2030 ᠤᠨ ᠠᠴᠠ ᠡᠮᠤᠨ᠎ᠠ ᠬᠠᠶᠢᠨᠠᠨ ᠮᠤᠵᠢ ᠳᠤ ᠰᠢᠨ᠎ᠠ ᠡᠨᠧᠷᠬᠢ ᠶᠢᠨ ᠰᠤᠷᠪᠤᠯᠵᠢ ᠬᠡᠷᠡᠭᠡᠯᠡᠬᠦ ᠮᠠᠰᠢᠨ ᠲᠡᠷᠭᠡ ᠶᠢ ᠲᠦᠭᠡᠮᠡᠯᠵᠢᠬᠦᠯᠤᠨ᠎ᠠ
ᠨᠡᠶᠢᠲᠡᠯᠡᠭᠰᠡᠨ ᠴᠠᠭ᠄
2018/4/17
              ᠲᠤᠮᠳᠠᠳᠤ  ᠤᠯᠤᠰ  ᠎ ᠤᠨ  ᠤᠷᠴᠢᠨ  ᠠᠬᠤᠢ  ᠎ ᠶᠢᠨ  ᠰᠤᠨᠢᠨ  ᠎ ᠤ  ᠬᠠᠶᠢᠺᠸᠤ  ᠎ ᠶᠢᠨ  ᠮᠡᠳᠡᠭᠡ  ︵ᠲᠠᠳᠤᠯᠭ᠎ᠠ  ᠎ ᠶᠢᠨ ᠰᠤᠷᠪᠤᠯᠵᠢᠯᠠᠭᠴᠢ ᠵᠸᠤ ᠬᠠᠢ ᠶᠠᠨ︶ ᠦᠢᠷ᠎ᠠ ᠳᠤ ᠶᠠᠪᠤᠭᠳᠠᠭᠰᠠᠨ ᠪᠦᠸᠧ ᠤᠤ  ᠎ ᠶᠢᠨ  ᠠᠽᠢᠶ᠎ᠠ  ᠲᠢᠪ  ᠎ ᠤᠨ  ᠶᠠᠷᠢᠯᠴᠠᠭᠠᠨ  ᠎ ᠤ ᠲᠡᠪᠴᠠᠩ ᠤᠨ 2018 ᠤᠨ ᠤ ᠤᠨ ᠤ ᠬᠤᠷᠠᠯ ᠤᠨ《21 ᠳ᠋ᠤᠭᠡᠷ ᠵᠠᠭᠤᠨ ᠤ ᠲᠠᠯᠠᠢ ᠲᠡᠭᠡᠷᠡᠬᠢ ᠲᠤᠷᠭᠠᠨ ᠵᠠᠮ ᠤᠨ ᠠᠷᠠᠯ ᠬᠤᠶᠢᠭ ᠤᠨ ᠠᠵᠤ ᠠᠬᠤᠢ》᠎ ᠶᠢᠨ ᠬᠤᠪᠢᠶᠠᠷᠢ ᠶᠠᠷᠢᠯᠴᠠᠭᠠᠨ ᠤ ᠲᠡᠪᠴᠡᠩ ᠲᠡᠭᠡᠷ᠎ᠡ᠂ ᠬᠠᠶᠢᠨᠠᠨ ᠮᠤᠵᠢ ᠶᠢᠨ  ᠲᠠᠷᠤᠭ᠎ᠠ  ᠱᠧᠨ ᠰᠢᠶᠤᠤ ᠮᠢᠩ ᠢᠯᠡᠷᠭᠡᠶᠢᠯᠡᠬᠦ ᠳᠡᠭᠡᠨ᠂ ᠬᠠᠶᠢᠨᠠᠨ ᠮᠤᠵᠢ ᠲᠦᠯᠤᠪᠯᠡᠭᠡ ᠪᠠᠷ 2030 ᠤᠨ ᠠᠴᠠ  ᠡᠮᠤᠨ᠎ᠠ  ᠪᠦᠬᠦ  ᠠᠷᠠᠯ  ᠎ ᠢᠶᠠᠷ  ᠎ ᠢᠶᠠᠨ ᠰᠢᠨ᠎ᠠ ᠡᠨᠧᠷᠬᠢ ᠶᠢᠨ ᠰᠤᠷᠪᠤᠯᠵᠢ ᠎ ᠶᠢᠨ ᠮᠠᠰᠢᠨ ᠲᠡᠷᠭᠡ ᠬᠡᠷᠡᠭᠯᠡᠬᠦ ᠶᠢ ᠪᠡᠶᠡᠯᠡᠬᠦᠯᠬᠦ ᠪᠠᠷ ᠪᠠᠶᠢᠨ᠎ᠠ ᠭᠡᠵᠠᠢ᠃               ᠱᠧᠨ ᠰᠢᠶᠤᠤ ᠮᠢᠩ ᠢᠯᠡᠷᠭᠡᠶᠢᠯᠡᠬᠦ ᠳᠡᠭᠡᠨ᠂ ᠬᠠᠶᠢᠨᠠᠨ  ᠮᠤᠵᠢ  ᠎ ᠶᠢᠨ  ᠵᠠᠰᠠᠭ  ᠎ ᠤᠨ  ᠤᠷᠳᠤᠨ  ᠦᠢᠷ᠎ᠠ  ᠎ ᠳᠤ  ᠶᠠᠭ ᠢᠷᠡᠭᠡᠳᠤᠢ ᠶᠢᠨ ᠰᠢᠨ᠎ᠠ ᠡᠨᠧᠷᠬᠢ ᠶᠢᠨ ᠰᠤᠷᠪᠤᠯᠵᠢ ᠶᠢᠨ ᠮᠠᠰᠢᠨ  ᠲᠡᠷᠭᠡ  ᠎ ᠶᠢ  ᠬᠠᠶᠢᠨᠠᠨ  ᠎ ᠳᠤ  ᠬᠥᠭᠵᠢᠬᠦᠯᠬᠦ  ᠠᠰᠠᠭᠤᠳᠠᠯ  ᠎ ᠢ ᠱᠠᠯᠠᠪᠳᠠᠨ ᠰᠤᠳᠤᠯᠵᠤ ᠪᠠᠶᠢᠨ᠎ᠠ᠂ ᠬᠠᠶᠢᠨᠠᠨ ᠮᠤᠵᠢ ᠰᠢᠨ᠎ᠠ ᠡᠨᠧᠷᠬᠢ ᠶᠢᠨ  ᠰᠤᠷᠪᠤᠯᠵᠢ  ᠎ ᠶᠢᠨ  ᠮᠠᠰᠢᠨ  ᠲᠡᠷᠭᠡ  ᠎ ᠶᠢᠨ  ᠲᠤᠬᠠᠢ ᠲᠦᠯᠤᠪᠵᠢᠬᠦᠯᠭᠡ ᠶᠢ ᠭᠠᠷᠭᠠᠵᠤ᠂ ᠲᠦᠯᠤᠪᠯᠡᠭᠡ ᠪᠠᠷ 2030 ᠤᠨ ᠠᠴᠠ ᠡᠮᠤᠨ᠎ᠠ ᠪᠦᠬᠦ ᠠᠷᠠᠯ ᠢᠶᠠᠷ ᠢᠶᠠᠨ ᠰᠢᠨ᠎ᠠ  ᠡᠨᠧᠷᠬᠢ ᠶᠢᠨ ᠰᠤᠷᠪᠤᠯᠵᠢ ᠶᠢᠨ ᠮᠠᠰᠢᠨ ᠲᠡᠷᠭᠡ ᠬᠡᠷᠡᠭᠯᠡᠬᠦ ᠶᠢ ᠪᠡᠶᠡᠯᠡᠬᠦᠯᠤᠨ᠎ᠠ᠂ ᠡᠬᠦᠨ ᠳᠤ ᠨᠢᠭᠡ ᠬᠡᠰᠡᠭ ᠰᠢᠳᠠᠮᠠᠬᠠᠢ  ᠬᠡᠢ  ᠎ ᠶᠢᠨ  ᠮᠠᠰᠢᠨ ᠲᠡᠷᠭᠡ ᠪᠠᠭᠳᠠᠨ᠎ᠠ᠃ ᠪᠡᠶᠡᠯᠡᠬᠦᠯᠬᠦ  ᠠᠯᠬᠤᠮ  ᠲᠠᠷᠠᠭ᠎ᠠ  ᠬᠡᠪᠡᠯ  ᠵᠠᠰᠠᠭ  ᠎ ᠤᠨ  ᠤᠷᠳᠤᠨ  ᠎ ᠤ  