ᠮᠣᠩᠭᠤᠯ ᠬᠢᠲᠠᠳ ᠡᠮ ᠡᠮᠨᠡᠯᠭᠡ ᠶᠢᠨ ᠥᠪᠡᠷᠮᠢᠴᠡ ᠣᠨᠴᠠᠯᠢᠭ ᠪᠠ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ᠠᠷᠠᠳ ᠣᠯᠠᠨ ᠤ ᠡᠮ ᠡᠮᠨᠡᠯᠭᠡ ᠶᠢᠨ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ | ᠲᠥᠯᠥᠭᠡ᠂ ᠣᠶᠢᠷ᠎ᠠ ᠶᠢᠨ ᠡᠳᠦᠷ ᠬᠡᠰᠢᠭᠲᠡᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ | ᠪᠠᠶᠠᠨᠴᠠᠭᠠᠨ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠪᠠᠶᠠᠨᠴᠠᠭᠠᠨ ᠰᠣᠮᠣ ᠶᠢᠨ ᠪᠠᠶᠠᠩᠭᠤᠣᠯ ᠡᠮᠨᠡᠯᠭᠡ ᠶᠢᠨ | ᠬᠤᠷᠢᠶ᠎ᠠ ᠯᠤᠭ᠎ᠠ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠪᠠ᠃ | ᠣᠶᠢᠯᠠᠭᠠᠭᠰᠠᠨ ᠢᠶᠠᠷ᠂ ᠬᠡᠰᠢᠭᠲᠡᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠭᠠᠷᠠᠭ | ᠪᠦᠷᠢ ᠶᠢᠨ ᠭᠤᠷᠪᠠᠨ᠂ ᠳᠥᠷᠪᠡᠨ ᠳᠤ ᠲᠣᠭᠲᠠᠭᠰᠠᠨ ᠬᠤᠭᠤᠴᠠᠭ᠎ᠠ ᠲᠠᠢ ᠪᠠᠷ ᠳᠡᠭᠡᠷ᠎ᠡ ᠳᠤᠷᠠᠳᠤᠭᠰᠠᠨ ᠬᠤᠶᠠᠷ | ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ ᠡᠮᠴᠢᠯᠡᠨ᠂ ᠤᠯᠠᠮᠵᠢᠯᠠᠬᠤ ᠬᠠᠪᠰᠤᠷᠬᠤ ᠳᠠᠭᠠᠭᠠᠭᠤᠯᠬᠤ ᠬᠡᠯᠪᠡᠷᠢ | ᠪᠠᠷ ᠡᠷᠡᠭᠦᠯ ᠬᠠᠮᠠᠭᠠᠯᠠᠯ ᠤᠨ ᠬᠤᠷᠢᠶᠠᠨ ᠳᠤ ᠨᠢᠭᠡᠨ ᠡᠮᠴᠢᠯᠡᠭᠡᠨ ᠤ ᠡᠩᠨᠡᠭᠡ ᠶᠢ ᠪᠠᠶᠢᠭᠤᠯᠤᠨ ᠥᠭᠴᠦ᠂ ᠣᠯᠠᠨ | ᠲᠦᠮᠡᠨ ᠳᠤ ᠣᠷᠣᠨ ᠭᠡᠷ ᠠᠴᠠ ᠪᠠᠨ ᠣᠶᠢᠷᠠᠬᠠᠨ ᠨᠡᠩ ᠰᠠᠶᠢᠨ ᠡᠮᠴᠢᠯᠡᠭᠡᠨ ᠤ ᠦᠢᠯᠡᠴᠢᠯᠡᠭᠡ ᠣᠯᠵᠤ ᠬᠥᠷᠲᠡᠬᠦ | ᠨᠥᠬᠦᠴᠡᠯ ᠲᠠᠢ ᠪᠣᠯᠭᠠᠭᠰᠠᠨ ᠪᠠᠶᠢᠨ᠎ᠠ᠃ |