︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾᠎ ᠤᠨ ᠬᠡᠰᠢᠭᠲᠡᠨ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠨᠢ ᠪᠠᠶᠠᠨᠴᠠᠭᠠᠨ ᠰᠣᠮᠣᠨ ᠳᠤ ᠬᠦᠷᠴᠦ ᠮᠡᠳᠡᠭᠦᠯᠦᠯᠲᠡ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2018/4/12
       ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ 4 ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ ᠪᠠᠶᠠᠨᠴᠠᠭᠠᠨ ᠰᠤᠮᠤ ᠶᠢᠨ ᠨᠠᠮ ᠤᠨ ᠬᠤᠷᠢᠶ᠎ᠠ ᠨᠢ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾᠎ ᠤᠨ ᠬᠡᠰᠢᠭᠲᠡᠨ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠶᠢᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾᠎ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠰᠤᠮᠤ ᠶᠢᠨ ᠪᠦᠬᠦ ᠺᠠᠳ᠋ᠷ ᠠᠵᠢᠯᠲᠠᠳ ᠪᠠ ᠡᠯ᠎ᠡ ᠭᠠᠴᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠨᠠᠷ ᠨᠡᠶᠢᠲᠡ 60 ᠭᠠᠷᠤᠢ ᠬᠥᠮᠥᠨ ᠬᠤᠷᠠᠯ ᠳᠤ ᠣᠷᠣᠯᠴᠠᠭᠰᠠᠨ ᠪᠠᠶᠢᠨ᠎ᠠ᠃        ᠬᠤᠷᠠᠯ ᠳᠡᠭᠡᠷ᠎ᠡ᠂ ᠬᠡᠰᠢᠭᠲᠡᠨ ᠬᠤᠰᠢᠭᠤᠨ ᠤ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠮᠤᠤ ᠼᠦᠩ ᠶᠢᠩ ᠨᠥᠬᠦᠷ ᠠᠴᠠ ᠲᠣᠬᠠᠢ ᠶᠢᠨ ᠭᠠᠵᠠᠷ ᠤᠨ ᠪᠤᠳᠠᠲᠤ ᠪᠠᠶᠢᠳᠠᠯ ᠯᠤᠭ᠎ᠠ ᠤᠶᠠᠯᠳᠤᠭᠤᠯᠤᠨ᠂ ᠪᠣᠳᠠᠲᠠᠢ ᠵᠢᠱᠢᠶ᠎ᠡ ᠪᠠ ᠨᠠᠷᠢᠯᠢᠭ ᠮᠠᠲ᠋ᠧᠷᠢᠶᠠᠯ ᠢ ᠠᠰᠢᠭᠯᠠᠵᠤ ᠦᠨᠳᠦᠰᠦᠨ ᠱᠠᠲᠤᠨ ᠤ ᠨᠠᠮ ᠤᠨ ᠬᠡᠰᠢᠭᠦᠨ ᠺᠠᠳ᠋ᠷᠴᠤᠳ ᠲᠤ ᠨᠢᠭᠡ ᠤᠳᠠᠭᠠᠨ ᠤ ᠭᠤᠣᠯ ᠰᠡᠳᠦᠪ ᠲᠣᠳᠣᠷᠬᠠᠢ᠂ ᠠᠭᠤᠯᠭ᠎ᠠ ᠭᠦᠨᠵᠡᠭᠡᠢ᠂ ᠬᠥᠮᠥᠨ ᠤ ᠰᠡᠳᠬᠢᠯ ᠢ ᠬᠥᠪᠴᠢᠯᠡᠭᠰᠡᠨ ᠬᠢᠴᠢᠶᠡᠯ ᠣᠷᠣᠭᠰᠠᠨ ᠪᠠᠶᠢᠨ᠎ᠠ᠃ ︵ᠰ᠊ · ᠡᠩᠭᠡ ᠮᠡᠳᠡᠭᠡᠯᠡᠪᠡ︶
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号