ᠪᠠᠶᠢᠭᠤᠯᠤᠯᠭ᠎ᠠ  ᠤᠷᠢᠳ  ᠎ ᠢᠶᠠᠷ ᠬᠡᠷᠡᠭᠵᠢᠬᠦᠯᠵᠤ᠂ ᠲᠠᠷᠠᠭ᠎ᠠ ᠨᠢ ᠨᠡᠶᠢᠳᠡ ᠶᠢᠨ ᠦᠢᠯᠡᠰ ᠲᠤ ᠬᠡᠷᠡᠭᠯᠡᠬᠦ ᠲᠡᠷᠭᠡ᠂ ᠵᠢᠱᠢᠶᠡᠯᠡᠪᠡᠯ  ᠨᠡᠶᠢᠳᠡ  ᠎ ᠶᠢᠨ  ᠮᠠᠰᠢᠨ  ᠲᠡᠷᠭᠡ᠂ ᠲᠦᠷᠢᠶᠡᠰᠤᠨ ᠮᠠᠰᠢᠨ᠂ ᠤᠷᠴᠢᠨ ᠠᠬᠤᠢ ᠶᠢᠨ ᠬᠠᠮᠠᠭᠠᠯᠠᠯᠳᠠ ᠶᠢᠨ  ᠲᠡᠷᠭᠡ  ᠵᠡᠷᠭᠡ᠂  ᠭᠤᠷᠪᠠᠳᠤᠭᠠᠷ  ᠠᠯᠬᠤᠮ  ᠎ ᠳᠤ  ᠬᠤᠪᠢ ᠬᠥᠮᠤᠨ ᠤ ᠮᠠᠰᠢᠨ ᠲᠡᠷᠭᠡ ᠳᠤ ᠬᠡᠷᠡᠭᠵᠢᠬᠦᠯᠤᠨ᠎ᠠ ᠭᠡᠵᠠᠢ᠃               ᠱᠧᠨ ᠰᠢᠶᠤᠤ ᠮᠢᠩ ᠬᠡᠯᠡᠬᠦ ᠳᠡᠭᠡᠨ᠂ ᠬᠠᠶᠢᠨᠠᠨ ᠮᠤᠵᠢ ᠰᠢᠨ᠎ᠠ ᠡᠨᠧᠷᠬᠢ ᠶᠢᠨ ᠰᠤᠷᠪᠤᠯᠵᠢ ᠶᠢᠨ  ᠮᠠᠰᠢᠨ  ᠲᠡᠷᠭᠡ  ᠎ ᠶᠢ ᠲᠦᠭᠡᠮᠡᠯᠵᠢᠬᠦᠯᠬᠦ ᠲᠦᠰᠤᠯ ᠢ ᠬᠡᠷᠡᠭᠵᠢᠬᠦᠯᠬᠦ ᠪᠠᠷ ᠪᠠᠶᠢᠭ᠎ᠠ ᠪᠤᠯ ᠪᠤᠬᠢᠷᠳᠤᠯ ᠦᠭᠡᠢ ᠬᠥᠭᠵᠢᠯᠳᠡ ᠳᠠᠬᠢ  ᠬᠠᠶᠢᠨᠠᠨ  ᠮᠤᠵᠢ  ᠎ ᠶᠢᠨ ᠬᠠᠷᠢᠭᠤᠴᠠᠯᠭ᠎ᠠ ᠪᠠᠨ ᠰᠡᠷᠡᠵᠤ ᠮᠡᠳᠡᠭᠰᠡᠨ ᠳᠤ ᠤᠷᠤᠰᠢᠨ᠎ᠠ᠂ ᠡᠬᠦᠨ ᠢᠶᠠᠷ ᠲᠡᠮᠵᠢᠭᠤᠯᠤᠨ ᠪᠦᠬᠦ ᠪᠦᠮᠪᠤᠷᠴᠡᠭ ᠤᠨ ᠠᠷᠠᠯ ᠬᠤᠶᠢᠭ ᠤᠨ ᠠᠵᠤ ᠠᠬᠤᠢ ᠶᠢᠨ ᠴᠤᠭᠴᠠ ᠶᠢᠨ ᠪᠤᠬᠢᠷᠳᠤᠯ ᠦᠭᠡᠢ ᠡᠨᠧᠷᠬᠢ ᠶᠢᠨ ᠰᠤᠷᠪᠤᠯᠵᠢ ᠶᠢ ᠬᠡᠷᠡᠭᠵᠢᠬᠦᠯᠬᠦ ᠲᠠᠯ᠎ᠠ  ᠎ ᠪᠠᠷ  ᠦᠯᠢᠭᠡᠷ ᠵᠢᠱᠢᠶ᠎ᠡ ᠦᠵᠡᠬᠦᠯᠬᠦ ᠶᠢ ᠬᠥᠰᠡᠵᠤ ᠪᠠᠶᠢᠨ᠎ᠠ ᠭᠡᠵᠠᠢ᠃               ᠡᠨᠡ ᠵᠢᠯ ᠬᠠᠶᠢᠨᠠᠨ ᠮᠤᠵᠢ ᠰᠢᠨ᠎ᠠ ᠪᠠᠷ ᠨᠡᠮᠡᠭᠳᠡᠬᠦᠯᠬᠦ ᠪᠠ ᠰᠤᠯᠢᠬᠤ ᠨᠡᠶᠢᠳᠡ ᠶᠢᠨ ᠮᠠᠰᠢᠨ ᠲᠡᠷᠭᠡ ᠳᠤ ᠡᠵᠡᠯᠡᠬᠦ ᠰᠢᠨ᠎ᠠ ᠡᠨᠧᠷᠬᠢ ᠶᠢᠨ ᠰᠤᠷᠪᠤᠯᠵᠢ ᠶᠢᠨ ᠮᠠᠰᠢᠨ ᠲᠡᠷᠭᠡ ᠶᠢᠨ ᠬᠠᠷᠢᠴᠠᠯ ᠢ 70%᠎ ᠠᠴᠠ ᠲᠤᠤᠷ᠎ᠠ ᠦᠭᠡᠢ  ᠪᠠᠶᠢᠯᠭᠠᠬᠤ  ᠎ ᠶᠢ  ᠴᠢᠷᠮᠠᠶᠢᠨ ᠪᠡᠶᠡᠯᠡᠬᠦᠯᠵᠤ᠂ ᠤᠯᠠᠨ ᠨᠡᠶᠢᠳᠡ ᠶᠢᠨ ᠪᠠᠶᠢᠭᠤᠯᠤᠮᠵᠢ ᠶᠢᠨ ᠰᠢᠨ᠎ᠠ ᠪᠠᠷ ᠨᠡᠮᠡᠭᠳᠡᠬᠦᠯᠬᠦ  ᠪᠤᠶᠤ  ᠰᠤᠯᠢᠬᠤ  ᠲᠡᠷᠭᠡ  ᠬᠥᠰᠭᠡ  ᠎ ᠳᠤ ᠵᠠᠷᠴᠢᠮ ᠲᠡᠭᠡᠷ᠎ᠡ ᠪᠠᠨ ᠰᠢᠨ᠎ᠠ ᠡᠨᠧᠷᠬᠢ ᠶᠢᠨ ᠰᠤᠷᠪᠤᠯᠵᠢ ᠶᠢᠨ ᠮᠠᠰᠢᠨ ᠲᠡᠷᠭᠡ ᠶᠢ ᠬᠡᠷᠡᠭᠯᠠᠨ᠎ᠠ᠃ ᠵᠢᠱᠢᠯᠳᠡ ᠪᠠᠷ ᠪᠦᠬᠦ ᠵᠢᠯ  ᠎ ᠳᠤ ᠰᠢᠨ᠎ᠠ ᠡᠨᠧᠷᠬᠢ ᠶᠢᠨ ᠰᠤᠷᠪᠤᠯᠵᠢ ᠶᠢᠨ ᠮᠠᠰᠢᠨ ᠲᠡᠷᠭᠡ ᠶᠢ 5600 ᠲᠡᠯᠭᠡᠷᠡᠬᠦᠯᠵᠤ᠂  ᠲᠠᠷᠬᠠᠮᠠᠯ  ᠬᠡᠯᠪᠡᠷᠢ  ᠎ ᠶᠢᠨ  ᠴᠠᠬᠢᠯᠭᠠᠨ ᠴᠡᠨᠡᠭᠯᠡᠬᠦ ᠱᠤᠩ ᠢ 10424 ᠪᠠᠶᠢᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号