ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾ ᠳᠡᠭᠡᠷ᠎ᠡ ᠶᠠᠷᠢᠭᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ | 4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠪᠠᠶᠠᠨᠴᠠᠭᠠᠨ ᠰᠤᠮᠤ ᠶᠢᠨ ᠨᠠᠮ ᠤᠨ ᠬᠤᠷᠢᠶ᠎ᠠ ᠨᠢ ︽ᠲᠠᠯ᠎ᠠ | ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠨ ᠬᠡᠰᠢᠭᠲᠡᠨ ᠬᠤᠰᠢᠭᠤᠨ ᠤ ᠤᠬᠠᠭᠤᠯᠤᠨ | ᠲᠠᠶᠢᠯᠪᠤᠷᠢᠯᠠᠬᠤ ᠪᠠᠭ᠎ᠠ ᠠᠩᠭᠢ ᠶᠢᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾ | ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠰᠤᠮᠤ ᠶᠢᠨ ᠪᠦᠬᠦ ᠺᠠᠳ᠋ᠷ ᠠᠵᠢᠯᠲᠠᠳ ᠪᠠ ᠡᠯ᠎ᠡ ᠭᠠᠴᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ | ᠳᠠᠷᠤᠭ᠎ᠠ ᠨᠠᠷ ᠨᠡᠶᠢᠲᠡ 60 ᠭᠠᠷᠤᠢ ᠬᠥᠮᠥᠨ ᠬᠤᠷᠠᠯ ᠳᠤ ᠣᠷᠣᠯᠴᠠᠭᠰᠠᠨ ᠪᠠᠶᠢᠨ᠎ᠠ᠃ | ᠬᠤᠷᠠᠯ ᠳᠡᠭᠡᠷ᠎ᠡ᠂ ᠬᠡᠰᠢᠭᠲᠡᠨ ᠬᠤᠰᠢᠭᠤᠨ ᠤ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ | ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠨᠠᠮ ᠤᠨ | ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠮᠤᠤ ᠼᠦᠩ ᠶᠢᠩ ᠨᠥᠬᠦᠷ ᠠᠴᠠ ᠲᠣᠬᠠᠢ ᠶᠢᠨ ᠭᠠᠵᠠᠷ ᠤᠨ | ᠪᠤᠳᠠᠲᠤ ᠪᠠᠶᠢᠳᠠᠯ ᠯᠤᠭ᠎ᠠ ᠤᠶᠠᠯᠳᠤᠭᠤᠯᠤᠨ᠂ ᠪᠣᠳᠠᠲᠠᠢ ᠵᠢᠱᠢᠶ᠎ᠡ ᠪᠠ ᠨᠠᠷᠢᠯᠢᠭ ᠮᠠᠲ᠋ᠧᠷᠢᠶᠠᠯ ᠢ ᠠᠰᠢᠭᠯᠠᠵᠤ | ᠦᠨᠳᠦᠰᠦᠨ ᠱᠠᠲᠤᠨ ᠤ ᠨᠠᠮ ᠤᠨ ᠬᠡᠰᠢᠭᠦᠨ ᠺᠠᠳ᠋ᠷᠴᠤᠳ ᠲᠤ ᠨᠢᠭᠡ ᠤᠳᠠᠭᠠᠨ ᠤ ᠭᠤᠣᠯ ᠰᠡᠳᠦᠪ ᠲᠣᠳᠣᠷᠬᠠᠢ᠂ | ᠠᠭᠤᠯᠭ᠎ᠠ ᠭᠦᠨᠵᠡᠭᠡᠢ᠂ ᠬᠥᠮᠥᠨ ᠤ ᠰᠡᠳᠬᠢᠯ ᠢ ᠬᠥᠪᠴᠢᠯᠡᠭᠰᠡᠨ ᠬᠢᠴᠢᠶᠡᠯ ᠣᠷᠣᠭᠰᠠᠨ ᠪᠠᠶᠢᠨ᠎ᠠ᠃ ︵ᠰ᠊ · ᠡᠩᠭᠡ | ᠮᠡᠳᠡᠭᠡᠯᠡᠪᠡ︶ | | | | |