ᠲᠦᠩ ᠰᠢᠩ ᠪᠠᠯᠭᠠᠰᠤ ᠰᠤᠷᠭᠠᠭᠤᠯᠢ ᠶᠢᠨ ᠬᠦᠷᠢᠶᠡᠨ ᠳᠤ ᠡᠷᠡᠭᠦᠯ ᠮᠡᠨᠲᠦ ᠶᠢᠨ ᠲᠣᠬᠠᠢ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2018/4/16
               ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠲᠦ ᠶᠢᠨ ᠬᠡᠪ ᠴᠢᠨᠠᠷ ᠤᠨ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠲᠥᠭᠡᠮᠡᠯᠵᠢᠭᠦᠯᠦᠨ᠂ ᠡᠷᠡᠭᠦᠯ ᠡᠩᠬᠡ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠬᠤ ᠎ ᠶᠢᠨ ᠲᠥᠯᠥᠭᠡ ᠲᠦᠩ ᠰᠢᠩ ᠪᠠᠯᠭᠠᠰᠤ ᠶᠢᠨ ᠡᠷᠡᠭᠦᠯ ᠮᠡᠨᠲᠦ ᠶᠢᠨ ᠬᠥᠮᠥᠵᠢᠯ ᠤᠨ ᠠᠵᠢᠯᠲᠠᠳ ᠣᠶᠢᠷ᠎ᠠ ᠶᠢᠨ ᠡᠳᠦᠷ ᠲᠦᠩ ᠰᠢᠩ ᠪᠠᠯᠭᠠᠰᠤ ᠶᠢᠨ ᠶᠡᠷᠦᠩᠬᠡᠢ ᠰᠤᠷᠭᠠᠭᠤᠯᠢ ᠳᠤ ᠬᠦᠷᠴᠦ ᠡᠷᠡᠭᠦᠯ ᠮᠡᠨᠲᠦ ᠶᠢᠨ ᠮᠡᠳᠡᠯᠭᠡ ᠶᠢᠨ ᠲᠣᠬᠠᠢ ᠲᠤᠰᠬᠠᠢ ᠰᠡᠳᠦᠪᠲᠦ ᠶᠠᠷᠢᠶ᠎ᠠ ᠲᠠᠶᠢᠯᠤᠮᠵᠢ ᠬᠢᠭᠰᠡᠨ ᠪᠠᠶᠢᠨ᠎ᠠ᠃        ᠲᠤᠰ ᠤᠳᠠᠭᠠᠨ ᠤ ᠠᠵᠢᠯᠯᠠᠭᠠᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠬᠢᠴᠢᠶᠡᠯ ᠣᠷᠣᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠷᠡᠭᠦᠯ ᠵᠣᠬᠢᠰᠲᠠᠢ ᠬᠤᠭᠤᠯᠠᠯᠠᠬᠤ᠂ ᠪᠡᠶ᠎ᠡ ᠶᠢᠨ ᠬᠥᠨᠳᠦ ᠪᠠᠨ ᠬᠢᠵᠠᠭᠠᠷᠯᠠᠬᠤ᠂ ᠵᠣᠬᠢᠰᠲᠠᠢ ᠬᠥᠳᠡᠯᠭᠡᠭᠡᠨ ᠬᠢᠬᠦ᠂ ᠠᠷᠢᠬᠢ ᠳᠠᠮᠠᠬᠢ ᠶᠢ ᠲᠡᠪᠴᠢᠬᠦ ᠵᠡᠷᠭᠡ ᠠᠮᠢᠳᠤᠷᠠᠯ ᠤᠨ ᠳᠠᠳᠬᠠᠯ ᠢ ᠪᠣᠢ ᠪᠣᠯᠭᠠᠬᠤ ᠎ ᠶᠢᠨ ᠠᠰᠢᠭᠲᠠᠢ ᠲᠠᠯ᠎ᠠ ᠶᠢ ᠰᠤᠷᠤᠭᠴᠢᠳ ᠲᠤ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ︵ᠰᠦᠨ ᠯᠢ ᠵᠢᠤᠸᠠᠨ︶
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号