ᠳᠠᠷᠬᠠᠬᠠᠭᠤᠯᠠ ᠰᠣᠮᠣ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠶᠡᠬᠡᠪᠡᠷ ᠪᠠᠶᠢᠴᠠᠭᠠᠨ ᠭᠠᠷᠭᠠᠵᠤ ᠶᠡᠬᠡᠪᠡᠷ ᠴᠡᠭᠴᠡᠯᠡᠬᠦ ᠲᠤᠰᠬᠠᠢ ᠲᠥᠷᠥᠯ ᠤᠨ ᠠᠵᠢᠯᠯᠠᠭᠠᠨ ᠤ ᠳᠠᠶᠢᠴᠢᠯᠠᠯᠲᠠ ᠵᠢᠴᠢ ᠪᠣᠯᠪᠠᠰᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/25
        4 ᠰᠠᠷ᠎ᠠ ᠶᠢᠨ 24᠎ ᠤ ᠡᠳᠦᠷ᠂ ᠳᠠᠷᠬᠠᠬᠠᠭᠤᠯᠠ ᠰᠤᠮᠤ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠶᠡᠬᠡᠪᠡᠷ ᠪᠠᠶᠢᠴᠠᠭᠠᠨ ᠭᠠᠷᠭᠠᠵᠤ ᠶᠡᠬᠡᠪᠡᠷ ᠴᠡᠭᠴᠡᠯᠡᠬᠦ ᠲᠤᠰᠬᠠᠢ ᠲᠥᠷᠥᠯ ᠤᠨ ᠠᠵᠢᠯᠯᠠᠭᠠᠨ ᠤ ᠳᠠᠶᠢᠴᠢᠯᠠᠯᠲᠠ ᠵᠢᠴᠢ ᠪᠣᠯᠪᠠᠰᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠸᠠᠩ ᠵᠢᠩ ᠰᠢᠨ ᠪᠠ ᠳᠡᠳ᠋ ᠱᠦᠵᠢ ᠸᠧᠢ ᠵᠢᠩ ᠺᠦᠢ᠂ ᠡᠯ᠎ᠡ ᠬᠤᠯᠪᠣᠭᠳᠠᠯ ᠪᠦᠬᠦᠢ ᠬᠠᠪᠰᠤᠷᠤᠨ ᠳᠡᠳᠬᠦᠬᠦ ᠨᠢᠭᠡᠴᠡ ᠶᠢᠨ ᠬᠠᠷᠢᠭᠤᠴᠠᠯᠭᠠᠲᠠᠳ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠰᠣᠮᠣ ᠶᠢᠨ ᠪᠦᠬᠦ ᠺᠠᠳ᠋ᠷ ᠠᠵᠢᠯᠲᠠᠳ ᠬᠤᠷᠠᠯ ᠳᠤ ᠣᠷᠣᠯᠴᠠᠭᠰᠠᠨ ᠪᠠᠶᠢᠨ᠎ᠠ᠃         ᠸᠠᠩ ᠵᠢᠩ ᠰᠢᠨ ᠶᠠᠷᠢᠶᠠᠨ ᠳᠠᠭᠠᠨ ᠪᠦᠬᠦ ᠰᠣᠮᠣ ᠶᠢᠨ ᠺᠠᠳ᠋ᠷ ᠠᠵᠢᠯᠲᠠᠳ ᠥᠳᠲᠡᠷ ᠬᠦᠳᠡᠯᠦᠯᠴᠡᠨ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠨᠳᠤᠯᠭᠠᠲᠤ ᠴᠢᠨᠠᠷ ᠲᠠᠢ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠩᠬᠦ ᠰᠠᠶᠢᠲᠤᠷ ᠠᠳᠬᠤᠨ᠂ ᠬᠤᠰᠢᠭᠤ ᠰᠣᠮᠣ ᠬᠤᠶᠠᠷ ᠱᠠᠲᠤᠨ ᠤ ᠭᠠᠴᠠᠭ᠎ᠠ ᠶᠢ ᠲᠠᠭᠠᠭᠠᠴᠢᠯᠠᠵᠤ ᠪᠠᠶᠢᠭ᠎ᠠ ᠠᠵᠢᠯᠯᠠᠬᠤ ᠳᠤᠭᠤᠶᠢᠯᠠᠩ ᠤᠨ ᠬᠢᠨ ᠶᠠᠳᠠᠭᠤ ᠶᠢ ᠳᠡᠳᠬᠦᠬᠦ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ ᠶᠡᠬᠡᠪᠡᠷ ᠪᠠᠶᠢᠴᠠᠭᠠᠨ ᠭᠠᠷᠭᠠᠵᠤ ᠶᠡᠬᠡᠪᠡᠷ ᠴᠡᠭᠴᠡᠯᠡᠬᠦ ᠠᠵᠢᠯᠯᠠᠭᠠᠨ ᠢ ᠡᠮᠬᠢ ᠳᠠᠷᠠᠭ᠎ᠠ ᠲᠠᠢ ᠶᠠᠪᠤᠭᠳᠠᠭᠤᠯᠤᠨ᠂ ᠪᠦᠬᠦ ᠬᠦᠴᠦᠨ ᠎ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号