ᠫᠠᠨ ᠼᠦᠨ ᠭᠦᠸᠧ 2018 ᠣᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠴᠢᠭᠡᠴᠢ ᠵᠠᠰᠠᠭ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/20
        4 ᠰᠠᠷ᠎ᠠ ᠶᠢᠨ 13᠎ ᠤ ᠡᠳᠦᠷ᠂ ᠫᠠᠨ ᠼᠦᠨ ᠭᠦᠸᠧ 2018 ᠣᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠴᠢᠭᠡᠴᠢ ᠵᠠᠰᠠᠭ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦᠳᠡ ᠬᠤᠷᠠᠯ ᠵᠡᠷᠭᠡ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ᠂ ᠪᠦᠬᠦ ᠬᠤᠰᠢᠭᠤᠨ ᠤ ᠵᠠᠰᠠᠭ ᠤᠨ ᠣᠷᠳᠤᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠡᠷᠡᠯ ᠢ ᠡᠰᠡᠷᠭᠦᠴᠡᠬᠦ ᠠᠵᠢᠯ ᠳᠤ ᠪᠠᠶᠢᠷᠢᠯᠠᠭᠤᠯᠤᠯᠲᠠ ᠬᠢᠪᠡ᠃ ᠬᠤᠰᠢᠭᠤᠨ ᠳᠡᠳ᠋ ᠳᠠᠷᠤᠭ᠎ᠠ ᠲᠦᠮᠡᠨᠪᠠᠶᠠᠷ᠂ ᠸᠠᠩ ᠵᠤ᠋᠂ ᠯᠢ ᠰᠢᠶᠠᠩ ᠶᠦᠨ᠂ ᠵᠢᠶᠠᠩ ᠾᠦᠢ ᠶᠦᠩ ᠨᠠᠷ ᠬᠤᠷᠠᠯ ᠳᠤ ᠣᠷᠣᠯᠴᠠᠪᠠ᠃         ᠫᠠᠨ ᠼᠦᠨ ᠭᠦᠸᠧ ᠶᠠᠷᠢᠶᠠᠨ ᠳᠠᠭᠠᠨ᠂ ᠨᠢᠭᠡ ᠵᠢᠯ ᠤᠨ ᠲᠤᠷᠰᠢ ᠬᠤᠰᠢᠭᠤᠨ ᠤ ᠵᠠᠰᠠᠭ ᠤᠨ ᠣᠷᠳᠤᠨ ᠎ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠢᠯᠵᠡᠷᠡᠯ ᠢ ᠡᠰᠡᠷᠭᠦᠴᠡᠨ ᠠᠷᠢᠭᠤᠨ ᠴᠢᠭᠡᠴᠢ ᠶᠢ ᠰᠠᠨᠠᠭᠠᠴᠢᠯᠠᠬᠤ᠂ ᠠᠵᠢᠯ ᠤᠨ ᠰᠤᠷᠲᠠᠯ ᠢ ᠰᠠᠶᠢᠵᠢᠷᠠᠭᠤᠯᠬᠤ ᠲᠣᠬᠠᠢ ᠡᠯ᠎ᠡ ᠲᠥᠷᠥᠯ ᠤᠨ ᠲᠣᠭᠲᠠᠭᠠᠯ ᠪᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠰᠠᠬᠢᠯᠭ᠎ᠠ ᠳᠦᠷᠢᠮ ᠢ ᠲᠥᠪ ᠴᠢᠩᠭ᠎ᠠ ᠪᠣᠯᠭᠠᠭᠰᠠᠨ ᠢᠶᠠᠷ ᠵᠠᠰᠠᠭ ᠤᠨ ᠣᠷᠳᠤᠨ ᠤ ᠴᠢᠳᠠᠪᠬᠢ ᠳᠠᠰᠤᠷᠠᠯᠲᠠ ᠦᠭᠡᠢ ᠳᠡᠭᠡᠭᠰᠢᠯᠡᠪᠡ ᠃ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠴᠢᠩᠭ᠎ᠠ ᠠᠳᠬᠤᠨ᠂ ᠢᠯᠵᠡᠷᠡᠯ ᠢ ᠡᠬᠢ ᠡᠭᠦᠰᠦᠯ ᠠᠴᠠ ᠨᠢ ᠰᠡᠷᠭᠡᠶᠢᠯᠡᠭᠰᠡᠨ ᠦᠷ᠎ᠡ ᠪᠦᠲᠦᠮᠵᠢ ᠢᠯᠡᠷᠬᠡᠢ᠂ ᠬᠢᠨᠠᠨ ᠪᠠᠶᠢᠴᠠᠭᠠᠵᠤ ᠪᠠᠭᠤᠷᠠᠭᠤᠯᠤᠭᠰᠠᠨ ᠪᠡᠯᠡ ᠮᠥᠩᠭᠦ 2.44 ᠳ᠋ᠦᠩᠰᠢᠭᠤᠷ ᠲᠦᠭᠦᠷᠢᠭ ᠬᠥᠷᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢ ᠨᠢᠭᠡᠳᠦᠭᠦᠯᠬᠦ ᠠᠵᠢᠯ ᠢ ᠥᠷᠨᠢᠭᠦᠯᠦᠨ᠂ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ 43 ᠬᠢᠨᠠᠨ ᠪᠤᠳᠣᠯᠲᠠ ᠶᠢᠨ ᠲᠥᠷᠥᠯ ᠵᠦᠢᠯ ᠢ ᠪᠡᠶᠡᠯᠡᠭᠦᠯᠦᠨ᠂ ᠳᠦᠷᠢᠮ ᠎ ᠢ ᠵᠦᠷᠢᠴᠡᠭᠰᠡᠨ ᠪᠠ ᠬᠠᠮᠢᠶᠠᠷᠤᠯᠲᠠ ᠪᠠᠷ ᠳᠦᠷᠢᠮᠵᠢᠯ ᠦᠭᠡᠢ 9201.4 ᠲᠦᠮᠡᠨ ᠲᠥᠭᠦᠷᠢᠭ ᠤᠨ ᠪᠡᠯᠡ ᠮᠥᠩᠭᠦ ᠎ ᠶᠢ ᠪᠠᠶᠢᠴᠠᠭᠠᠨ ᠭᠠᠷᠭᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠠᠮᠵᠢᠯᠲᠠ ᠪᠦᠲᠦᠮᠵᠢ ᠪᠠᠨ ᠨᠣᠲᠠᠯᠠᠬᠤ ᠶᠢᠨ ᠬᠠᠮᠲᠤ ᠢᠯᠵᠡᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠠᠳᠠᠭᠤ ᠰᠢᠷᠦᠭᠦᠨ ᠪᠠᠶᠢᠭᠰᠠᠭᠠᠷ ᠭᠡᠳᠡᠭ ᠢ ᠰᠡᠷᠭᠡᠭ ᠢᠶᠠᠷ ᠮᠡᠳᠡᠷᠡᠵᠦ᠂ ᠬᠡᠪ ᠰᠤᠷᠳᠠᠯ ᠠᠷᠢᠭᠤᠨ ᠴᠢᠭᠡᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃   
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号