ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ  ︵ᠬᠤᠶᠠᠷ︶
ᠨᠡᠶᠢᠲᠡᠯᠡᠭᠰᠡᠨ ᠴᠠᠭ᠄
2018/4/20
               2018 ᠣᠨ ᠤ ᠠᠵᠢᠯ ᠤᠨ ᠲᠣᠬᠢᠷᠠᠭᠤᠯᠤᠯᠲᠠ       2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠢᠢᠳᠪᠦᠷᠢᠲᠦ ᠢᠯᠠᠯᠲᠠ ᠣᠯᠬᠤ᠂ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠬᠥᠮᠥᠰ ᠲᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠣᠨ᠎ᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯᠳᠤᠭᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠤᠯᠤᠰ ᠲᠥᠷᠥ ᠶᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠳᠤ ᠣᠷᠣᠯᠴᠠᠨ ᠵᠠᠰᠠᠭ ᠢ ᠵᠥᠪᠯᠡᠬᠦ ᠡᠷᠬᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢ ᠵᠥᠪᠳᠡᠬᠦ ᠭᠤᠣᠯ ᠪᠣᠯᠬᠤ ᠠᠷᠭ᠎ᠠ ᠵᠠᠮ ᠪᠠ ᠲᠤᠰᠬᠠᠢ ᠵᠥᠪᠳᠡᠯᠴᠡᠬᠦ ᠪᠠᠶᠢᠭᠤᠯᠤᠮᠵᠢ ᠪᠣᠯᠣᠭᠰᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠪᠠᠷ ᠴᠢᠭᠯᠡᠯ ᠢ ᠤᠳᠤᠷᠢᠳᠤᠨ᠂ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠪᠠᠷ ᠬᠤᠪᠢ ᠨᠡᠮᠡᠷᠢ ᠪᠠᠨ ᠡᠷᠭᠦᠵᠦ᠂ ᠪᠦᠯᠬᠦᠮᠳᠡᠯ ᠢᠶᠠᠷ ᠡᠶ᠎ᠡ ᠵᠣᠬᠢᠴᠠᠯ ᠢ ᠠᠬᠢᠭᠤᠯᠤᠨ᠂ ᠰᠢᠨ᠎ᠡ ᠶᠢ ᠡᠭᠦᠳᠬᠦ ᠪᠠᠷ ᠳᠦᠷᠢ ᠲᠥᠷᠬᠦ ᠪᠠᠨ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃       ︵ᠨᠢᠭᠡ︶ ᠰᠢᠨ᠎ᠡ ᠬᠥᠳᠡᠯᠭᠡᠭᠦᠷ ᠢ ᠬᠥᠭᠵᠢᠭᠡᠵᠦ᠂ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠶᠢᠨ ᠣᠣᠷ ᠬᠥᠳᠡᠯᠭᠡᠭᠴᠢ ᠬᠦᠴᠦᠨ ᠢ ᠴᠢᠷᠮᠠᠶᠢᠨ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ ᠶᠢᠨ ᠨᠢᠭᠡᠲᠦᠯᠲᠡᠢ ᠤᠳᠤᠷᠢᠳᠤᠯᠭ᠎ᠠ ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠪᠠ ᠬᠤᠶᠢᠰᠢᠲᠠ ᠶᠢᠨ ᠨᠢᠭᠡᠨ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠨ ᠣᠶᠢᠯᠠᠭᠠᠵᠤ ᠭᠦᠨᠵᠡᠭᠡᠢ ᠨᠡᠪᠲᠡᠷᠡᠬᠦ ᠪᠠᠷ ᠬᠦᠴᠦᠯᠡᠬᠦ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠪᠣᠯᠬᠤ ᠤᠳᠬ᠎ᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠦᠵᠡᠯ ᠰᠠᠨᠠᠭ᠎ᠠ ᠪᠠᠷ ᠰᠢᠨ᠎ᠡ ᠬᠥᠳᠡᠯᠭᠡᠭᠦᠷ ᠢ ᠤᠳᠤᠷᠢᠳᠬᠤ ᠶᠢ ᠪᠦᠬᠦ ᠲᠠᠯ᠎ᠠ ᠪᠠᠷ ᠨᠡᠭᠡᠭᠡᠵᠦ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠳᠠᠯᠭ᠎ᠠ ᠶᠢᠨ ᠤᠬᠠᠮᠰᠠᠷ᠂ ᠵᠡᠷᠭᠡᠴᠡᠬᠦ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠵᠠᠮ ᠱᠣᠭᠤᠮ ᠤᠨ ᠢᠲᠡᠭᠡᠯ᠂ ᠣᠨᠣᠯ ᠤᠨ ᠢᠲᠡᠭᠡᠯ᠂ ᠳᠦᠷᠢᠮ ᠤᠨ ᠢᠲᠡᠭᠡᠯ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠤᠯᠤᠰ ᠲᠥᠷᠥ ᠶᠢᠨ ᠰᠠᠭᠤᠷᠢ ᠪᠠᠨ ᠪᠠᠲᠤᠳᠬᠠᠨ᠎ᠠ᠃ ᠠᠷᠪᠠ ᠶᠢᠰᠦᠳᠦᠭᠡᠷ ᠶᠡᠭᠡ ᠬᠤᠷᠠᠯ ᠠᠴᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠲᠠᠯᠪᠢᠭᠰᠠᠨ ᠨᠢᠭᠡ ᠰᠢᠷᠢᠰ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠯᠤᠭ᠎ᠠ ᠨᠢᠭᠡᠲᠦᠯᠲᠡᠢ ᠪᠣᠯᠭᠠᠨ᠂ ᠥᠷᠭᠡᠨ ᠬᠡᠪᠴᠢᠶᠡᠨ ᠠᠴᠠ ᠬᠠᠮᠲᠤ ᠶᠢᠨ ᠲᠠᠨᠢᠯᠲᠠ᠂ ᠣᠯᠠᠨ ᠤ ᠰᠡᠳᠬᠢᠯ᠂ ᠣᠶᠣᠨ ᠤᠬᠠᠭᠠᠨ᠂ ᠬᠦᠴᠦᠨ ᠢ ᠨᠢᠭᠲᠠᠷᠠᠭᠤᠯᠤᠨ᠎ᠠ᠃       ︵ᠬᠤᠶᠠᠷ︶ ᠰᠢᠨ᠎ᠡ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠢ ᠵᠥᠪᠯᠡᠬᠦ ᠰᠠᠶᠢᠨ ᠠᠷᠭ᠎ᠠ ᠰᠦᠪᠡᠭᠴᠢᠯᠡᠨ᠎ᠡ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠯᠤᠭ᠎ᠠ ᠰᠡᠳᠬᠢᠯ᠂ ᠴᠢᠭᠯᠡᠯ᠂ ᠠᠵᠢᠯ ᠲᠥᠷᠥᠯ ᠢᠶᠠᠨ ᠨᠢᠭᠡᠲᠦᠯᠲᠡᠢ ᠪᠠᠶᠢᠯᠭᠠᠬᠤ ᠶᠢ ᠪᠠᠷᠢᠮᠲᠠᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠢᠶᠠᠨ ᠵᠦᠩ ᠶᠤᠸᠠᠢ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠨᠢᠭᠡᠳᠦᠭᠡᠷ ᠤᠳᠠᠭᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠣᠰᠣᠭᠠᠷ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠭᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ ᠪᠦᠬᠦ ᠭᠡᠰᠢᠭᠦᠳ ᠤᠨ ᠬᠤᠷᠠᠯ ᠢᠶᠠᠷ ᠥᠷᠭᠡᠨ ᠢᠶᠠᠷ ᠵᠥᠪᠳᠡᠯᠴᠡᠬᠦ᠂ ᠪᠠᠶᠢᠩᠭᠤ ᠶᠢᠨ ᠭᠡᠰᠢᠭᠦᠳ ᠤᠨ ᠬᠤᠷᠠᠯ ᠢᠶᠠᠷ ᠲᠤᠰᠬᠠᠢ ᠰᠡᠳᠦᠪ ᠢᠶᠠᠷ ᠵᠥᠪᠳᠡᠯᠴᠡᠬᠦ᠂ ᠲᠡᠷᠢᠭᠦᠯᠡᠭᠴᠢ ᠶᠢᠨ ᠬᠤᠷᠠᠯ ᠢᠶᠠᠷ ᠭᠤᠣᠯᠳᠠᠯᠭ᠎ᠠ ᠲᠠᠢ ᠵᠥᠪᠳᠡᠯᠴᠡᠬᠦ᠂ ᠲᠤᠰᠬᠠᠢ ᠺᠣᠮᠢᠰ ᠤᠨ ᠬᠤᠷᠠᠯ ᠢᠶᠠᠷ ᠬᠠᠷᠠᠭᠠᠯᠵᠠᠭᠤᠯᠤᠨ ᠵᠥᠪᠳᠡᠯᠴᠡᠬᠦ ᠡᠷᠬᠡ ᠲᠤᠰᠢᠶᠠᠯ ᠢ ᠦᠨᠡᠩᠬᠦ ᠬᠡᠷᠡᠭᠵᠢᠭᠦᠯᠦᠨ᠂ ᠠᠵᠤ ᠠᠬᠤᠢ ᠶᠢᠨ ᠦᠷᠭᠦᠯᠵᠢᠯᠡᠬᠦᠶᠢᠴᠡ ᠡᠷᠡᠭᠦᠯ ᠬᠥᠭᠵᠢᠬᠦ᠂ ᠠᠷᠠᠳ ᠤᠨ ᠠᠮᠢᠳᠤᠷᠠᠯ ᠲᠠᠰᠤᠷᠠᠯᠲᠠ ᠦᠭᠡᠢ ᠰᠠᠶᠢᠵᠢᠷᠠᠬᠤ᠂ ᠨᠡᠶᠢᠭᠡᠮ ᠡᠶ᠎ᠡ ᠵᠣᠬᠢᠴᠠᠯ ᠲᠠᠢ ᠠᠮᠤᠷ ᠲᠣᠭᠲᠠᠭᠤᠨ ᠪᠠᠶᠢᠬᠤ ᠶᠢ ᠲᠦᠯᠬᠢᠨ ᠠᠬᠢᠭᠤᠯᠬᠤ ᠳᠤ ᠦᠨᠡᠨᠴᠢ ᠰᠠᠨᠠᠭᠤᠯᠭ᠎ᠠ ᠰᠠᠶᠢᠨ ᠪᠣᠳᠣᠯᠭ᠎ᠠ ᠪᠣᠳᠠᠲᠤ ᠠᠷᠭ᠎ᠠ ᠳᠡᠪᠰᠢᠭᠦᠯᠦᠨ᠎ᠡ᠃ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠬᠡᠰᠢᠭᠲᠡᠨ ᠬᠤᠰᠢᠭᠤᠨ ᠤ ᠪᠣᠬᠢᠷᠲᠤᠯ ᠦᠭᠡᠢ ᠬᠥᠭᠵᠢᠨ ᠮᠠᠨᠳᠤᠯᠲᠠ ᠶᠢ ᠪᠡᠶᠡᠯᠡᠭᠦᠯᠬᠦ ᠵᠡᠷᠭᠡ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯ ᠱᠣᠭᠤᠮ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠭᠠᠷᠳᠠᠬᠤ ᠴᠢᠭ ᠪᠠ ᠬᠦᠴᠦᠯᠡᠬᠦ‍ ᠴᠢᠭ ᠢ ᠣᠨᠣᠪᠴᠢᠲᠡᠢ ᠡᠷᠢᠨ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢ ᠪᠠᠳᠠᠷᠠᠭᠤᠯᠵᠤ᠂ ᠢᠳᠡᠪᠬᠢᠲᠡᠢ ᠪᠠᠷ ᠣᠷᠣᠯᠴᠠᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠶᠠᠷᠢᠯᠴᠠᠨ ᠵᠥᠪᠳᠡᠯᠴᠡᠵᠦ᠂ ᠳᠡᠪᠰᠢᠭᠦᠯᠦᠭᠰᠡᠨ ᠰᠠᠨᠠᠭᠤᠯᠭ᠎ᠠ ᠲᠤᠰᠠ ᠳᠡᠮ ᠦᠵᠡᠭᠦᠯᠵᠦ ᠲᠣᠯᠢ ᠪᠣᠯᠭᠠᠬᠤ᠂ ᠳᠡᠪᠰᠢᠭᠦᠯᠦᠭᠰᠡᠨ ᠠᠷᠭ᠎ᠠ ᠪᠣᠳᠣᠯᠭ᠎ᠠ ᠬᠡᠷᠡᠭᠯᠡᠵᠦ ᠪᠣᠯᠬᠤ᠂ ᠲᠥᠷᠥ ᠳᠤ ᠣᠷᠣᠯᠴᠠᠬᠤ ᠳᠤ ᠬᠦᠴᠦᠨ ᠲᠠᠢ ᠪᠦᠲᠦᠮᠵᠢᠲᠡᠢ ᠪᠠᠶᠢᠬᠤ ᠶᠢ ᠪᠡᠶᠡᠯᠡᠭᠦᠯᠦᠨ᠂ ︽ᠠᠷᠪᠠᠨ ᠭᠤᠷᠪᠠᠳᠤᠭᠠᠷ ᠲᠠᠪᠤ︾ ᠶᠢᠨ ᠤᠷᠤᠭᠰᠢᠲᠠᠢ ᠬᠡᠷᠡᠭᠵᠢᠭᠦᠯᠦᠭᠳᠡᠬᠦ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠬᠡᠰᠢᠭᠲᠡᠨ ᠬᠤᠰᠢᠭᠤᠨ ᠤ ᠪᠣᠬᠢᠷᠲᠤᠯ ᠦᠭᠡᠢ ᠬᠥᠭᠵᠢᠨ ᠮᠠᠨᠳᠤᠯᠲᠠ ᠳᠤ ᠠᠮᠢᠵᠢᠷᠠᠯ ᠤᠨ ᠬᠦᠴᠦᠨ ᠢ ᠬᠥᠭᠵᠢᠭᠡᠨ᠂ ᠲᠤᠰᠠᠯᠠᠬᠤ ᠬᠦᠴᠦᠨ ᠨᠡᠮᠡᠷᠢᠯᠡᠨ᠎ᠡ᠃       ︵ᠭᠤᠷᠪᠠ︶ ᠰᠢᠨ᠎ᠡ ᠬᠦᠰᠡᠯ ᠪᠠᠷᠠᠯᠠᠯ ᠢ ᠡᠶᠡᠯᠳᠦᠨ ᠳᠠᠭᠠᠵᠤ᠂ ᠬᠥᠭᠵᠢᠯᠲᠡ ᠶᠢᠨ ᠵᠥᠪ ᠡᠨᠧᠷᠭᠢ ᠶᠢ ᠴᠢᠷᠮᠠᠶᠢᠨ ᠲᠥᠪᠯᠡᠷᠡᠭᠦᠯᠦᠨ᠎ᠡ᠃ ᠠᠷᠠᠳ ᠤᠨ ᠰᠠᠨᠠᠭ᠎ᠠ ᠶᠢ ᠰᠠᠭᠠᠳ ᠦᠭᠡᠢ ᠨᠡᠪᠲᠡᠷᠡᠭᠦᠯᠵᠦ ᠠᠷᠠᠳ ᠤᠨ ᠰᠠᠨᠠᠭᠠᠰᠢᠷᠠᠯ ᠢ ᠠᠷᠢᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠠᠷᠠᠳ ᠣᠯᠠᠨ ᠲᠠᠢ ᠨᠢᠭᠲᠠ ᠬᠠᠷᠢᠯᠴᠠᠳᠠᠭ ᠳᠠᠪᠠᠭᠤᠯᠢᠭ ᠢ ᠪᠠᠳᠠᠷᠠᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ ᠢ ᠥᠷᠭᠡᠳᠬᠡᠵᠦ᠂ ᠣᠯᠠᠨ ᠲᠦᠮᠡᠨ ᠤ ᠦᠵᠡᠯ ᠰᠠᠨᠠᠭᠠᠨ ᠤ ᠲᠥᠭᠡᠷᠢᠭᠳᠡᠯ ᠤᠨ ᠴᠢᠭ᠂ ᠠᠰᠢᠭ ᠲᠤᠰᠠ ᠶᠢᠨ ᠬᠠᠷᠢᠴᠠᠭᠠᠨ ᠤ ᠲᠥᠪᠯᠡᠷᠡᠯ ᠤᠨ ᠴᠢᠭ᠂ ᠨᠡᠶᠢᠭᠡᠮ ᠤᠨ ᠵᠦᠷᠢᠴᠡᠯ ᠠᠮᠠᠷᠬᠠᠨ ᠡᠭᠦᠰᠬᠦ‍ ᠴᠢᠭ ᠤᠨ ᠲᠣᠭᠤᠷᠢᠨ ᠳᠤ᠂ ᠴᠠᠭ ᠲᠤᠬᠠᠢ ᠳᠤᠨᠢ ᠵᠥᠪ ᠣᠨᠣᠪᠴᠢᠲᠡᠢ᠂ ᠪᠦᠬᠦ ᠲᠠᠯ᠎ᠠ ᠠᠴᠠ ᠪᠤᠰᠤᠳᠴᠢ ᠪᠠᠷ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠰᠡᠯ ᠱᠠᠭᠠᠷᠳᠠᠯᠭ᠎ᠠ ᠶᠢ ᠲᠤᠰᠬᠠᠨ᠎ᠠ᠃ ᠰᠠᠨᠠᠯ ᠵᠥᠪᠯᠡᠯᠭᠡ ᠶᠢᠨ ᠠᠵᠢᠯ ᠤᠨ ᠨᠡᠶᠢᠯᠡᠮᠡᠯ ᠬᠦᠴᠦᠨ ᠢ ᠴᠢᠩᠭᠠᠳᠬᠠᠵᠤ᠂ ᠡᠯ᠎ᠡ ᠲᠤᠰᠬᠠᠢ ᠺᠣᠮᠢᠰ ᠤᠨ ᠰᠠᠨᠠᠯ ᠵᠥᠪᠯᠡᠯᠭᠡ ᠶᠢᠨ ᠠᠵᠢᠯ ᠳᠤ ᠣᠷᠣᠯᠴᠠᠬᠤ ᠳᠦᠷᠢᠮ ᠤᠨ ᠵᠣᠬᠢᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠺᠣᠮᠢᠰ ᠳᠤ ᠲᠦᠰᠢᠭᠯᠡᠨ ᠢᠯᠭᠠᠯᠲᠤ ᠡᠲᠡᠭᠡᠳ ᠤᠨ ᠭᠡᠰᠢᠭᠦᠳ ᠢ ᠵᠣᠬᠢᠶᠠᠨ ᠪᠠᠶᠢᠭᠤᠯᠵᠤ ︽ᠰᠡᠳᠦᠪ ᠲᠠᠢ ᠪᠠᠷ ᠪᠠᠶᠢᠴᠠᠭᠠᠨ ᠰᠤᠳᠤᠯᠬᠤ︾ ᠪᠠ ︽ᠰᠡᠳᠦᠪ  ᠲᠠᠢ ᠲᠣᠭᠤᠷᠢᠨ ᠪᠠᠶᠢᠴᠠᠭᠠᠬᠤ︾ ᠶᠢ ᠥᠷᠨᠢᠭᠦᠯᠦᠨ᠎ᠡ᠃ ᠰᠠᠶᠢᠨ ᠦᠢᠯᠡ ᠠᠵᠢᠯᠯᠠᠭ᠎ᠠ ᠶᠢ ᠢᠯᠡᠭᠦᠬᠡᠨ ᠰᠠᠨᠠᠭᠠᠴᠢᠯᠠᠵᠤ᠂ ᠪᠤᠶᠠᠨ ᠤ ᠦᠢᠯᠡᠰ ᠲᠤ ᠥᠷᠭᠡᠨ ᠢᠶᠠᠷ ᠣᠷᠣᠯᠴᠠᠨ᠂ ᠭᠡᠰᠢᠭᠦᠳ ᠢ ᠤᠳᠤᠷᠢᠳᠤᠨ ᠵᠣᠷᠢᠭᠵᠢᠭᠤᠯᠵᠤ ᠰᠤᠷᠤᠯᠭ᠎ᠠ ᠲᠡᠳᠬᠦᠬᠦ᠂ ᠶᠠᠳᠠᠭᠤ ᠬᠦᠴᠢᠷᠲᠡᠢ ᠬᠥᠮᠥᠰ ᠢ ᠬᠠᠪᠰᠤᠷᠤᠨ ᠳᠡᠮᠵᠢᠬᠦ ᠵᠡᠷᠭᠡ ᠨᠡᠶᠢᠲᠡ ᠶᠢᠨ ᠠᠰᠠᠷᠠᠮᠵᠢ ᠪᠤᠶᠠᠨ ᠤ ᠦᠢᠯᠡᠰ ᠤᠨ ᠠᠵᠢᠯᠯᠠᠭᠠᠨ ᠳᠤ ᠢᠳᠡᠪᠬᠢᠲᠡᠢ ᠣᠷᠣᠯᠴᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠪᠣᠲᠠᠳᠤ ᠠᠵᠢᠯᠯᠠᠭ᠎ᠠ ᠪᠠᠷ ᠠᠷᠠᠳ ᠣᠯᠠᠨ ᠳᠤ ᠠᠵᠠ ᠵᠢᠷᠭᠠᠯ ᠬᠥᠷᠲᠡᠭᠡᠨ᠎ᠡ᠃ ᠨᠢᠭᠡ ᠪᠦᠯᠦᠭ ᠲᠡᠦᠬᠡ ᠰᠤᠳᠤᠯᠤᠯ ᠤᠨ ᠨᠡᠷᠡᠲᠦ ᠡᠷᠳᠡᠮᠲᠡᠨ ᠪᠠ ᠲᠤᠰᠬᠠᠢ ᠮᠡᠷᠭᠡᠵᠢᠯ ᠤᠨ ᠡᠷᠳᠡᠮᠲᠡᠳ ᠢ ᠣᠷᠢᠨ ᠵᠠᠯᠠᠵᠤ ᠲᠡᠦᠬᠡ ᠰᠤᠶᠤᠯ ᠤᠨ ᠮᠠᠲ᠋ᠧᠷᠢᠶᠠᠯ ᠤᠨ ᠲᠤᠰᠬᠠᠢ ᠰᠤᠳᠤᠯᠤᠭᠴᠢ ᠪᠣᠯᠭᠠᠵᠤ᠂ ᠲᠡᠦᠭᠡ ᠰᠤᠶᠤᠯ ᠤᠨ ᠮᠠᠲ᠋ᠧᠷᠢᠶᠠᠯ ᠤᠨ ᠠᠵᠢᠯ ᠤᠨ ᠡᠩᠨᠡᠭᠡᠨ ᠤ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠮ ᠪᠤᠰᠤ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠦᠨᠳᠦᠰᠦᠲᠡᠨ ᠡᠯ᠎ᠡ ᠡᠲᠡᠭᠡᠳ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠯ᠎ᠡ ᠭᠠᠵᠠᠷ ᠣᠷᠣᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠴᠠᠭ᠎ᠠ ᠨᠥᠬᠦᠷᠯᠡᠯ ᠢᠶᠠᠨ ᠴᠢᠩᠭᠠᠳᠬᠠᠨ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠨᠢᠭᠡᠳᠦᠮᠡᠯ ᠹᠷᠣᠨᠲ ᠤᠨ ᠦᠢᠯᠡᠳᠦᠯ ᠢ ᠦᠨᠡᠩᠬᠦ ᠪᠠᠳᠠᠷᠠᠭᠤᠯᠵᠤ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤ ᠬᠠᠮᠳᠤᠪᠡᠷ ᠰᠡᠳᠬᠢᠯ ᠨᠢᠭᠡᠳᠬᠡᠵᠦ ᠬᠦᠴᠦ ᠪᠠᠨ ᠬᠠᠮᠳᠤᠳᠬᠠᠨ ᠬᠥᠭᠵᠢᠯᠲᠡ ᠥᠭᠡᠷᠡᠴᠢᠯᠡᠯᠲᠡ ᠶᠢ ᠪᠣᠳᠣᠯᠬᠢᠯᠠᠨ ᠰᠦᠪᠡᠭᠴᠢᠯᠡᠬᠦ ᠰᠠᠶᠢᠨ ᠰᠠᠶᠢᠬᠠᠨ ᠤᠯᠤᠰ ᠲᠥᠷᠥ ᠶᠢᠨ ᠪᠠᠶᠢᠳᠠᠯ ᠢ ᠴᠢᠷᠮᠠᠶᠢᠨ ᠴᠣᠭᠴᠠᠯᠠᠨ᠎ᠠ᠃       ︵ᠳᠥᠷᠪᠡ︶ ᠰᠢᠨ᠎ᠡ ᠳᠦᠷᠢ ᠲᠥᠷᠬᠦ ᠶᠢ ᠢᠯᠡᠷᠡᠭᠦᠯᠵᠦ᠂ ᠪᠠᠶᠢᠷᠢ ᠪᠠᠨ ᠲᠣᠭᠲᠠᠭᠠᠨ ᠰᠢᠨ᠎ᠡ ᠠᠮᠵᠢᠯᠲᠠ ᠭᠠᠷᠭᠠᠬᠤ ᠪᠠᠷ ᠬᠦᠴᠦ ᠪᠠᠨ ᠬᠠᠮᠳᠤᠳᠬᠠᠨ ᠴᠢᠷᠮᠠᠶᠢᠨ᠎ᠠ᠃ ᠠᠷᠠᠳᠴᠢᠯᠠᠯ ᠢᠶᠠᠷ ᠵᠥᠪᠳᠡᠯᠴᠡᠬᠦ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠳᠴᠢᠯᠠᠯ ᠢᠶᠠᠷ ᠵᠥᠪᠳᠡᠯᠴᠡᠬᠦ ᠳᠦᠷᠢᠮ ᠪᠠ ᠠᠵᠢᠯ ᠤᠨ ᠵᠣᠬᠢᠮᠵᠢ ᠶᠢ ᠤᠯᠠᠮ ᠨᠢᠭᠡ ᠠᠯᠬᠤᠮ ᠰᠦᠪᠡᠭᠴᠢᠯᠡᠨ ᠲᠡᠭᠦᠯᠳᠡᠷᠵᠢᠭᠦᠯᠵᠦ᠂ ᠲᠤᠰᠬᠠᠢ ᠰᠡᠳᠦᠪ ᠢᠶᠠᠷ ᠵᠥᠪᠳᠡᠯᠴᠡᠬᠦ᠂ ᠬᠠᠷᠠᠭᠠᠯᠵᠠᠭᠤᠯᠤᠨ ᠵᠥᠪᠳᠡᠯᠴᠡᠬᠦ᠂ ᠢᠯᠭᠠᠯᠲᠤ ᠡᠲᠡᠭᠡᠳ ᠯᠤᠭ᠎ᠠ ᠵᠥᠪᠳᠡᠯᠴᠡᠬᠦ᠂ ᠰᠠᠨᠠᠯ ᠵᠥᠪᠯᠡᠯᠭᠡ ᠶᠢ ᠭᠦᠢᠴᠡᠳᠬᠡᠬᠦ ᠪᠠᠷ ᠵᠥᠪᠳᠡᠯᠴᠡᠬᠦ ᠶᠢ ᠢᠳᠡᠪᠬᠢᠲᠡᠢ ᠥᠷᠨᠢᠭᠦᠯᠦᠨ᠂ ᠠᠷᠠᠳᠴᠢᠯᠠᠯ ᠢᠶᠠᠷ ᠵᠥᠪᠳᠡᠯᠴᠡᠬᠦ ᠶᠢ ᠥᠷᠭᠡᠨ ᠬᠡᠪᠴᠢᠶ᠎ᠡ ᠲᠠᠢ᠂ ᠣᠯᠠᠨ ᠳᠠᠪᠬᠤᠷᠭ᠎ᠠ ᠲᠠᠢ᠂ ᠳᠦᠷᠢᠮᠵᠢᠯ ᠲᠠᠢ ᠬᠥᠭᠵᠢᠭᠦᠯᠬᠦ ᠶᠢ ᠠᠬᠢᠭᠤᠯᠤᠨ᠎ᠠ᠃ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠠᠨᠠᠯ︾ ᠢ ᠪᠦᠬᠦ ᠲᠠᠯ᠎ᠠ ᠪᠠᠷ ᠲᠤᠤᠱᠯᠠᠭᠤᠨ ᠨᠠᠶᠢᠳᠠᠪᠤᠷᠢᠵᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠷᠬᠡ ᠲᠤᠰᠢᠶᠠᠯ ᠢ ᠨᠠᠷᠢᠨ ᠬᠢᠨᠠᠮᠠᠭᠠᠢ ᠭᠦᠢᠴᠡᠳᠬᠡᠨ᠂ ᠲᠣᠭᠤᠷᠢᠨ ᠪᠠᠶᠢᠴᠠᠭᠠᠯᠲᠠ᠂ ᠰᠠᠨᠠᠯ ᠵᠥᠪᠯᠡᠯᠭᠡ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠪᠠ ᠠᠷᠠᠳᠴᠢᠯᠠᠯ ᠢᠶᠠᠷ ᠦᠨᠡᠯᠡᠬᠦ ᠠᠵᠢᠯ ᠢ ᠴᠢᠩᠭᠠᠳᠬᠠᠨ᠂ ᠨᠠᠮ ᠵᠠᠰᠠᠭ ᠠᠴᠠ ᠬᠠᠯᠠᠮᠵᠢᠯᠠᠨ᠂ ᠣᠯᠠᠨ ᠲᠦᠮᠡᠨ ᠠᠩᠬᠠᠷᠴᠤ᠂ ᠨᠡᠶᠢᠭᠡᠮ ᠨᠡᠶᠢᠲᠡ ᠶᠢᠨ ᠠᠩᠬᠠᠷᠤᠯ ᠤᠨ ᠴᠢᠭ ᠪᠣᠯᠣᠭᠰᠠᠨ ᠴᠢᠬᠤᠯᠠ ᠠᠰᠠᠭᠤᠳᠠᠯ ᠳᠤ ᠪᠦᠲᠦᠮᠵᠢᠲᠡᠢ ᠬᠢᠨᠠᠯᠲᠠ ᠲᠠᠯᠪᠢᠨ᠎ᠠ᠃ ᠤᠯᠤᠰ ᠲᠥᠷᠥ ᠶᠢᠨ ᠵᠥᠪᠯᠡᠯᠭᠡᠨ ᠢ ᠣᠶᠢᠯᠠᠭᠠᠬᠤ᠂ ᠵᠥᠪᠳᠡᠯᠴᠡᠵᠦ ᠴᠢᠳᠠᠬᠤ᠂ ᠵᠠᠰᠠᠭ ᠢ ᠴᠢᠳᠠᠮᠠᠭᠠᠢ ᠵᠥᠪᠯᠡᠬᠦ ᠪᠠ ᠰᠠᠬᠢᠯᠭ᠎ᠠ ᠳᠦᠷᠢᠮ ᠢ ᠰᠠᠬᠢᠬᠤ᠂ ᠳᠦᠷᠢᠮ ᠲᠣᠭᠲᠠᠭᠠᠯ ᠢ ᠵᠢᠷᠤᠮᠯᠠᠬᠤ᠂ ᠮᠤᠷᠠᠯ ᠰᠤᠷᠲᠠᠯ ᠢ ᠴᠢᠬᠤᠯᠠᠴᠢᠯᠠᠬᠤ ᠱᠠᠭᠠᠷᠳᠠᠯᠭ᠎ᠠ ᠶᠣᠰᠣᠭᠠᠷ᠂ ᠭᠡᠰᠢᠭᠦᠳ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠤᠯᠴᠠᠯᠭ᠎ᠠ ᠪᠣᠯᠪᠠᠰᠤᠷᠠᠯ ᠢ ᠲᠣᠪᠣᠶᠢᠯᠭᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠡᠶᠡᠯᠡᠭᠦᠯᠬᠦ ᠬᠢᠨᠠᠨ ᠰᠢᠯᠭᠠᠯᠲᠠ ᠶᠢ ᠲᠡᠭᠦᠯᠳᠡᠷᠵᠢᠭᠦᠯᠦᠨ᠂ ᠤᠷᠤᠭᠰᠢᠯᠠᠵᠤ ᠤᠬᠤᠷᠢᠬᠤ ᠠᠷᠭ᠎ᠠ ᠵᠠᠮ ᠢ ᠰᠢᠯᠤᠭᠤᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠨᠠᠮ ᠤᠨ ᠳᠤᠭᠤᠶᠢᠯᠠᠩ ᠨᠢ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠭ᠎ᠠ ᠬᠥᠮᠥᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠠᠬᠢᠭᠤᠯᠬᠤ ᠪᠠᠷ  ᠭᠠᠷᠳᠠᠬᠤ ᠴᠢᠭ ᠪᠣᠯᠭᠠᠨ᠂ ᠪᠠᠶᠢᠭᠤᠯᠤᠯᠭ᠎ᠠ ᠶᠢᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠠᠵᠢᠯ ᠤᠨ ᠰᠤᠷᠲᠠᠯ ᠪᠠ ᠳᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠦᠭᠡ ᠶᠠᠷᠢᠶᠠᠨ ᠤ ᠡᠷᠬᠡ ᠶᠢ ᠪᠠᠲᠤ ᠡᠵᠡᠮᠳᠡᠨ᠂ ᠦᠵᠡᠯ ᠰᠠᠨᠠᠭ᠎ᠠ ᠪᠠᠷ ᠤᠳᠤᠷᠢᠳᠤᠨ ᠳᠠᠭᠠᠭᠤᠯᠬᠤ᠂ ᠶᠠᠷᠢᠶ᠎ᠠ ᠬᠡᠯᠡᠯᠴᠡᠭᠡ ᠪᠠᠷ ᠲᠦᠯᠬᠢᠨ ᠠᠬᠢᠭᠤᠯᠬᠤ ᠪᠠ ᠵᠣᠷᠢᠭ ᠰᠠᠨᠠᠭ᠎ᠠ ᠪᠠᠷ ᠬᠥᠭᠵᠢᠭᠡᠨ ᠵᠣᠷᠢᠭᠵᠢᠭᠤᠯᠬᠤ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠰᠠᠶᠢᠲᠤᠷ ᠰᠠᠬᠢᠨ ᠬᠠᠮᠢᠶᠠᠷᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠪ ᠴᠢᠨᠠᠷ ᠢ ᠤᠭᠲᠤ ᠰᠤᠯᠠᠷᠠᠭᠤᠯᠤᠯ ᠦᠭᠡᠢ ᠴᠢᠩᠭᠠᠳᠬᠠᠵᠤ᠂ ᠠᠵᠢᠯ ᠤᠨ ᠰᠤᠷᠲᠠᠯ ᠢ ᠲᠠᠰᠤᠷᠠᠯᠲᠠ ᠦᠭᠡᠢ ᠴᠢᠩᠭ᠎ᠠ ᠠᠳᠬᠤᠨ᠂ ᠤᠯᠤᠰ ᠲᠥᠷᠥ ᠡᠷᠡᠰ ᠴᠢᠩᠭ᠎ᠠ᠂ ᠮᠡᠳᠡᠯᠭᠡ ᠪᠠᠶᠠᠯᠢᠭ᠂ ᠠᠵᠢᠯ ᠲᠥᠷᠥᠯ ᠪᠣᠯᠪᠠᠰᠤᠷᠠᠩᠭᠤᠢ ᠤᠯᠤᠰ ᠲᠥᠷᠥ ᠶᠢᠨ ᠵᠥᠪᠯᠡᠯᠭᠡᠨ ᠤ ᠺᠠᠳ᠋ᠷᠴᠤᠳ ᠤᠨ ᠡᠩᠨᠡᠭᠡ ᠶᠢ ᠴᠢᠷᠮᠠᠶᠢᠨ ᠴᠣᠭᠴᠠᠯᠠᠨ᠎ᠠ᠃       ᠭᠡᠰᠢᠭᠦᠳ ᠡ᠂ ᠨᠦᠬᠦᠳ ᠡ᠂ ᠤᠯᠠᠷᠢᠯ ᠤᠨ ᠰᠠᠶᠢᠬᠠᠨ ᠬᠠᠪᠤᠷ ᠰᠠᠭᠠᠲᠠᠵᠤ ᠲᠦᠮᠡᠨ ᠪᠤᠳᠠᠰ ᠠᠮᠢᠯᠠᠨ ᠰᠡᠷᠭᠦᠯ᠎ᠡ᠃ ᠡᠨᠡ ᠵᠢᠯ ᠪᠣᠯ ᠠᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠪᠡᠶᠡᠯᠡᠭᠦᠯᠬᠦ ᠡᠬᠢᠯᠡᠯᠲᠡ ᠶᠢᠨ ᠵᠢᠯ ᠮᠥᠨ᠂ ᠮᠥᠨ ᠴᠦ ᠥᠷᠭᠡᠨ ᠣᠯᠠᠨ ᠭᠡᠰᠢᠭᠦᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢᠶᠠᠨ ᠤᠷᠮ᠎ᠠ ᠲᠡᠭᠦᠯᠳᠡᠷ ᠡᠬᠢᠯᠡᠭᠦᠯᠬᠦ ᠵᠢᠯ ᠪᠠᠶᠢᠵᠤ᠂ ᠨᠠᠮ ᠵᠠᠰᠠᠭ ᠤᠨ ᠵᠥᠪ ᠣᠨᠣᠪᠴᠢᠲᠡᠢ ᠤᠳᠤᠷᠢᠳᠤᠯᠭ᠎ᠠ ᠳᠣᠣᠷ᠎ᠠ ᠠᠤᠭ᠎ᠠ ᠦᠢᠯᠡᠰ ᠢ ᠪᠢᠴᠢᠭᠯᠡᠬᠦ ᠨᠢ ᠯᠠᠪᠲᠠᠢ᠂ ᠡᠭᠦᠷᠭᠡ ᠬᠦᠨᠳᠦ ᠵᠠᠮ ᠬᠤᠯᠠ ᠲᠤᠯᠠ ᠨᠡᠩ ᠴᠦ ᠬᠤᠷᠳᠤᠨ ᠬᠦᠯᠦᠭ ᠤᠨ ᠵᠢᠯᠣᠭᠤ ᠶᠢ ᠰᠤᠩᠭᠠᠭᠤᠰᠢᠲᠠᠢ ᠶᠤᠮ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠲᠥᠪ ᠪᠣᠯᠭᠠᠭᠰᠠᠨ ᠨᠠᠮ ᠤᠨ ᠲᠥᠪ ᠬᠤᠷᠢᠶᠠᠨ ᠤ ᠳᠡᠷᠭᠡᠳᠡ ᠪᠦᠯᠬᠦᠮᠳᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠠᠩᠬᠠᠨ ᠤ ᠵᠣᠷᠢᠯᠲᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠣᠯᠠᠨ ᠤ ᠣᠬᠠᠭᠠᠨ ᠬᠠᠮᠲᠤ ᠶᠢᠨ ᠬᠦᠴᠦᠨ ᠢ ᠲᠥᠪᠯᠡᠷᠡᠭᠦᠯᠦᠨ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠢᠢᠳᠪᠦᠷᠢᠲᠦ ᠢᠯᠠᠯᠲᠠ ᠣᠯᠬᠤ᠂ ᠬᠡᠰᠢᠭᠲᠡᠨ ᠬᠤᠰᠢᠭᠤᠨ ᠤ ᠪᠣᠬᠢᠷᠲᠤᠯ ᠦᠭᠡᠢ ᠬᠥᠭᠵᠢᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠶᠢ ᠦᠵᠡᠭᠦᠯᠰᠦᠭᠡᠢ︕
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号