| | | | | | 4 ᠰᠠᠷ᠎ᠠ ᠶᠢᠨ 13 ᠤ ᠡᠳᠦᠷ᠂ ᠫᠠᠨ ᠼᠦᠨ ᠭᠦᠸᠧ 2018 ᠣᠨ ᠤ ᠬᠤᠰᠢᠭᠤᠨ ᠤ ᠠᠷᠠᠳ ᠤᠨ | ᠵᠠᠰᠠᠭ ᠤᠨ ᠣᠷᠳᠤᠨ ᠤ ᠴᠢᠭᠡᠴᠢ ᠵᠠᠰᠠᠭ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ ᠪᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦᠳᠡ ᠬᠤᠷᠠᠯ ᠵᠡᠷᠭᠡ | ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ᠂ ᠪᠦᠬᠦ ᠬᠤᠰᠢᠭᠤᠨ ᠤ ᠵᠠᠰᠠᠭ ᠤᠨ ᠣᠷᠳᠤᠨ ᠤ | ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠡᠷᠡᠯ ᠢ ᠡᠰᠡᠷᠭᠦᠴᠡᠬᠦ ᠠᠵᠢᠯ ᠳᠤ | ᠪᠠᠶᠢᠷᠢᠯᠠᠭᠤᠯᠤᠯᠲᠠ ᠬᠢᠪᠡ᠃ ᠬᠤᠰᠢᠭᠤᠨ ᠳᠡᠳ᠋ ᠳᠠᠷᠤᠭ᠎ᠠ ᠲᠦᠮᠡᠨᠪᠠᠶᠠᠷ᠂ ᠸᠠᠩ ᠵᠤ᠋᠂ ᠯᠢ ᠰᠢᠶᠠᠩ ᠶᠦᠨ᠂ ᠵᠢᠶᠠᠩ | ᠾᠦᠢ ᠶᠦᠩ ᠨᠠᠷ ᠬᠤᠷᠠᠯ ᠳᠤ ᠣᠷᠣᠯᠴᠠᠪᠠ᠃ | ᠫᠠᠨ ᠼᠦᠨ ᠭᠦᠸᠧ ᠶᠠᠷᠢᠶᠠᠨ ᠳᠠᠭᠠᠨ᠂ ᠨᠢᠭᠡ ᠵᠢᠯ ᠤᠨ ᠲᠤᠷᠰᠢ ᠬᠤᠰᠢᠭᠤᠨ ᠤ ᠵᠠᠰᠠᠭ ᠤᠨ ᠣᠷᠳᠤᠨ | ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠢᠯᠵᠡᠷᠡᠯ ᠢ ᠡᠰᠡᠷᠭᠦᠴᠡᠨ ᠠᠷᠢᠭᠤᠨ ᠴᠢᠭᠡᠴᠢ ᠶᠢ ᠰᠠᠨᠠᠭᠠᠴᠢᠯᠠᠬᠤ᠂ | ᠠᠵᠢᠯ ᠤᠨ ᠰᠤᠷᠲᠠᠯ ᠢ ᠰᠠᠶᠢᠵᠢᠷᠠᠭᠤᠯᠬᠤ ᠲᠣᠬᠠᠢ ᠡᠯ᠎ᠡ ᠲᠥᠷᠥᠯ ᠤᠨ ᠲᠣᠭᠲᠠᠭᠠᠯ ᠪᠠ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠰᠠᠬᠢᠯᠭ᠎ᠠ | ᠳᠦᠷᠢᠮ ᠢ ᠲᠥᠪ ᠴᠢᠩᠭ᠎ᠠ ᠪᠣᠯᠭᠠᠭᠰᠠᠨ ᠢᠶᠠᠷ ᠵᠠᠰᠠᠭ ᠤᠨ ᠣᠷᠳᠤᠨ ᠤ ᠴᠢᠳᠠᠪᠬᠢ ᠳᠠᠰᠤᠷᠠᠯᠲᠠ ᠦᠭᠡᠢ ᠳᠡᠭᠡᠭᠰᠢᠯᠡᠪᠡ | ᠃ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠴᠢᠩᠭ᠎ᠠ ᠠᠳᠬᠤᠨ᠂ ᠢᠯᠵᠡᠷᠡᠯ ᠢ ᠡᠬᠢ ᠡᠭᠦᠰᠦᠯ ᠠᠴᠠ ᠨᠢ | ᠰᠡᠷᠭᠡᠶᠢᠯᠡᠭᠰᠡᠨ ᠦᠷ᠎ᠡ ᠪᠦᠲᠦᠮᠵᠢ ᠢᠯᠡᠷᠬᠡᠢ᠂ ᠬᠢᠨᠠᠨ ᠪᠠᠶᠢᠴᠠᠭᠠᠵᠤ ᠪᠠᠭᠤᠷᠠᠭᠤᠯᠤᠭᠰᠠᠨ ᠪᠡᠯᠡ ᠮᠥᠩᠭᠦ 2.44 | ᠳ᠋ᠦᠩᠰᠢᠭᠤᠷ ᠲᠦᠭᠦᠷᠢᠭ ᠬᠥᠷᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢ | ᠨᠢᠭᠡᠳᠦᠭᠦᠯᠬᠦ ᠠᠵᠢᠯ ᠢ ᠥᠷᠨᠢᠭᠦᠯᠦᠨ᠂ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠦᠢᠯᠡᠴᠢᠯᠡᠭᠡᠨ ᠤ ᠲᠥᠪ ᠢ ᠪᠠᠶᠢᠭᠤᠯᠵᠤ᠂ 43 ᠬᠢᠨᠠᠨ ᠪᠤᠳᠣᠯᠲᠠ ᠶᠢᠨ ᠲᠥᠷᠥᠯ ᠵᠦᠢᠯ ᠢ ᠪᠡᠶᠡᠯᠡᠭᠦᠯᠦᠨ᠂ ᠳᠦᠷᠢᠮ | ᠢ ᠵᠦᠷᠢᠴᠡᠭᠰᠡᠨ ᠪᠠ ᠬᠠᠮᠢᠶᠠᠷᠤᠯᠲᠠ ᠪᠠᠷ ᠳᠦᠷᠢᠮᠵᠢᠯ ᠦᠭᠡᠢ 9201.4 ᠲᠦᠮᠡᠨ ᠲᠥᠭᠦᠷᠢᠭ ᠤᠨ ᠪᠡᠯᠡ ᠮᠥᠩᠭᠦ | ᠶᠢ ᠪᠠᠶᠢᠴᠠᠭᠠᠨ ᠭᠠᠷᠭᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠠᠮᠵᠢᠯᠲᠠ ᠪᠦᠲᠦᠮᠵᠢ ᠪᠠᠨ | ᠨᠣᠲᠠᠯᠠᠬᠤ ᠶᠢᠨ ᠬᠠᠮᠲᠤ ᠢᠯᠵᠡᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠠᠳᠠᠭᠤ ᠰᠢᠷᠦᠭᠦᠨ | ᠪᠠᠶᠢᠭᠰᠠᠭᠠᠷ ᠭᠡᠳᠡᠭ ᠢ ᠰᠡᠷᠭᠡᠭ ᠢᠶᠠᠷ ᠮᠡᠳᠡᠷᠡᠵᠦ᠂ ᠬᠡᠪ ᠰᠤᠷᠳᠠᠯ ᠠᠷᠢᠭᠤᠨ ᠴᠢᠭᠡᠴᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | |