᠎ᠡ ᠴᠢᠭᠢᠷᠠᠭᠵᠢᠭᠤᠯᠬᠤ ᠲᠣᠨᠤᠭ ᠲᠥᠬᠦᠭᠡᠷᠦᠮᠵᠢ ᠶᠢ 16 ᠢᠵᠢ ᠤᠭᠰᠠᠷᠠᠭᠰᠠᠨ ᠪᠠᠶᠢᠨ᠎ᠠ᠃ ᠨᠣᠮ ᠤᠨ ᠰᠠᠩ ᠤᠨ ᠰᠠᠯᠪᠤᠷᠢ ᠥᠷᠥᠭᠡ 3 ᠭᠠᠵᠠᠷ᠂ ᠮᠣᠩᠭᠤᠯ ᠶᠤᠸᠠᠨ ᠤ ᠰᠣᠶᠣᠯ ᠤᠨ ᠦᠵᠡᠭᠦᠯᠦᠯᠭᠡ ᠶᠢᠨ ᠲᠢᠩᠬᠢᠮ 1 ᠭᠠᠵᠠᠷ ᠰᠢᠨ᠎ᠡ ᠪᠠᠷ ᠪᠠᠶᠢᠭᠤᠯᠵᠤ᠂ ᠤᠯᠠᠭᠠᠨᠮᠥ᠋ᠴᠢᠷ ᠤᠨ ᠤᠳᠬ᠎ᠠ ᠤᠷᠠᠯᠢᠭ ᠢ ᠬᠥᠳᠡᠭᠡ ᠬᠦᠷᠭᠡᠬᠦ ᠲᠣᠭᠯᠠᠯᠲᠠ ᠶᠢ 160 ᠭᠠᠷᠤᠢ ᠲᠠᠯᠠᠪᠠᠢ ᠲᠣᠭᠯᠠᠵᠤ᠂ ᠮᠣᠩᠭᠤᠯ ᠦᠨᠳᠦᠰᠦᠲᠡᠨ ᠤ ᠳᠠᠭᠤᠯᠠᠯᠲᠤ ᠵᠦᠴᠦᠭᠡ ︽ᠥᠨᠢᠳᠡ ᠪᠠᠳᠠᠷᠠᠨ ᠳᠡᠯᠭᠡᠷᠡᠬᠦ ᠭᠠᠴᠤᠷ᠎ᠠ︾ ᠨᠢ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠣᠢ ᠶᠢ ᠪᠡᠯᠭᠡᠯᠡᠬᠦ ᠶᠣᠰᠣᠯᠠᠯ ᠵᠢᠴᠢ ᠥᠪᠥᠷ ᠮᠣᠩᠭᠤᠯ ᠤᠨ ᠳᠣᠯᠣᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠮᠥᠩᠭᠦᠨ ᠮᠧᠲᠡᠯ ᠢ ᠬᠦᠷᠲᠡᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠳᠤ ᠷᠠᠳᠢᠣ᠋ ᠲᠧᠯᠸᠢᠰ ᠢ ᠪᠦᠷᠬᠦᠭᠦᠯᠬᠦ ᠶᠢ ᠪᠡᠶᠡᠯᠡᠭᠦᠯᠵᠦ᠂ ︽ᠥᠷᠭᠡᠨ ᠪᠦᠰᠡᠲᠦ ᠬᠥᠳᠡᠭᠡ ᠲᠣᠰᠬᠤᠨ︾ ᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠤᠭᠰᠠᠨ ᠪᠠᠶᠢᠨ᠎ᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠶᠢ ᠲᠦᠭᠡᠮᠡᠯᠵᠢᠭᠦᠯᠬᠦ ᠠᠵᠢᠯ ᠡᠮᠬᠢ ᠴᠡᠭᠴᠡᠲᠡᠢ ᠶᠠᠪᠤᠭᠳᠠᠵᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠭᠰᠡᠨ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ ᠶᠢ ᠠᠮᠵᠢᠯᠲᠠ ᠲᠠᠢ ᠳᠠᠪᠠᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠤᠮᠳᠠᠭᠠᠨ ᠪᠠ ᠡᠮ᠂ ᠨᠡᠶᠢᠭᠡᠮ ᠤᠨ ᠠᠮᠤᠷ ᠢ ᠬᠠᠮᠠᠭᠠᠯᠠᠬᠤ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠣᠯᠣᠭᠰᠠᠨ ᠪᠠᠶᠢᠨ᠎ᠠ᠃ ᠬᠢᠨᠠᠨ ᠪᠣᠳᠣᠯᠲᠠ᠂ ᠲᠤᠭ᠎ᠠ ᠪᠦᠷᠢᠳᠬᠡᠯ᠂ ᠡᠮᠡᠭᠲᠡᠶᠢᠴᠦᠳ ᠪᠠ ᠬᠡᠦᠬᠡᠳ ᠪᠠᠭᠠᠴᠤᠳ᠂ ᠦᠨᠳᠦᠰᠦᠲᠡᠨ ᠱᠠᠰᠢᠨ ᠰᠤᠷᠲᠠᠬᠤᠨ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠳᠠᠩᠰᠠ ᠡᠪᠬᠡᠮᠡᠯ ᠵᠡᠷᠭᠡ ᠡᠯ᠎ᠡ ᠲᠥᠷᠥᠯ ᠤᠨ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠭᠰᠠᠨ ᠪᠠᠶᠢᠨ᠎ᠠ᠃       ︵ᠵᠢᠷᠭᠤᠭ᠎ᠠ︶ ᠪᠦᠬᠦ ᠬᠦᠴᠦᠨ ᠢᠶᠠᠷ ᠥᠭᠡᠷᠡᠴᠢᠯᠡᠯᠲᠡ ᠶᠢ ᠠᠳᠬᠤᠨ᠂ ᠴᠢᠯᠦᠭᠡᠲᠡᠢ ᠶᠠᠪᠤᠯᠴᠠᠬᠤ ᠶᠢ ᠠᠬᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠲᠦᠷᠭᠡᠨ ᠰᠢᠯᠢᠳᠡᠭᠵᠢᠭᠰᠡᠨ ᠪᠠᠶᠢᠨ᠎ᠠ᠃  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠯᠠᠪᠳᠠᠭᠤᠨ ᠢᠶᠠᠷ ᠠᠬᠢᠵᠤ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠵᠣᠭᠤᠰ ᠮᠥᠩᠭᠦ ᠥᠭᠴᠦ ᠲᠥᠪᠬᠢᠨᠡᠭᠦᠯᠬᠦ ᠶᠢ 677 ᠢᠵᠢ ᠪᠡᠶᠡᠯᠡᠭᠦᠯᠦᠭᠰᠡᠨ ᠪᠠᠶᠢᠨ᠎ᠠ︔ ᠠᠵᠤ ᠠᠬᠤᠶᠢᠯᠠᠯ ᠤᠨ ᠴᠠᠬᠢᠯᠭᠠᠨ ᠤ ᠦᠨ᠎ᠡ ᠶᠢ 1292.75 ᠲᠦᠮᠡᠨ ᠲᠥᠭᠦᠷᠢᠭ ᠨᠥᠬᠦᠪᠦᠷᠢᠯᠡᠭᠰᠡᠨ ᠪᠠ ᠠᠷᠪᠢᠯᠠᠭᠰᠠᠨ ᠪᠠᠶᠢᠨ᠎ᠠ︔ ᠪᠠᠩᠬᠢ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ 1.42% ᠪᠣᠯᠭᠠᠨ ᠪᠠᠭᠤᠷᠠᠭᠤᠯᠵᠤ᠂ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠷᠣᠭᠰᠢᠯᠠᠭᠤᠯᠤᠭᠰᠠᠨ ᠪᠠᠶᠢᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠯᠠᠪᠳᠠᠭᠤᠨ ᠪᠠᠲᠤᠲᠠᠢ ᠥᠷᠨᠢᠵᠦ᠂ ᠪᠦᠬᠦ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠰᠠᠨ ᠬᠡᠪᠴᠢᠶᠡᠵᠢᠭᠰᠡᠨ ᠲᠤᠷᠰᠢᠯᠲᠠ ᠶᠢᠨ ᠴᠢᠭ᠋ ᠪᠣᠯᠣᠭᠰᠠᠨ ᠪᠠᠶᠢᠨ᠎ᠠ᠃ ︽ᠲᠠᠪᠤᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠳ᠋ᠤᠭᠠᠷ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 2656 ᠡᠷᠦᠬᠡ᠂ ᠳᠠᠩᠰᠠᠯᠠᠭᠰᠠᠨ ᠬᠥᠷᠥᠩᠭᠡ 33.35 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠪᠡᠯᠡ ᠣᠷᠣᠭᠤᠯᠬᠤ ᠪᠠ ᠪᠡᠯᠡ ᠨᠡᠶᠢᠯᠡᠭᠦᠯᠬᠦ ᠰᠢᠰᠲ᠋ᠧᠮ ᠲᠡᠭᠦᠯᠳᠡᠷᠵᠢᠬᠦ ᠬᠠᠨᠳᠤᠰᠢ ᠲᠠᠢ ᠪᠠᠶᠢᠵᠤ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠰᠣᠯᠢᠯᠴᠠᠭ᠎ᠠ ᠶᠢᠨ ᠲᠥᠪ ᠤᠨ ᠬᠡᠰᠢᠭᠲᠡᠨ ᠬᠤᠰᠢᠭᠤᠨ ᠳᠠᠬᠢ ᠠᠵᠢᠯ ᠤᠨ ᠥᠷᠲᠡᠭᠡ ᠵᠢᠩᠬᠢᠨᠢ ᠪᠠᠷ ᠪᠠᠶᠢᠭᠤᠯᠤᠭᠳᠠᠵᠤ᠂ ᠲᠠᠯ᠎ᠠ ᠨᠤᠲᠤᠭ ᠤᠨ ᠶᠢᠨ ᠹᠧᠩ ᠵᠡᠷᠭᠡ 6 ᠪᠠᠭ᠎ᠠ ᠵᠢᠵᠢᠭ ᠠᠵᠤ ᠠᠬᠤᠶᠢᠯᠠᠯ ᠨᠢ ᠣᠷᠣᠨ ᠬᠡᠪᠴᠢᠶ᠎ᠡ ᠶᠢᠨ ᠰᠲ᠋ᠣᠺ ᠤᠨ ᠡᠷᠬᠡ ᠶᠢᠨ ᠰᠣᠯᠢᠯᠴᠠᠭ᠎ᠠ ᠶᠢᠨ ᠲᠥᠪ ᠤᠨ ᠦᠵᠡᠭᠦᠯᠦᠯᠭᠡ ᠶᠢᠨ ᠰᠠᠮᠪᠠᠷ᠎ᠠ ᠳᠤ ᠠᠮᠵᠢᠯᠲᠠ ᠲᠠᠢ ᠪᠠᠷ ᠫᠠᠶᠢᠰᠠ ᠡᠯᠭᠦᠭᠰᠡᠨ ᠪᠠᠶᠢᠨ᠎ᠠ︔ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠬᠤ ᠵᠢᠭᠡᠯᠡᠯᠭᠡ ᠶᠢᠨ ᠲᠤᠷᠰᠢᠯᠲᠠ ᠶᠢᠨ ᠴᠢᠭ᠋ ᠤᠨ ᠠᠵᠢᠯ ᠤᠨ ᠦᠷ᠎ᠡ ᠪᠦᠲᠦᠮᠵᠢ ᠢᠯᠡᠷᠬᠡᠢ᠃ ᠡᠮ ᠡᠮᠨᠡᠯᠭᠡ ᠶᠢᠨ ᠪᠠᠶᠢᠭᠤᠯᠤᠮᠵᠢ ᠪᠣᠯᠣᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠬᠤᠰᠢᠭᠤ ᠬᠡᠪᠴᠢᠶ᠎ᠡ᠂ ᠣᠷᠣᠨ ᠬᠡᠪᠴᠢᠶ᠎ᠡ ᠶᠢᠨ ᠡᠮ ᠡᠮᠨᠡᠯᠭᠡ ᠶᠢᠨ ᠬᠤᠯᠪᠣᠭᠠᠲᠤ ᠴᠣᠭᠴᠠ 10 ᠶᠢ ᠪᠠᠶᠢᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶ᠎ᠠ ᠪᠣᠯᠣᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠡᠮ ᠤᠨ ᠵᠦᠢᠯ ᠤᠨ ᠪᠣᠷᠣᠯᠠᠭᠤᠯᠭ᠎ᠠ ᠶᠢᠨ ᠦᠨ᠎ᠡ ᠶᠢᠨ ᠵᠥᠷᠢᠶ᠎ᠡ ᠦᠭᠡᠢ ᠪᠠᠶᠢᠬᠤ ᠶᠢ ᠪᠡᠶᠡᠯᠡᠭᠦᠯᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠭᠦᠨᠵᠡᠭᠡᠢ ᠠᠬᠢᠵᠤ᠂ ᠬᠢᠨᠠᠨ ᠪᠠᠶᠢᠴᠠᠭᠠᠬᠤ ᠵᠥᠪᠯᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢᠨ ᠲᠥᠪ ᠪᠣᠯᠣᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠦᠭᠰᠡᠨ ᠪᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠬᠦᠴᠦᠲᠡᠢ ᠠᠬᠢᠵᠤ᠂ ᠪᠦᠬᠦ ᠵᠢᠯ ᠳᠤ 40 ᠲᠥᠷᠥᠯ ᠵᠦᠢᠯ ᠢ ᠲᠣᠭᠲᠠᠭᠠᠵᠤ᠂ ᠶᠡᠷᠦᠩᠬᠡᠢ ᠪᠡᠯᠡ ᠣᠷᠤᠭᠤᠯᠤᠯᠲᠠ ᠨᠢ 223.86 ᠳ᠋ᠦᠩᠰᠢᠭᠤᠷ ᠲᠥᠭᠦᠷᠢᠭ ᠬᠦᠷᠴᠦ᠂ ᠤᠯᠤᠰ ᠤᠨ ᠳᠣᠲᠣᠭᠠᠳᠤ ᠣᠷᠣᠨ ᠤ ᠭᠠᠳᠠᠨᠠᠬᠢ ᠪᠡᠯᠡ ᠮᠥᠩᠭᠦ ᠶᠢ ᠨᠡᠶᠢᠲᠡ 31 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠬᠤᠲᠠ ᠠᠴᠠ ᠪᠠᠭᠤᠯᠭᠠᠭᠰᠠᠨ ᠭᠦᠢᠴᠡᠳᠬᠡᠯ ᠲᠤᠭ᠎ᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃       ︵ᠳᠣᠯᠤᠭ᠎ᠠ︶ ᠰᠤᠷᠲᠠᠯ ᠢ ᠬᠤᠪᠢᠷᠠᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠤᠷᠲᠤ ᠤᠳᠠᠭᠠᠨ ᠢᠶᠠᠷ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠭᠰᠠᠨ ᠪᠠᠶᠢᠨ᠎ᠠ᠃ ︽ᠬᠤᠶᠠᠷ ᠢ ᠰᠤᠷᠤᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ ᠠᠵᠢᠯᠯᠠᠭᠠᠨ ᠢ ᠪᠠᠶᠢᠩᠭᠤᠵᠢᠭᠤᠯᠬᠤ ᠪᠠ ᠳᠦᠷᠢᠮᠴᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠠᠵᠢᠯᠯᠠᠭᠠᠨ ᠢ ᠪᠦᠬᠦ ᠲᠠᠯ᠎ᠠ ᠪᠠᠷ ᠥᠷᠨᠢᠭᠦᠯᠦᠭᠰᠡᠨ ᠪᠠᠶᠢᠨ᠎ᠠ᠃ ︽ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠪᠣᠯᠣᠨ ︽ᠬᠤᠶᠠᠷ ᠬᠠᠷᠢᠭᠤᠴᠠᠯᠭ᠎ᠠ︾ ᠶᠢᠨ ᠨᠠᠷᠢᠨ ᠳᠠᠩᠰᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠥᠪᠥᠷ ᠮᠣᠩᠭᠤᠯ ᠳᠠᠬᠢ ︽ᠠᠵᠢᠯ ᠢᠶᠠᠨ ᠡᠷᠭᠢᠴᠡᠭᠦᠯᠬᠦ︾ ᠲᠣᠭᠤᠷᠢᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠡᠰᠢᠭᠲᠡᠨ ᠬᠤᠰᠢᠭᠤᠨ ᠳᠠᠬᠢ ᠲᠣᠭᠤᠷᠢᠨ ᠪᠠᠶᠢᠴᠠᠭᠠᠯᠲᠠ ᠶᠢᠨ ᠲᠤᠰᠬᠠᠯ ᠰᠠᠨᠠᠯ ᠢᠶᠠᠷ ᠴᠡᠭᠴᠡᠯᠡᠨ ᠵᠠᠯᠠᠷᠠᠭᠤᠯᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠵᠠᠰᠠᠭ ᠤᠨ ᠰᠤᠷᠲᠠᠯ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠠᠵᠢᠯ ᠤᠨ ᠰᠤᠷᠲᠠᠯ᠂ ᠦᠨᠡᠨ ᠪᠣᠳᠠᠲᠠᠢ ᠶᠢ ᠡᠷᠬᠢᠮᠯᠡᠬᠦ ᠬᠡᠪ ᠰᠤᠷᠲᠠᠯ ᠢᠯᠡᠷᠬᠡᠢ ᠰᠠᠶᠢᠵᠢᠷᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠦᠢᠯᠡᠴᠢᠯᠡᠭᠡ ᠶᠢᠨ ᠵᠦᠢᠯᠡᠰ ᠢ 17.22 ᠲᠦᠮᠡᠨ ᠵᠦᠢᠯ ᠲᠥᠪᠯᠡᠷᠡᠭᠦᠯᠦᠨ ᠬᠦᠯᠢᠶᠡᠨ ᠰᠢᠢᠳᠪᠦᠷᠢᠯᠡᠭᠰᠡᠨ ᠪᠠ ᠰᠢᠢᠳᠪᠦᠷᠢᠯᠡᠨ ᠳᠠᠭᠤᠰᠬᠠᠭᠰᠠᠨ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠢ 31 ᠵᠦᠢᠯ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 32 ᠵᠦᠢᠯ ᠰᠢᠢᠳᠪᠦᠷᠢᠯᠡᠭᠰᠡᠨ ᠪᠠᠶᠢᠨ᠎ᠠ᠃       ᠲᠥᠯᠥᠭᠡᠯᠡᠭᠴᠢᠳ ᠡ᠂ ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ᠂ ᠬᠦᠴᠦ ᠬᠥᠯᠥᠰᠦ ᠤᠷᠤᠰᠬᠠᠪᠠᠯ ᠣᠯᠣᠯᠲᠠ ᠳᠠᠭᠠᠯᠳᠤᠳᠠᠭ᠂ ᠥᠩᠭᠡᠷᠡᠭᠰᠡᠨ ᠨᠢᠭᠡ ᠵᠢᠯ ᠳᠤ᠂ ᠪᠢᠳᠠ ᠵᠣᠷᠢᠭᠲᠠᠢ ᠪᠠᠷ ᠬᠦᠴᠢᠷ ᠪᠡᠷᠬᠡ ᠳᠤ ᠬᠠᠨᠳᠤᠨ᠂ ᠵᠣᠷᠢᠭᠲᠠᠢ ᠪᠠᠷ ᠥᠷᠢᠰᠦᠯᠳᠦᠭᠡᠨ ᠢ ᠤᠭᠲᠤᠨ᠂ ᠵᠥᠷᠢᠴᠡᠯ ᠪᠣᠯᠣᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠢᠯᠪᠠᠷ ᠪᠤᠰᠤ ᠬᠢᠷᠢ ᠪᠦᠲᠦᠮᠵᠢ ᠣᠯᠵᠤ᠂ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠲᠠᠯ᠎ᠠ ᠶᠢᠨ ᠬᠠᠷᠠᠴᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠪᠣᠯᠣᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠣᠨ ᠡᠯ᠎ᠡ ᠡᠲᠡᠭᠡᠳ ᠤᠨ ᠴᠢᠩᠭ᠎ᠠ ᠬᠢᠨᠠᠯᠲᠠ ᠲᠠᠯᠪᠢᠨ᠂ ᠠᠷᠭ᠎ᠠ ᠪᠣᠳᠣᠯᠭ᠎ᠠ ᠭᠠᠷᠭᠠᠨ᠂ ᠬᠦᠴᠦᠲᠡᠢ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠪᠣᠯᠣᠨ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠪᠦᠯᠬᠦᠮᠳᠡᠨ ᠴᠢᠷᠮᠠᠶᠢᠵᠤ᠂ ᠬᠠᠲᠠᠭᠤᠵᠢᠯᠲᠠᠢ ᠲᠡᠮᠡᠴᠡᠭᠰᠡᠨ ᠤ ᠦᠶ᠎ᠡ ᠳ᠋ᠦᠩ ᠪᠣᠯᠣᠨ᠎ᠠ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ ᠬᠡᠰᠢᠭᠲᠡᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠢᠨ ᠳᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕        ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ᠂ ᠬᠥᠭᠵᠢᠯᠲᠡ ᠶᠢᠨ ᠳᠤᠮᠳᠠ ᠪᠠᠰᠠ ᠨᠢᠭᠡ ᠪᠦᠯᠦᠭ ᠤᠮᠲᠤᠭᠠᠶᠢᠯᠠᠵᠤ ᠪᠣᠯᠣᠰᠢ ᠦᠭᠡᠢ ᠵᠥᠷᠢᠴᠡᠯ ᠪᠣᠯᠣᠨ ᠠᠰᠠᠭᠤᠳᠠᠯ ᠣᠷᠣᠰᠢᠵᠤ ᠪᠠᠶᠢᠭ᠎ᠠ ᠶᠢ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠄ ᠨᠢᠭᠡ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠣᠯᠣᠨ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠭᠤᠷᠣᠨᠳᠤᠬᠢ ᠵᠥᠷᠢᠶ᠎ᠡ ᠮᠥᠨ ᠬᠦ ᠯᠤᠲᠤ ᠶᠡᠭᠡ ᠪᠤᠢ᠃ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠵᠤ᠂ ᠬᠥᠭᠵᠢᠯᠲᠡ ᠳᠤᠲᠠᠮᠠᠭ ᠪᠠᠶᠢᠭ᠎ᠠ ᠬᠤᠰᠢᠭᠤᠨ ᠤ ᠪᠠᠶᠢᠳᠠᠯ ᠦᠨᠳᠦᠰᠦᠨ ᠠᠴᠠ ᠪᠠᠨ ᠥᠭᠡᠷᠡᠴᠢᠯᠡᠭᠳᠡᠭᠰᠡᠨ ᠦᠭᠡᠢ ᠪᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠨᠡᠮᠡᠭᠳᠡᠯ ᠤᠨ ᠬᠦᠴᠦᠨ ᠪᠠ ᠨᠥᠭᠡᠴᠡ ᠬᠦᠴᠦᠨ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠮᠠᠰᠢ ᠲᠣᠪᠣᠶᠢᠮ᠎ᠠ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠠᠷᠢᠴᠠᠩᠭᠤᠢ ᠤᠳᠠᠭᠠᠨ ᠪᠤᠢ᠃ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ᠂ ᠨᠡᠷᠡᠲᠦ ᠲᠡᠮᠳᠡᠭᠴᠢᠯᠡᠯᠲᠡ ᠶᠢᠨ ᠦᠷ᠎ᠡ ᠠᠰᠢᠭ ᠢᠯᠡᠷᠬᠡᠢ ᠪᠤᠰᠤ︔ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠯᠬᠢᠶ᠎ᠡ ᠣᠬᠤᠷ᠂ ᠲᠥᠪᠯᠡᠷᠡᠯ ᠤᠨ ᠦᠢᠯᠡᠳᠦᠯ ᠪᠣᠯᠣᠨ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠴᠢᠳᠠᠪᠤᠷᠢ ᠬᠦᠴᠦᠷᠬᠡᠭ ᠪᠤᠰᠤ︔ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠢ ᠬᠤᠴᠣᠷᠤᠩᠭᠤᠢ ᠪᠠᠶᠢᠵᠤ᠂ ᠠᠵᠤ ᠦᠢᠯᠡᠰ ᠤᠨ ᠠᠭᠤᠰᠤᠯᠴᠠᠯ ᠤᠨ ᠬᠡᠮᠵᠢᠶ᠎ᠡ ᠳᠣᠣᠷ᠎ᠠ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠤᠢ᠃ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠡᠷᠭᠢᠯᠲᠡ ᠬᠦᠴᠢᠷ ᠪᠠᠶᠢᠵᠤ᠂ ᠤᠯᠠᠮᠵᠢᠯᠠᠯᠲᠤ ᠭᠠᠶᠢᠯᠢ ᠶᠢᠨ ᠢᠷᠡᠯᠲᠡ ᠬᠠᠰᠤᠭᠳᠠᠵᠤ᠂ ᠰᠢᠨ᠎ᠡ ᠭᠠᠶᠢᠯᠢ ᠶᠢᠨ ᠢᠷᠡᠯᠲᠡ ᠬᠠᠷᠠᠬᠠᠨ ᠦᠷ᠎ᠡ ᠪᠦᠲᠦᠮᠵᠢ ᠶᠢᠨ ᠪᠠᠷᠢᠮᠵᠢᠶ᠎ᠠ ᠳᠤ ᠬᠦᠷᠦᠭᠡ ᠦᠭᠡᠢ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠭᠰᠠᠨ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠵᠠᠶᠢᠯᠠᠰᠢ ᠦᠭᠡᠢ ᠵᠠᠷᠤᠯᠭ᠎ᠠ ᠨᠡᠮᠡᠭᠳᠡᠭᠰᠡᠨ ᠵᠥᠷᠢᠴᠡᠯ ᠡᠳᠦᠷ ᠢᠷᠡᠬᠦᠶ᠎ᠡ ᠬᠤᠷᠴᠠᠳᠤᠭᠰᠠᠨ ᠪᠠᠶᠢᠨ᠎ᠠ᠃ ᠳᠥᠷᠪᠡ ᠳᠤ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠪᠤᠢ᠃ ᠠᠮᠢ ᠠᠬᠤᠢ ᠶᠢᠨ ᠬᠠᠮᠠᠭᠠᠯᠠᠯᠲᠠ ᠶᠢᠨ ᠴᠢᠩᠭ᠎ᠠ ᠬᠤᠷᠢᠭ᠎ᠠ ᠬᠢᠵᠠᠭᠠᠷᠯᠠᠯ ᠦᠷᠭᠦᠯᠵᠢᠯᠡᠨ ᠴᠢᠩᠭᠠᠷᠠᠵᠤ᠂ ᠠᠭᠤᠷᠬᠠᠢ ᠶᠢᠨ ᠦᠢᠯᠡᠰ ᠵᠡᠷᠭᠡ ᠬᠦᠷᠢᠶ᠎ᠡ ᠬᠡᠪᠴᠢᠶᠡᠨ ᠳᠠᠬᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠯᠡᠳᠡᠭᠳᠡᠯ ᠥᠷᠢ ᠥᠭᠴᠡᠭᠡ ᠨᠡᠯᠢᠶᠡᠳ ᠣᠯᠠᠨ ᠪᠠᠶᠢᠵᠤ᠂ ᠵᠠᠰᠠᠨ ᠰᠡᠷᠭᠦᠭᠡᠬᠦ ᠬᠦᠴᠢᠷᠳᠡᠯᠭᠡ ᠶᠡᠭᠡ ᠪᠠᠶᠢᠵᠤ᠂ ᠪᠣᠬᠢᠷᠲᠤᠯ ᠦᠭᠡᠢ ᠬᠥᠭᠵᠢᠯᠲᠡ ᠶᠢᠨ ᠡᠭᠦᠷᠭᠡ ᠬᠦᠨᠳᠦ ᠠᠶᠠᠨ ᠬᠤᠯᠠ ᠪᠠᠶᠢᠭᠰᠠᠭᠠᠷ᠃ ᠲᠠᠪᠤ ᠳᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ ᠴᠢᠬᠤᠯᠠᠲᠠᠢ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠨᠢ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠣᠯᠭ᠎ᠠ ᠯᠤᠭ᠎ᠠ ᠬᠠᠷᠠᠬᠠᠨ ᠭᠦᠢᠴᠡᠳ ᠵᠣᠬᠢᠴᠠᠭ᠎ᠠ ᠦᠭᠡᠢ ᠪᠠᠶᠢᠵᠤ᠂ ᠣᠨᠴᠠ ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠡᠭᠦᠷᠭᠡᠯᠡᠬᠦ ᠤᠬᠠᠮᠰᠠᠷ ᠪᠣᠯᠣᠨ ᠦᠢᠯᠡᠴᠢᠯᠡᠭᠡ ᠶᠢᠨ ᠤᠬᠠᠮᠰᠠᠷ ᠴᠢᠩᠭ᠎ᠠ ᠪᠤᠰᠤ᠂ ᠠᠵᠢᠯ ᠦᠢᠯᠡᠰ ᠪᠣᠰᠬᠠᠬᠤ ᠵᠣᠷᠢᠭ᠂ ᠢᠲᠡᠭᠡᠯ ᠪᠣᠯᠣᠨ ᠬᠥᠳᠡᠯᠭᠡᠭᠴᠢ ᠬᠦᠴᠦᠨ ᠬᠦᠷᠦᠯᠴᠡᠬᠦ ᠦᠭᠡᠢ᠂ ᠠᠵᠢᠯ ᠢ ᠠᠬᠢᠭᠤᠯᠬᠤ ᠬᠦᠴᠦᠯᠡᠴᠡ ᠬᠦᠷᠦᠯᠴᠡᠬᠦ ᠦᠭᠡᠢ ᠪᠠᠶᠢᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠮᠥᠨ ᠬᠦ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠃ ᠡᠭᠦᠨ ᠳᠤ᠂ ᠪᠢᠳᠡ ᠡᠷᠬᠡᠪᠰᠢ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠪᠣᠯᠣᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号