2018 ᠣᠨ ᠤ 4 ᠰᠠᠷ᠎ᠠ ᠶᠢᠨ 20 ᠤ ᠡᠳᠦᠷ᠂ ᠮᠠᠨ ᠤ ᠬᠤᠰᠢᠭᠤ ᠴᠦᠬᠡᠨ ᠲᠣᠭᠠᠲᠤ ᠦᠨᠳᠦᠰᠦᠲᠡᠨ | ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ | ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ᠂ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ᠂ | ᠳᠠᠯᠠᠶᠢᠨᠠᠭᠤᠷ ᠪᠠᠯᠭᠠᠰᠤ᠂ ᠪᠠᠶᠠᠨᠴᠠᠭᠠᠨ ᠰᠤᠮᠤ᠂ ᠳᠠᠷᠬᠠᠬᠠᠭᠤᠯᠠ ᠰᠤᠮᠤ ᠵᠢᠴᠢ ᠡᠯ᠎ᠡ ᠲᠦᠷᠦᠯ ᠵᠦᠢᠯ ᠯᠤᠭ᠎ᠠ | ᠬᠤᠯᠪᠣᠭᠳᠠᠯ ᠪᠦᠬᠦᠢ ᠭᠠᠴᠠᠭ᠎ᠠ ᠪᠠ ᠬᠤᠷᠰᠢᠶᠠᠵᠢᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃ | ᠬᠤᠷᠠᠯ ᠳᠡᠭᠡᠷ᠎ᠡ᠂ ᠬᠤᠰᠢᠭᠤᠨ ᠤ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ ᠠᠴᠠ ᠴᠥᠬᠡᠨ | ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠬᠡᠷᠡᠭᠯᠡᠭᠰᠡᠨ ᠪᠠ ᠲᠥᠷᠥᠯ ᠵᠦᠢᠯ ᠤᠨ | ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠵᠢᠴᠢ ᠳᠠᠷᠠᠭᠠᠴᠢ | ᠶᠢᠨ ᠠᠯᠬᠤᠮ ᠤᠨ ᠲᠥᠯᠥᠪᠯᠡᠭᠡ ᠵᠡᠷᠭᠡ ᠲᠠᠯ᠎ᠠ ᠪᠠᠷ ᠮᠠᠨ ᠤ ᠬᠤᠰᠢᠭᠤᠨ ᠤ ᠴᠥᠬᠡᠨ ᠲᠣᠭᠠᠲᠤ ᠦᠨᠳᠦᠰᠦᠲᠡᠨ ᠤ | ᠬᠥᠭᠵᠢᠭᠦᠯᠦᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ | ᠲᠣᠬᠠᠢ ᠨᠠᠷᠢᠯᠢᠭ ᠲᠠᠶᠢᠯᠪᠤᠷᠢᠯᠠᠵᠤ᠂ ᠬᠡᠰᠢᠭᠲᠡᠨ ᠬᠤᠰᠢᠭᠤᠨ ᠤ ᠪᠠᠭᠠᠲᠤᠷ ᠤᠨ ᠳ᠋ᠦ᠋ ᠮᠧᠩ ᠬᠤᠨᠢ ᠮᠠᠯᠵᠢᠬᠤ ᠲᠤᠰᠬᠠᠢ | ᠬᠤᠷᠰᠢᠶᠠᠵᠢᠯ ᠤᠨ ᠬᠠᠷᠢᠭᠤᠴᠠᠯᠭᠠᠲᠠᠨ ᠠᠴᠠ ᠨᠡᠶᠢᠲᠡᠯᠢᠭ ᠵᠢᠱᠢᠶ᠎ᠡ ᠶᠢᠨ ᠬᠤᠪᠢ ᠠᠴᠠ ᠶᠠᠷᠢᠶ᠎ᠠ ᠲᠠᠯᠪᠢᠭᠰᠠᠨ ᠪᠠᠶᠢᠨ᠎ᠠ᠃ | ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠠ ᠰᠠᠯᠠᠭ᠎ᠠ ᠮᠥᠴᠢᠷ ᠨᠢ ᠴᠥᠬᠡᠨ ᠲᠣᠭᠠᠲᠤ ᠦᠨᠳᠦᠰᠦᠲᠡᠨ ᠤ | ᠬᠥᠭᠵᠢᠭᠦᠯᠦᠯᠲᠡ ᠶᠢᠨ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠰᠤᠷᠤᠯᠴᠠᠨ᠂ ᠨᠡᠪᠲᠡᠷᠬᠡᠢ ᠡᠵᠡᠮᠰᠢᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠩᠬᠦ ᠴᠢᠩᠭᠠᠳᠬᠠᠵᠤ᠂ ᠶᠠᠪᠤᠭᠳᠠᠬᠤᠶᠢᠴᠠ | ᠠᠵᠢᠯ ᠤᠨ ᠲᠥᠰᠥᠯ ᠵᠢᠴᠢ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠦᠨᠳᠦᠰᠦᠲᠡᠨ ᠱᠠᠰᠢᠨ ᠰᠤᠷᠳᠠᠬᠤᠨ ᠤ | ᠲᠣᠪᠴᠢᠶ᠎ᠠ ᠪᠠ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠨᠢ ᠴᠥᠬᠡᠨ ᠲᠣᠭᠠᠲᠤ | ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠬᠠᠮᠢᠶᠠᠷᠬᠤ ᠬᠠᠷᠢᠭᠤᠴᠠᠯᠭ᠎ᠠ ᠶᠢᠨ ᠪᠢᠴᠢᠭ ᠲᠣᠭᠲᠠᠨ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠡᠯ᠎ᠡ ᠲᠥᠷᠥᠯ ᠤᠨ ᠠᠵᠢᠯ ᠤᠨ ᠤᠷᠤᠭᠰᠢᠲᠠᠢ | ᠥᠷᠨᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠬᠡᠰᠢᠭᠲᠡᠨ ᠬᠤᠰᠢᠭᠤᠨ ᠤ ᠪᠠᠭᠠᠲᠤᠷ ᠤᠨ ᠳ᠋ᠦ᠋ ᠮᠧᠩ | ᠬᠤᠨᠢ ᠮᠠᠯᠵᠢᠬᠤ ᠲᠤᠰᠬᠠᠢ ᠬᠤᠷᠰᠢᠶᠠᠵᠢᠯ ᠳᠤ ᠬᠦᠷᠴᠦ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ᠂ ᠰᠠᠭᠤᠷᠢ | ᠲᠥᠭᠦᠭᠡᠷᠦᠮᠵᠢ᠂ ᠠᠷᠭ᠎ᠠ ᠲᠤᠷᠰᠢᠯᠭ᠎ᠠ᠂ ᠬᠠᠮᠢᠶᠠᠷᠤᠯᠲᠠ ᠶᠢᠨ ᠬᠡᠯᠪᠡᠷᠢ ᠵᠢᠴᠢ ᠪᠠᠳᠠᠷᠠᠭᠤᠯᠵᠤ ᠪᠠᠶᠢᠭ᠎ᠠ ᠦᠢᠯᠡᠳᠦᠯ | ᠵᠡᠷᠭᠡ ᠲᠠᠯ᠎ᠠ ᠠᠴᠠ ᠰᠤᠷᠤᠯᠴᠠᠭᠰᠠᠨ ᠪᠠᠶᠢᠨ᠎ᠠ᠃ | |