ᠢᠦᠢ ᠵᠸᠤ ᠳ᠋ᠢ ᠪᠠᠯᠭᠠᠰᠤ ᠠᠮᠢᠲᠠᠨ ᠤ ᠬᠢᠵᠢᠭ ᠭᠡᠮ ᠢ ᠰᠡᠷᠭᠡᠶᠢᠯᠡᠬᠦ ᠠᠵᠢᠯ ᠢ ᠬᠢᠨᠠᠮᠠᠭᠠᠢ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2018/4/26
       ᠬᠦᠨᠳᠦ ᠶᠡᠭᠡ ᠠᠮᠢᠲᠠᠨ ᠤ ᠬᠢᠵᠢᠭ ᠭᠡᠮ ᠡᠭᠦᠰᠴᠦ ᠳᠡᠯᠭᠡᠷᠡᠬᠦ ᠠᠴᠠ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠤᠭᠰᠢᠯ ᠤᠨ ᠠᠶᠤᠯᠭᠦᠢ ᠶᠢ ᠪᠠᠲᠤᠯᠠᠬᠤ ᠶᠢ ᠲᠥᠯᠥᠭᠡ ᠢᠦᠢ ᠵᠸᠤ ᠳ᠋ᠢ ᠪᠠᠯᠭᠠᠰᠤ ᠨᠢ ᠳᠡᠭᠡᠳᠦ ᠱᠠᠲᠤᠨ ᠎ ᠤ ᠵᠢᠭᠠᠪᠤᠷᠢ ᠶᠢ ᠴᠢᠩᠭ᠎ᠠ ᠵᠢᠷᠤᠮᠯᠠᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢ ᠪᠠᠨ ᠲᠣᠳᠣᠷᠬᠠᠢ ᠪᠣᠯᠭᠠᠨ᠂ ᠲᠤᠰᠬᠠᠢ ᠲᠥᠷᠥᠯ ᠤᠨ ᠠᠵᠢᠯᠯᠠᠭᠠᠨ ᠤ ᠳᠤᠭᠤᠶᠢᠯᠠᠩ ᠪᠠᠶᠢᠭᠤᠯᠵᠤ᠂ ᠬᠤᠪᠢᠶᠠᠨ ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠶᠢ ᠬᠠᠷᠢᠭᠤᠴᠠᠨ᠂ ᠪᠠᠯᠭᠠᠰᠤ ᠶᠢᠨ ᠮᠠᠯ ᠠᠵᠤ ᠠᠬᠤᠢ ᠮᠠᠯ ᠡᠮᠨᠡᠯᠭᠡ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠭᠠᠵᠠᠷ ᠯᠤᠭ᠎ᠠ ᠬᠤᠯᠪᠣᠭᠠᠯᠠᠵᠤ ᠲᠠᠷᠢᠯᠭ᠎ᠠ ᠶᠢᠨ ᠵᠠᠷᠤᠳᠠᠯ᠂ ᠲᠠᠷᠢᠯᠭ᠎ᠠ ᠬᠢᠬᠦ ᠠᠵᠢᠯ ᠳᠤ ᠬᠢᠨᠠᠯᠲᠠ ᠲᠠᠯᠪᠢᠬᠤ ᠵᠡᠷᠭᠡ ᠠᠵᠢᠯ ᠢ ᠰᠠᠶᠢᠲᠤᠷ ᠠᠳᠬᠤᠭᠰᠠᠨ ᠪᠠᠶᠢᠨ᠎ᠠ᠃        ᠨᠢᠭᠡᠳᠦᠯᠲᠡᠢ ᠴᠠᠭ ᠲᠣᠭᠲᠠᠭᠠᠨ᠂ ᠬᠠᠷᠢᠶ᠎ᠠ ᠣᠷᠣᠨ ᠳᠠᠬᠢ ᠲᠡᠵᠢᠭᠡᠨ ᠥᠷᠡᠵᠢᠭᠦᠯᠬᠦ ᠲᠠᠯᠠᠪᠠᠢ ᠵᠢᠴᠢ ᠬᠥᠳᠡᠭᠡ ᠲᠣᠰᠬᠤᠨ ᠢᠶᠠᠷ ᠲᠠᠷᠬᠠᠢ ᠪᠤᠳᠠᠷᠬᠠᠢ ᠠᠷᠠᠴᠢᠯᠠᠨ ᠲᠡᠵᠢᠭᠡᠵᠦ ᠪᠠᠶᠢᠭ᠎ᠠ ᠮᠠᠯ ᠵᠢᠭᠦᠷᠲᠡᠨ ᠳᠤ ᠲᠤᠷᠰᠢᠯᠭ᠎ᠠ ᠰᠠᠶᠢᠲᠠᠢ ᠬᠢᠵᠢᠭ ᠢ ᠰᠡᠷᠭᠡᠶᠢᠯᠡᠬᠦ ᠠᠵᠢᠯᠲᠠᠨ ᠢ ᠲᠣᠮᠢᠯᠠᠨ ᠬᠡᠰᠡᠭ ᠲᠣᠭᠤᠷᠢᠭ ᠬᠤᠪᠢᠶᠠᠨ ᠲᠥᠪᠯᠡᠷᠡᠭᠦᠯᠦᠨ ᠲᠠᠷᠢᠯᠭ᠎ᠠ ᠬᠢᠯᠭᠡᠵᠦ᠂ ᠸᠠᠺᠼᠢᠨ ᠤ ᠬᠠᠮᠢᠶᠠᠷᠤᠯᠲᠠ ᠶᠢ ᠴᠢᠩᠭᠠᠳᠬᠠᠨ᠂ ᠸᠠᠺᠼᠢᠨ ᠢ ᠬᠡᠷᠡᠭᠯᠡᠭᠰᠡᠨ ᠨᠠᠷᠢᠯᠢᠭ ᠳᠠᠩᠰᠠ ᠪᠠᠶᠢᠭᠤᠯᠵᠤ ᠂ ᠸᠠᠺᠼᠢᠨ ᠢ ᠬᠡᠷᠡᠭᠯᠡᠭᠰᠡᠨ ᠪᠠᠶᠢᠳᠠᠯ ᠢ ᠨᠡᠬᠡᠮᠵᠢᠯᠡᠨ ᠮᠥᠷᠳᠡᠵᠦ ᠲᠡᠶᠢᠯᠬᠦ ᠶᠢ ᠪᠠᠲᠤᠯᠠᠨ᠂ ᠲᠤᠰ ᠤᠳᠠᠭᠠᠨ ᠤ ᠡᠪᠡᠳᠴᠢᠨ ᠭᠡᠮ ᠢ ᠰᠡᠷᠭᠡᠶᠢᠯᠡᠬᠦ ᠠᠵᠢᠯ ᠢ ᠦᠨᠳᠦᠷ ᠪᠦᠲᠦᠮᠵᠢᠲᠡᠢ᠂ ᠲᠥᠷᠭᠡᠨ ᠪᠡᠶᠡᠯᠡᠭᠦᠯᠬᠦ ᠪᠠᠷ ᠴᠢᠷᠮᠠᠶᠢᠵᠤ ᠪᠣᠢ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号