ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠬᠡᠪ ᠤᠨ ᠲᠤᠬᠢᠷᠠᠭᠤᠯᠤᠯᠲᠠ ᠶᠢᠨ ᠲᠤᠭᠲᠠᠴᠠ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2018/4/10
ᠪᠠᠲᠤᠯᠠᠭ᠎ᠠ ᠶᠢᠨ ᠲᠦᠪᠰᠢᠨ ᠨᠡᠯᠢᠶᠡᠳ ᠲᠤᠤᠷ᠎ᠠ ᠪᠠᠶᠢᠬᠤ ᠰᠦᠢᠳᠭᠡᠯ ᠲᠤᠰᠢᠶᠠᠬᠤ ᠶᠢ ᠵᠤᠷᠢᠬᠵᠢᠭᠤᠯᠵᠤ ᠬᠢᠵᠠᠭᠠᠷᠯᠠᠬᠤ ᠲᠤᠭᠲᠠᠴᠠ ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠢ ᠰᠢᠢᠳᠪᠤᠷᠢᠯᠡᠬᠦ ᠬᠡᠷᠡᠭᠲᠠᠢ             ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ             ᠮᠦᠩᠬᠦ ᠶᠢᠨ ᠬᠡᠪ ᠤᠨ ᠲᠤᠬᠢᠷᠠᠭᠤᠯᠤᠯᠲᠠ ᠶᠢᠨ ᠲᠤᠭᠲᠠᠴᠠ ᠶᠢ ᠪᠠᠶᠢᠭᠤᠯᠤᠨ᠎ᠠ                         ᠲᠠᠶᠢᠯᠤᠮᠵᠢ ᠬᠢᠭᠴᠢ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ                         ᠪᠠᠲᠤᠯᠠᠭ᠎ᠠ ᠶᠢᠨ ᠶᠠᠮᠤᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ       ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠲᠠᠭᠠᠳᠬᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠲᠠᠭᠠᠳᠬᠠᠯ ᠢ 2009 ᠤᠨ ᠪᠠ 2011 ᠤᠨ ᠳᠤ ᠲᠤᠰ ᠲᠤᠰ ᠡᠬᠢᠯᠡᠵᠤ ᠲᠤᠷᠰᠢᠨ ᠬᠡᠷᠡᠭᠵᠢᠬᠦᠯᠦᠭᠰᠡᠨ ᠠᠴᠠ ᠠᠪᠤᠭᠠᠳ ᠨᠡᠶᠢᠳᠡᠮ ᠬᠡᠷᠡᠭᠵᠢᠬᠦᠯᠬᠦ ᠪᠤᠯᠳᠠᠯ᠎ᠠ᠂ ᠲᠠᠬᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ  ᠤᠨ ᠠᠰᠠᠷᠠᠮᠵᠢ ᠶᠢᠨ ᠲᠠᠭᠠᠳᠬᠠᠯ ᠤᠨ ᠨᠢᠭᠡᠳᠦᠯᠲᠠᠢ ᠲᠦᠷᠢᠮ ᠢ ᠪᠠᠶᠢᠭᠤᠯᠲᠠᠯ᠎ᠠ ᠠᠷᠠᠢ 10 ᠵᠢᠯ ᠪᠤᠯᠤᠭᠠᠲᠤᠢ ᠲᠤᠯᠠ ᠡᠨᠡ ᠬᠦ ᠠᠮᠵᠢᠯᠲᠠ ᠪᠦᠲᠦᠮᠵᠢ ᠨᠢ ᠦᠨᠡᠭᠡᠷ ᠬᠢᠯᠪᠠᠷ ᠪᠤᠰᠤ ᠪᠠᠷ ᠢᠷᠡᠭᠰᠡᠨ ᠶᠤᠮ᠃ ᠬᠡᠪᠡᠴᠦ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠪᠠᠰᠠ ᠪᠠᠲᠤᠯᠠᠭ᠎ᠠ ᠶᠢᠨ ᠲᠦᠪᠰᠢᠨ ᠨᠡᠯᠢᠶᠡᠳ ᠲᠤᠤᠷ᠎ᠠ ᠪᠠᠶᠢᠬᠤ᠂ ᠬᠠᠷᠠᠮᠵᠢ ᠲᠤᠭᠲᠠᠭᠠᠬᠤ ᠪᠠ ᠬᠡᠪ ᠤᠨ ᠲᠤᠬᠢᠷᠠᠭᠤᠯᠤᠯᠲᠠ ᠬᠢᠬᠦ ᠲᠤᠭᠲᠠᠴᠠ ᠨᠢ ᠬᠠᠷᠠᠬᠠᠨ ᠪᠦᠷᠢᠨᠰᠢᠭᠡᠳᠤᠢ ᠪᠠᠶᠢᠬᠤ᠂ ᠰᠦᠢᠳᠭᠡᠯ ᠲᠤᠰᠢᠶᠠᠬᠤ ᠶᠢ ᠵᠤᠷᠢᠬᠵᠢᠭᠤᠯᠵᠤ ᠬᠢᠵᠠᠭᠠᠷᠯᠠᠬᠤ ᠲᠤᠭᠲᠠᠴᠠ ᠨᠢ ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠤᠷᠤᠰᠢᠵᠤ ᠪᠠᠶᠢᠨ᠎ᠠ᠃       ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠪᠦᠬᠦ ᠤᠯᠤᠰ ᠤᠨ ᠰᠠᠭᠤᠷᠢ ᠨᠠᠰᠤᠵᠢᠯ ᠤᠨ ᠠᠰᠠᠷᠠᠮᠵᠢ  ᠶᠢᠨ ᠮᠦᠩᠬᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠬᠦ ᠲᠦᠰᠦᠯ ᠢ ᠲᠤᠬᠢᠷᠠᠭᠰᠠᠨ ᠴᠠᠭ  ᠲᠤᠨᠢ ᠲᠤᠷᠠᠳᠤᠨ ᠭᠠᠷᠭᠠᠨ᠎ᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ  ᠶᠢᠨ ᠲᠠᠭᠠᠳᠬᠠᠯ ᠳᠤ ᠤᠷᠤᠰᠢᠵᠤ ᠪᠠᠶᠢᠭ᠎ᠠ ᠠᠰᠠᠭᠤᠳᠠᠯ ᠢ ᠲᠤᠤᠷᠠᠬᠢ ᠬᠡᠳᠤᠨ ᠲᠠᠯ᠎ᠠ ᠪᠠᠷ ᠰᠢᠢᠳᠪᠤᠷᠢᠯᠡᠨ᠎ᠡ᠄       ᠬᠠᠷᠠᠮᠵᠢ ᠲᠤᠭᠲᠠᠭᠠᠬᠤ ᠲᠤᠭᠲᠠᠴᠠ ᠶᠢ ᠲᠡᠬᠦᠯᠳᠡᠷᠵᠢᠬᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ  ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠬᠠᠷᠠᠮᠵᠢ ᠨᠢ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠪᠠ ᠬᠤᠪᠢ ᠬᠦᠮᠦᠨ ᠤ ᠲᠠᠩᠰᠠᠨ ᠡᠷᠦᠭᠡ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠠᠴᠠ ᠨᠡᠶᠢᠯᠡᠵᠤ ᠪᠦᠲᠦᠨ᠎ᠡ᠂ ᠵᠢᠯᠤᠭᠤᠳᠬᠤ ᠰᠠᠨᠠᠯ ᠳᠤ ᠡᠳᠡᠭᠡᠷ ᠬᠠᠷᠠᠮᠵᠢ ᠶᠢ ᠲᠤᠭᠲᠠᠭᠠᠬᠤ ᠲᠤᠭᠲᠠᠴᠠ ᠶᠢ ᠤᠯᠠᠮ ᠨᠢᠭᠡ ᠠᠯᠬᠤᠮ ᠲᠤᠳᠤᠷᠬᠠᠢ ᠪᠤᠯᠭᠠᠵᠠᠢ᠃ ᠲᠦᠪ ᠠᠴᠠ ᠪᠦᠬᠦ ᠤᠯᠤᠰ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ  ᠶᠢᠨ ᠲᠤᠬᠢᠷᠠᠭᠤᠯᠵᠤ ᠪᠤᠯᠬᠤ ᠤᠷᠤᠯᠭ᠎ᠠ ᠪᠠ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠵᠤ᠂ ᠪᠦᠬᠦ ᠤᠯᠤᠰ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠵᠤᠬᠢᠰᠲᠠᠢ ᠲᠤᠭᠲᠠᠭᠠᠨ᠎ᠠ︔ ᠤᠷᠤᠨ ᠨᠤᠳᠤᠭ ᠲᠤᠬᠠᠢ ᠶᠢᠨ ᠭᠠᠵᠠᠷ ᠤᠨ ᠢᠶᠠᠨ ᠪᠤᠲᠠᠲᠠᠢ ᠪᠠᠶᠢᠳᠠᠯ ᠢ ᠦᠨᠳᠦᠰᠦᠯᠡᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠤ᠂ ᠬᠤᠲᠠ ᠬᠦᠳᠡᠭᠡ ᠶᠢᠨ 65 ᠨᠠᠰᠤᠲᠠᠢ ᠪᠠ 65 ᠨᠠᠰᠤ ᠶᠢ ᠲᠠᠪᠠᠭᠰᠠᠨ ᠨᠠᠰᠤᠲᠠᠶᠢᠴᠤᠳ ᠲᠤ ᠵᠤᠬᠢᠬᠤ ᠬᠡᠮᠵᠢᠶ᠎ᠡ ᠪᠠᠷ ᠢᠯᠡᠬᠦᠦ ᠬᠠᠷᠠᠭᠠᠯᠵᠠᠯ ᠦᠵᠡᠬᠦᠯᠦᠨ᠎ᠡ︔ ᠤᠷᠳᠤ ᠬᠤᠭᠤᠴᠠᠭ᠎ᠠ ᠪᠠᠷ ᠰᠦᠢᠳᠭᠡᠯ ᠲᠤᠰᠢᠶᠠᠭᠰᠠᠳ᠂ ᠰᠦᠢᠳᠭᠡᠯ ᠲᠤᠰᠢᠶᠠᠬᠤ ᠨᠠᠭᠠᠳᠤ ᠵᠠᠬ᠎ᠠ ᠶᠢᠨ ᠤᠨ ᠤ ᠬᠢᠵᠠᠭᠠᠷ ᠠᠴᠠ ᠲᠠᠪᠠᠭᠰᠠᠳ ᠲᠤ ᠤᠨ ᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠨᠡᠮᠡᠵᠤ ᠤᠯᠭᠤᠬᠤ ᠬᠡᠷᠡᠭᠲᠠᠢ᠃ ᠡᠯ᠎ᠡ ᠭᠠᠵᠠᠷ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠨᠡᠮᠡᠭᠳᠡᠬᠦᠯᠬᠦ ᠪᠠ ᠤᠨ ᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠨᠡᠮᠡᠵᠤ ᠤᠯᠭᠤᠬᠤ ᠳᠤ ᠬᠡᠷᠡᠭᠰᠡᠬᠦ ᠪᠡᠯᠡ ᠮᠦᠩᠬᠦ ᠶᠢ ᠤᠷᠤᠨ ᠨᠤᠳᠤᠭ ᠤᠨ ᠡᠳ᠋ ᠤᠨ ᠵᠠᠰᠠᠭ ᠠᠴᠠ ᠭᠠᠷᠭᠠᠨ᠎ᠠ᠃ ᠬᠤᠪᠢ ᠬᠦᠮᠦᠨ ᠤ ᠲᠠᠩᠰᠠ ᠡᠷᠦᠭᠡ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠬᠤᠪᠢ ᠬᠦᠮᠦᠨ ᠤ ᠲᠠᠩᠰᠠᠨ ᠡᠷᠦᠭᠡ ᠶᠢᠨ ᠬᠠᠳᠠᠭᠠᠯᠠᠮᠵᠢ ᠶᠢᠨ ᠮᠦᠩᠬᠦ  ᠶᠢ ᠤᠯᠭᠤᠬᠤ ᠢᠯᠡᠳᠭᠡᠮᠵᠢ ᠪᠠᠷ ᠬᠤᠪᠢᠶᠠᠵᠤ ᠲᠤᠭᠲᠠᠭᠠᠨ᠎ᠠ᠂ ᠤᠯᠭᠤᠬᠤ ᠢᠯᠡᠳᠭᠡᠮᠵᠢ ᠨᠢ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠬᠤᠪᠢ ᠬᠦᠮᠦᠨ ᠤ ᠲᠠᠩᠰᠠᠨ ᠡᠷᠦᠭᠡ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠤᠯᠭᠤᠬᠤ ᠢᠯᠡᠳᠭᠡᠮᠵᠢ ᠲᠠᠢ ᠠᠳᠠᠯᠢ ᠶᠤᠮ᠃       ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠬᠡᠪ ᠤᠨ ᠲᠤᠬᠢᠷᠠᠭᠤᠯᠤᠯᠲᠠ ᠶᠢᠨ ᠲᠤᠭᠲᠠᠴᠠ ᠶᠢ ᠪᠠᠶᠢᠭᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠡᠳ᠋ ᠤᠨ ᠵᠠᠰᠠᠭ ᠤᠨ ᠶᠠᠮᠤᠨ ᠲᠠᠢ ᠬᠠᠮᠳᠤᠷᠠᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ᠂ ᠪᠠᠷᠠᠭᠠᠨ ᠤ ᠦᠨ᠎ᠡ ᠶᠢᠨ ᠬᠤᠪᠢᠷᠠᠯᠲᠠ ᠪᠠ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠵᠡᠷᠭᠡ ᠪᠤᠰᠤᠳ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶᠠᠨ ᠤ ᠲᠤᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠪᠦᠬᠦ ᠤᠯᠤᠰ ᠤᠨ ᠰᠠᠭᠤᠷᠢ ᠨᠠᠰᠤᠵᠢᠯ ᠤᠨ ᠠᠰᠠᠷᠠᠮᠵᠢ  ᠶᠢᠨ ᠮᠦᠩᠬᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠬᠦ ᠲᠦᠰᠦᠯ ᠢ ᠲᠤᠷᠠᠳᠤᠨ ᠭᠠᠷᠭᠠᠵᠤ᠂ ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠲᠡᠪᠰᠢᠬᠦᠯᠵᠤ ᠲᠤᠭᠲᠠᠭᠠᠯᠭᠠᠨ᠎ᠠ︔ ᠤᠷᠤᠨ ᠨᠤᠳᠤᠭ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠳᠤ ᠲᠤᠬᠢᠷᠠᠭᠤᠯᠤᠯᠲᠠ ᠬᠢᠬᠦ ᠳᠤ ᠲᠤᠬᠠᠢ ᠶᠢᠨ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠡᠳ᠋  ᠤᠨ ᠵᠠᠰᠠᠭ ᠤᠨ ᠰᠠᠯᠠᠭ᠎ᠠ ᠮᠦᠴᠢᠷ ᠲᠠᠢ ᠬᠠᠮᠳᠤᠷᠠᠨ ᠲᠦᠰᠦᠯ ᠲᠤᠷᠠᠳᠴᠦ᠂ ᠠᠳᠠᠯᠢ ᠱᠠᠳᠤᠨ ᠤ ᠪᠠᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠳᠤ ᠲᠡᠪᠰᠢᠬᠦᠯᠵᠤ ᠲᠤᠭᠲᠠᠭᠠᠯᠭᠠᠨ᠎ᠠ᠃       ᠬᠤᠪᠢ ᠬᠦᠮᠦᠨ ᠤ ᠰᠦᠢᠳᠭᠡᠯ ᠲᠤᠰᠢᠶᠠᠬᠤ ᠲᠡᠰ ᠤᠨ ᠪᠠᠷᠢᠮᠵᠢᠶ᠎ᠠ ᠶᠢᠨ ᠲᠤᠬᠢᠷᠠᠭᠤᠯᠤᠯᠲᠠ ᠶᠢᠨ ᠲᠤᠭᠲᠠᠴᠠ᠂ ᠰᠦᠢᠳᠭᠡᠯ ᠲᠤᠰᠢᠶᠠᠬᠤ ᠨᠦᠬᠦᠪᠤᠷᠢ ᠶᠢᠨ ᠲᠤᠬᠢᠷᠠᠭᠤᠯᠤᠯᠲᠠ ᠶᠢᠨ ᠲᠤᠭᠲᠠᠴᠠ ᠶᠢ ᠪᠠᠶᠢᠭᠤᠯᠤᠨ᠎ᠠ᠃ ᠬᠤᠪᠢ ᠬᠦᠮᠦᠨ ᠤ ᠲᠠᠩᠰᠠᠨ ᠡᠷᠦᠭᠡ ᠶᠢᠨ ᠰᠠᠭᠤᠷᠢ ᠮᠦᠩᠬᠦ ᠶᠢᠨ ᠦᠷᠲᠡᠭ ᠪᠠᠲᠤᠯᠠᠵᠤ ᠦᠷᠲᠡᠭ ᠨᠡᠮᠡᠭᠳᠡᠬᠦ ᠶᠢ ᠪᠡᠶᠡᠯᠡᠬᠦᠯᠦᠨ᠎ᠡ᠃ ᠡᠯ᠎ᠡ ᠭᠠᠵᠠᠷ ᠤᠨ ᠬᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠰᠠᠭᠤᠷᠢ ᠮᠦᠩᠬᠦ ᠶᠢᠨ ᠨᠠᠶᠢᠳᠠᠯᠭ᠎ᠠ ᠶᠢᠨ ᠪᠡᠯᠡ ᠤᠷᠤᠭᠤᠯᠤᠯᠲᠠ ᠶᠢ ᠦᠷᠨᠢᠬᠦᠯᠵᠤ᠂ ᠰᠠᠭᠤᠷᠢ ᠮᠦᠩᠬᠦ ᠶᠢᠨ ᠦᠷᠲᠡᠭ ᠪᠠᠲᠤᠯᠠᠵᠤ ᠦᠷᠲᠡᠭ ᠨᠡᠮᠡᠭᠳᠡᠬᠦ ᠶᠢ ᠪᠡᠶᠡᠯᠡᠬᠦᠯᠦᠨ᠂ ᠬᠤᠪᠢ ᠬᠦᠮᠦᠨ ᠤ ᠲᠠᠩᠰᠠᠨ ᠡᠷᠦᠭᠡ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ  ᠶᠢᠨ ᠬᠢᠷᠢ ᠲᠦᠪᠰᠢᠨ ᠪᠠ ᠰᠠᠭᠤᠷᠢ ᠮᠦᠩᠬᠦ ᠶᠢᠨ ᠲᠦᠯᠦᠬᠦ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠲᠠᠢ᠃       ᠲᠠᠭᠠᠳᠬᠠᠯ ᠳᠤ ᠤᠷᠤᠭᠰᠠᠳ ᠤᠨ ᠤᠷᠳᠤ ᠬᠤᠭᠤᠴᠠᠭ᠎ᠠ ᠪᠠᠷ ᠰᠦᠢᠳᠭᠡᠯ ᠲᠤᠰᠢᠶᠠᠬᠤ᠂ ᠢᠯᠡᠬᠦᠦ ᠰᠦᠢᠳᠭᠡᠯ ᠲᠤᠰᠢᠶᠠᠬᠤ ᠶᠢ ᠵᠤᠷᠢᠬᠵᠢᠭᠤᠯᠤᠨ᠎ᠠ       ᠤᠳᠤᠬᠠᠨ ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ  ᠳᠤ ᠤᠷᠤᠭᠰᠠᠳ 5 ᠳ᠋ᠦᠩᠰᠢᠭᠤᠷ ᠭᠠᠷᠤᠢ ᠪᠤᠯᠵᠤ᠂ ᠬᠦᠳᠡᠭᠡ ᠲᠤᠰᠬᠤᠨ ᠤ ᠰᠠᠭᠤᠭᠠᠯᠢ ᠠᠷᠠᠳ 95% ᠢᠯᠡᠬᠦᠦ  ᠶᠢ ᠡᠵᠡᠯᠡᠨ᠂ ᠲᠠᠭᠠᠳᠬᠠᠯ ᠳᠤ ᠤᠷᠤᠵᠤ ᠰᠦᠢᠳᠭᠡᠯ ᠲᠤᠰᠢᠶᠠᠭᠰᠠᠳ ᠤᠨ ᠲᠤᠳᠤᠷᠠᠬᠢ ᠨᠡᠯᠢᠶᠡᠳ ᠲᠤᠭᠠᠨ ᠤ ᠬᠦᠮᠦᠨ ᠨᠢ ᠨᠡᠯᠢᠶᠡᠳ ᠲᠤᠤᠷ᠎ᠠ ᠲᠡᠰ ᠤᠨ ᠰᠦᠢᠳᠭᠡᠯ ᠲᠤᠰᠢᠶᠠᠵᠤ ᠪᠠᠶᠢᠬᠤ ᠪᠦᠭᠡᠳ ᠰᠦᠢᠳᠭᠡᠯ ᠲᠤᠰᠢᠶᠠᠬᠤ ᠴᠠᠭ  ᠨᠢ ᠤᠬᠤᠷ᠂ ᠬᠤᠪᠢ ᠬᠦᠮᠦᠨ ᠤ ᠲᠠᠩᠰᠠᠨ ᠡᠷᠦᠭᠡ ᠶᠢᠨ ᠬᠠᠳᠠᠭᠠᠯᠠᠮᠵᠢ ᠶᠢᠨ ᠲᠤᠭ᠎ᠠ ᠨᠢ ᠪᠠᠭ᠎ᠠ ᠪᠠᠶᠢᠨ᠎ᠠ᠃ ᠬᠤᠶᠢᠰᠢᠲᠠ 4 ᠲᠠᠯ᠎ᠠ ᠪᠠᠷ ᠡᠨᠡ ᠬᠦ ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠄ ᠨᠢᠭᠡ ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠪᠠᠶᠢᠳᠠᠯ ᠢ ᠦᠨᠳᠦᠰᠦᠯᠡᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠠᠭᠠᠳᠬᠠᠯ ᠤᠨ ᠰᠦᠢᠳᠭᠡᠯ ᠲᠤᠰᠢᠶᠠᠬᠤ ᠲᠡᠰ ᠤᠨ ᠪᠠᠷᠢᠮᠵᠢᠶ᠎ᠠ ᠶᠢ ᠵᠤᠬᠢᠰᠲᠠᠢ ᠲᠤᠭᠲᠠᠭᠠᠵᠤ᠂ ᠬᠤᠪᠢ ᠬᠦᠮᠦᠨ ᠰᠦᠢᠳᠭᠡᠯ ᠲᠤᠰᠢᠶᠠᠯᠲᠠ ᠶᠢ ᠲᠡᠭᠡᠭᠰᠢᠯᠡᠬᠦᠯᠦᠨ᠎ᠡ︔ ᠬᠤᠶᠠᠷ ᠲᠤ ᠠᠵᠤ ᠠᠬᠤᠢ  ᠶᠢᠨ ᠬᠦᠭᠵᠢᠯᠲᠡ᠂ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶᠠᠨ ᠤ ᠲᠡᠭᠡᠭᠰᠢᠯᠡᠯᠲᠡ ᠪᠠ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠵᠤ᠂ ᠵᠠᠰᠠᠭ ᠤᠨ ᠤᠷᠳᠤᠨ ᠠᠴᠠ ᠬᠤᠪᠢ ᠬᠦᠮᠦᠨ ᠤ ᠰᠦᠢᠳᠭᠡᠯ ᠲᠤᠰᠢᠶᠠᠬᠤ  ᠳᠤ ᠦᠭᠬᠦ ᠨᠦᠬᠦᠪᠤᠷᠢ ᠶᠢ ᠲᠡᠭᠡᠭᠰᠢᠯᠡᠬᠦᠯᠦᠨ᠎ᠡ︔ ᠭᠤᠷᠪᠠ ᠳᠤ ᠪᠤᠰᠤᠳ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠵᠤᠬᠢᠶᠠᠨ ᠪᠠᠶᠢᠭᠤᠯᠤᠯᠲᠠ ᠬᠢᠭᠡᠳ ᠬᠤᠪᠢ ᠬᠦᠮᠦᠨ ᠤ ᠲᠠᠭᠠᠳᠬᠠᠯ  ᠳᠤ ᠤᠷᠤᠭᠰᠠᠳ ᠤᠨ ᠰᠦᠢᠳᠭᠡᠯ ᠲᠤᠰᠢᠶᠠᠬᠤ ᠲᠠᠯ᠎ᠠ ᠪᠠᠷ ᠢᠯᠡᠬᠦᠭᠡᠨ ᠲᠡᠮᠵᠢᠬᠦ ᠶᠢ ᠵᠤᠷᠢᠬᠵᠢᠭᠤᠯᠤᠨ᠎ᠠ︔ ᠲᠦᠷᠪᠡ  ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢᠨ ᠨᠠᠶᠢᠳᠠᠯᠭ᠎ᠠ ᠶᠢᠨ ᠪᠡᠯᠡ ᠤᠷᠤᠭᠤᠯᠤᠯᠲᠠ ᠶᠢ ᠦᠷᠨᠢᠬᠦᠯᠵᠤ᠂ ᠠᠰᠢᠭ ᠤᠷᠤᠯᠭ᠎ᠠ ᠶᠢ ᠨᠡᠮᠡᠭᠳᠡᠬᠦᠯᠦᠨ᠎ᠡ᠃       ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠤ ᠲᠡᠭᠡᠭᠰᠢᠯᠡᠬᠦ ᠶᠢ ᠲᠠᠭᠠᠯᠳᠤᠨ᠂ ᠲᠠᠭᠠᠳᠬᠠᠯ ᠳᠤ ᠤᠷᠤᠭᠰᠠᠨ ᠰᠠᠭᠤᠭᠠᠯᠢ ᠠᠷᠠᠳ ᠤᠨ ᠰᠦᠢᠳᠭᠡᠯ ᠲᠤᠰᠢᠶᠠᠬᠤ ᠬᠢᠷᠢ ᠲᠦᠪᠰᠢᠨ ᠵᠢᠯ ᠲᠠᠷᠠᠭᠠᠯᠠᠨ ᠲᠡᠭᠡᠭᠰᠢᠯᠡᠵᠤ ᠪᠠᠶᠢᠨ᠎ᠠ᠃ 2017 ᠤᠨ ᠳᠤ᠂ ᠬᠦᠮᠦᠨ ᠲᠤᠮᠳᠠᠴᠢ ᠶᠢᠨ ᠲᠤᠰᠢᠶᠠᠭᠰᠠᠨ ᠰᠦᠢᠳᠭᠡᠯ 282 ᠲᠦᠬᠦᠷᠢᠭ ᠬᠦᠷᠴᠦ᠂ 2012 ᠤᠨ ᠤ ᠬᠢ ᠠᠴᠠ ᠪᠠᠷᠤᠭ ᠨᠢᠭᠡ ᠲᠠᠬᠢᠨ ᠲᠡᠭᠡᠭᠰᠢᠯᠡᠵᠠᠢ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠤᠷᠳᠤ ᠬᠤᠭᠤᠴᠠᠭ᠎ᠠ ᠰᠦᠢᠳᠭᠡᠯ ᠲᠤᠰᠢᠶᠠᠬᠤ ᠪᠠ ᠢᠯᠡᠬᠦᠦ ᠰᠦᠢᠳᠭᠡᠯ ᠲᠤᠰᠢᠶᠠᠬᠤ ᠶᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠬᠤᠪᠢ ᠬᠦᠮᠦᠨ᠂ ᠬᠠᠮᠳᠤ ᠨᠢᠭᠡᠴᠡ᠂ ᠵᠠᠰᠠᠭ ᠤᠨ ᠤᠷᠳᠤᠨ ᠵᠡᠷᠭᠡ ᠡᠯ᠎ᠡ ᠲᠠᠯ᠎ᠠ ᠶᠢᠨ ᠬᠢᠨ ᠤ ᠪᠡᠯᠡ ᠴᠤᠭᠯᠠᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠬᠤᠪᠢ ᠬᠦᠮᠦᠨ ᠤ ᠲᠠᠩᠰᠠᠨ ᠡᠷᠦᠭᠡ ᠶᠢᠨ ᠬᠠᠳᠠᠭᠠᠯᠠᠮᠵᠢ ᠶᠢᠨ ᠲᠤᠭ᠎ᠠ ᠬᠤᠶᠢᠰᠢᠲᠠ ᠬᠡᠪ ᠤᠨ ᠪᠠᠶᠢᠳᠠᠯ ᠢᠶᠠᠷ ᠨᠡᠮᠡᠭᠳᠡᠬᠦ ᠪᠤᠯᠤᠨ᠎ᠠ᠃ ( ᠪᠠᠢ ᠲᠢᠶᠠᠨ ᠯᠢᠶᠠᠩ )
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号