ᠮᠠᠨ ᠤ ᠬᠤᠰᠢᠭᠤ ᠴᠦᠬᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/24
      2018 ᠣᠨ ᠤ 4 ᠰᠠᠷ᠎ᠠ ᠶᠢᠨ 20᠎ ᠤ ᠡᠳᠦᠷ᠂ ᠮᠠᠨ ᠤ ᠬᠤᠰᠢᠭᠤ ᠴᠦᠬᠡᠨ ᠲᠣᠭᠠᠲᠤ ᠦᠨᠳᠦᠰᠦᠲᠡᠨ ᠎ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ᠂ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ᠂ ᠳᠠᠯᠠᠶᠢᠨᠠᠭᠤᠷ ᠪᠠᠯᠭᠠᠰᠤ᠂ ᠪᠠᠶᠠᠨᠴᠠᠭᠠᠨ ᠰᠤᠮᠤ᠂ ᠳᠠᠷᠬᠠᠬᠠᠭᠤᠯᠠ ᠰᠤᠮᠤ ᠵᠢᠴᠢ ᠡᠯ᠎ᠡ ᠲᠦᠷᠦᠯ ᠵᠦᠢᠯ ᠯᠤᠭ᠎ᠠ ᠬᠤᠯᠪᠣᠭᠳᠠᠯ ᠪᠦᠬᠦᠢ ᠭᠠᠴᠠᠭ᠎ᠠ ᠪᠠ ᠬᠤᠷᠰᠢᠶᠠᠵᠢᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃       ᠬᠤᠷᠠᠯ ᠳᠡᠭᠡᠷ᠎ᠡ᠂ ᠬᠤᠰᠢᠭᠤᠨ ᠤ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ ᠠᠴᠠ ᠴᠥᠬᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠬᠡᠷᠡᠭᠯᠡᠭᠰᠡᠨ ᠪᠠ ᠲᠥᠷᠥᠯ ᠵᠦᠢᠯ ᠤᠨ ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠵᠢᠴᠢ ᠳᠠᠷᠠᠭᠠᠴᠢ ᠎ ᠶᠢᠨ ᠠᠯᠬᠤᠮ ᠤᠨ ᠲᠥᠯᠥᠪᠯᠡᠭᠡ ᠵᠡᠷᠭᠡ ᠲᠠᠯ᠎ᠠ ᠪᠠᠷ ᠮᠠᠨ ᠤ ᠬᠤᠰᠢᠭᠤᠨ ᠤ ᠴᠥᠬᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠣᠬᠠᠢ ᠨᠠᠷᠢᠯᠢᠭ ᠲᠠᠶᠢᠯᠪᠤᠷᠢᠯᠠᠵᠤ᠂ ᠬᠡᠰᠢᠭᠲᠡᠨ ᠬᠤᠰᠢᠭᠤᠨ ᠤ ᠪᠠᠭᠠᠲᠤᠷ ᠤᠨ ᠳ᠋ᠦ᠋ ᠮᠧᠩ ᠬᠤᠨᠢ ᠮᠠᠯᠵᠢᠬᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠠᠴᠠ ᠨᠡᠶᠢᠲᠡᠯᠢᠭ ᠵᠢᠱᠢᠶ᠎ᠡ ᠶᠢᠨ ᠬᠤᠪᠢ ᠠᠴᠠ ᠶᠠᠷᠢᠶ᠎ᠠ ᠲᠠᠯᠪᠢᠭᠰᠠᠨ ᠪᠠᠶᠢᠨ᠎ᠠ᠃       ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠠ ᠰᠠᠯᠠᠭ᠎ᠠ ᠮᠥᠴᠢᠷ ᠨᠢ ᠴᠥᠬᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠨᠡᠪᠲᠡᠷᠬᠡᠢ ᠡᠵᠡᠮᠰᠢᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠩᠬᠦ ᠴᠢᠩᠭᠠᠳᠬᠠᠵᠤ᠂ ᠶᠠᠪᠤᠭᠳᠠᠬᠤᠶᠢᠴᠠ ᠠᠵᠢᠯ ᠤᠨ ᠲᠥᠰᠥᠯ ᠵᠢᠴᠢ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠦᠨᠳᠦᠰᠦᠲᠡᠨ ᠱᠠᠰᠢᠨ ᠰᠤᠷᠳᠠᠬᠤᠨ ᠤ ᠲᠣᠪᠴᠢᠶ᠎ᠠ ᠪᠠ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠨᠢ ᠴᠥᠬᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠬᠠᠮᠢᠶᠠᠷᠬᠤ ᠬᠠᠷᠢᠭᠤᠴᠠᠯᠭ᠎ᠠ ᠶᠢᠨ ᠪᠢᠴᠢᠭ ᠲᠣᠭᠲᠠᠨ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ  ᠨᠠᠷᠢᠯᠢᠭᠵᠢᠭᠤᠯᠤᠨ᠂ ᠡᠯ᠎ᠡ ᠲᠥᠷᠥᠯ ᠤᠨ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠬᠡᠰᠢᠭᠲᠡᠨ ᠬᠤᠰᠢᠭᠤᠨ ᠤ ᠪᠠᠭᠠᠲᠤᠷ ᠤᠨ ᠳ᠋ᠦ᠋ ᠮᠧᠩ ᠬᠤᠨᠢ ᠮᠠᠯᠵᠢᠬᠤ ᠲᠤᠰᠬᠠᠢ ᠬᠤᠷᠰᠢᠶᠠᠵᠢᠯ ᠳᠤ ᠬᠦᠷᠴᠦ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ᠂ ᠰᠠᠭᠤᠷᠢ ᠲᠥᠭᠦᠭᠡᠷᠦᠮᠵᠢ᠂ ᠠᠷᠭ᠎ᠠ ᠲᠤᠷᠰᠢᠯᠭ᠎ᠠ᠂ ᠬᠠᠮᠢᠶᠠᠷᠤᠯᠲᠠ ᠶᠢᠨ ᠬᠡᠯᠪᠡᠷᠢ ᠵᠢᠴᠢ ᠪᠠᠳᠠᠷᠠᠭᠤᠯᠵᠤ ᠪᠠᠶᠢᠭ᠎ᠠ ᠦᠢᠯᠡᠳᠦᠯ ᠵᠡᠷᠭᠡ ᠲᠠᠯ᠎ᠠ ᠠᠴᠠ ᠰᠤᠷᠤᠯᠴᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号