ᠬᠡᠰᠢᠭᠲᠡᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ ᠪᠣᠢ
ᠨᠡᠶᠢᠲᠡᠯᠡᠭᠰᠡᠨ ᠴᠠᠭ᠄
2018/4/17
       ᠮᠣᠩᠭᠤᠯ ᠬᠢᠲᠠᠳ ᠡᠮ ᠡᠮᠨᠡᠯᠭᠡ ᠶᠢᠨ ᠥᠪᠡᠷᠮᠢᠴᠡ ᠣᠨᠴᠠᠯᠢᠭ ᠪᠠ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ ᠡᠮ ᠡᠮᠨᠡᠯᠭᠡ ᠶᠢᠨ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠬᠡᠰᠢᠭᠲᠡᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠪᠠᠶᠠᠨᠴᠠᠭᠠᠨ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠪᠠᠶᠠᠨᠴᠠᠭᠠᠨ ᠰᠣᠮᠣ ᠶᠢᠨ ᠪᠠᠶᠠᠩᠭᠤᠣᠯ ᠡᠮᠨᠡᠯᠭᠡ ᠶᠢᠨ ᠬᠤᠷᠢᠶ᠎ᠠ ᠯᠤᠭ᠎ᠠ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠪᠠ᠃        ᠣᠶᠢᠯᠠᠭᠠᠭᠰᠠᠨ ᠢᠶᠠᠷ᠂ ᠬᠡᠰᠢᠭᠲᠡᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠭᠠᠷᠠᠭ ᠪᠦᠷᠢ ᠶᠢᠨ ᠭᠤᠷᠪᠠᠨ᠂ ᠳᠥᠷᠪᠡᠨ ᠳᠤ ᠲᠣᠭᠲᠠᠭᠰᠠᠨ ᠬᠤᠭᠤᠴᠠᠭ᠎ᠠ ᠲᠠᠢ ᠪᠠᠷ ᠳᠡᠭᠡᠷ᠎ᠡ ᠳᠤᠷᠠᠳᠤᠭᠰᠠᠨ ᠬᠤᠶᠠᠷ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ ᠡᠮᠴᠢᠯᠡᠨ᠂ ᠤᠯᠠᠮᠵᠢᠯᠠᠬᠤ ᠬᠠᠪᠰᠤᠷᠬᠤ ᠳᠠᠭᠠᠭᠠᠭᠤᠯᠬᠤ ᠬᠡᠯᠪᠡᠷᠢ  ᠪᠠᠷ ᠡᠷᠡᠭᠦᠯ ᠬᠠᠮᠠᠭᠠᠯᠠᠯ ᠤᠨ ᠬᠤᠷᠢᠶᠠᠨ ᠳᠤ ᠨᠢᠭᠡᠨ ᠡᠮᠴᠢᠯᠡᠭᠡᠨ ᠤ ᠡᠩᠨᠡᠭᠡ ᠶᠢ ᠪᠠᠶᠢᠭᠤᠯᠤᠨ ᠥᠭᠴᠦ᠂ ᠣᠯᠠᠨ ᠲᠦᠮᠡᠨ ᠳᠤ ᠣᠷᠣᠨ ᠭᠡᠷ ᠠᠴᠠ ᠪᠠᠨ ᠣᠶᠢᠷᠠᠬᠠᠨ ᠨᠡᠩ ᠰᠠᠶᠢᠨ ᠡᠮᠴᠢᠯᠡᠭᠡᠨ ᠤ ᠦᠢᠯᠡᠴᠢᠯᠡᠭᠡ ᠣᠯᠵᠤ ᠬᠥᠷᠲᠡᠬᠦ ᠨᠥᠬᠦᠴᠡᠯ ᠲᠠᠢ ᠪᠣᠯᠭᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号