ᠮᠠᠨ ᠤ ᠬᠤᠰᠢᠭᠤ ᠪᠦᠬᠦ ᠬᠤᠰᠢᠭᠤᠨ ᠤ ᠰᠤᠷᠭᠠᠨ ᠬᠥᠮᠥᠵᠢᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/18
       4 ᠰᠠᠷ᠎ᠠ ᠶᠢᠨ12 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠰᠤᠷᠭᠠᠨ ᠬᠥᠮᠥᠵᠢᠯ ᠤᠨ ᠠᠵᠢᠯ  ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠤᠸᠠᠨ ᠾᠦᠩ ᠲᠣᠣ᠂ ᠬᠤᠰᠢᠭᠤᠨ ᠳᠡᠳ᠋ ᠳᠠᠷᠤᠭ᠎ᠠ ᠯᠢ ᠰᠢᠶᠠᠩ ᠶᠦᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦᠯᠵᠡᠶᠢᠪᠠᠲᠤ ᠨᠠᠷ ᠬᠤᠷᠠᠯ ᠳᠤ ᠣᠷᠣᠯᠴᠠᠪᠠ᠃        ᠬᠤᠷᠠᠯ ᠠᠴᠠ 2017 ᠣᠨ ᠤ ᠪᠦᠬᠦ ᠬᠤᠰᠢᠭᠤᠨ ᠤ ᠰᠤᠷᠭᠠᠨ ᠬᠥᠮᠥᠵᠢᠯ ᠤᠨ ᠠᠵᠢᠯ ᠢ ᠳ᠋ᠦᠩᠨᠡᠨ᠂ 2018 ᠣᠨ ᠤ ᠰᠤᠷᠭᠠᠨ ᠬᠥᠮᠥᠵᠢᠯ ᠤᠨ ᠠᠵᠢᠯ ᠤᠨ ᠭᠤᠣᠯ ᠪᠣᠯᠬᠤ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ        ᠯᠢ ᠰᠢᠶᠠᠩ ᠶᠦᠨ ᠶᠠᠷᠢᠶᠠᠨ ᠳᠠᠭᠠᠨ᠂ ᠥᠩᠭᠡᠷᠡᠭᠰᠡᠨ ᠨᠢᠭᠡ ᠵᠢᠯ ᠳᠤ ᠪᠦᠬᠦ ᠬᠤᠰᠢᠭᠤᠨ ᠤ ᠰᠤᠷᠭᠠᠨ ᠬᠥᠮᠥᠵᠢᠯ ᠤᠨ ᠠᠵᠢᠯ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠠᠵᠢᠯ ᠤᠨ ᠭᠤᠣᠯᠳᠠᠯᠭ᠎ᠠ  ᠶᠢᠨ ᠲᠣᠭᠤᠷᠢᠨ ᠳᠤ ᠨᠢᠬᠳᠠᠷᠠᠵᠤ᠂ ᠰᠤᠷᠭᠠᠨ ᠬᠥᠮᠥᠵᠢᠯ ᠢ ᠤᠷᠢᠳᠡᠪᠡᠷ ᠬᠥᠭᠵᠢᠭᠦᠯᠬᠦ ᠵᠠᠷᠴᠢᠮ ᠢ ᠪᠠᠷᠢᠮᠲᠠᠯᠠᠨ᠂ ᠰᠤᠷᠭᠠᠨ ᠬᠥᠮᠥᠵᠢᠯ ᠤᠨ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠪᠠ ᠤᠷᠢᠳᠠᠯ ᠪᠣᠯᠭᠠᠵᠤ᠂ ᠠᠷᠠᠳ ᠲᠦᠮᠡᠨ ᠬᠠᠨᠤᠮᠵᠢᠲᠠᠢ ᠰᠤᠷᠭᠠᠨ ᠬᠥᠮᠥᠵᠢᠯ ᠢ ᠡᠷᠬᠢᠯᠡᠬᠦ ᠪᠠᠷ ᠬᠠᠷᠠᠯᠲᠠ ᠪᠣᠯᠭᠠᠨ᠂ ᠵᠠᠮ ᠨᠡᠭᠡᠭᠡᠨ ᠰᠢᠨ᠎ᠡ ᠶᠢ ᠡᠭᠦᠳᠴᠦ ᠯᠠᠪᠳᠠᠭᠤᠨ ᠪᠠᠳᠤᠲᠠᠢ ᠠᠵᠢᠯᠯᠠᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠲᠦᠯᠬᠢᠨ ᠠᠬᠢᠭᠤᠯᠵᠤ ᠰᠢᠨ᠎ᠡ ᠨᠢᠭᠡᠨ ᠳᠡᠭᠳᠡᠷ ᠲᠤ ᠭᠠᠷᠭᠠᠭᠰᠠᠨ ᠪᠠᠶᠢᠨ᠎ᠠ᠂ 2018 ᠣᠨ ᠳᠤ ᠪᠦᠬᠦ ᠬᠤᠰᠢᠭᠤᠨ ᠤ ᠰᠤᠷᠭᠠᠨ ᠬᠥᠮᠥᠵᠢᠯ ᠤᠨ ᠠᠵᠢᠯ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ  ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠠᠵᠢᠯ ᠳᠤ ᠣᠷᠣᠯᠴᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠦᠨ᠂ ᠰᠤᠷᠤᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠠᠴᠠ ᠭᠠᠷᠳᠠᠵᠤ᠂ ᠰᠤᠷᠭᠠᠨ ᠬᠥᠮᠥᠵᠢᠯ ᠤᠨ ᠳᠠᠪᠠᠯᠲᠠᠲᠤ ᠬᠥᠭᠵᠢᠯᠲᠡ ᠶᠢ ᠪᠡᠶᠡᠯᠡᠭᠦᠯᠦᠨ᠂ ᠮᠤᠷᠠᠯ ᠰᠤᠷᠲᠠᠯ ᠢ ᠡᠷᠬᠢᠮᠯᠡᠵᠦ ᠬᠥᠮᠥᠨ ᠢ ᠬᠥᠮᠥᠵᠢᠭᠦᠯᠬᠦ ᠶᠢ ᠪᠦᠬᠦ ᠲᠠᠯ᠎ᠠ ᠪᠠᠷ ᠲᠤᠤᠱᠯᠠᠭᠤᠯᠬᠤ ᠡᠭᠦᠷᠭᠡ ᠪᠠᠷ ᠭᠤᠣᠯᠳᠠᠯᠭ᠎ᠠ ᠪᠣᠯᠭᠠᠵᠤ᠂ ᠰᠤᠷᠭᠠᠨ ᠬᠥᠮᠥᠵᠢᠯ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号