ᠮᠠᠨ ᠤ ᠬᠤᠰᠢᠭᠤ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/27
               4 ᠰᠠᠷ᠎ᠠ ᠶᠢᠨ 17᠎ ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠳᠡᠳ᠋ ᠳᠠᠷᠤᠭ᠎ᠠ ᠸᠠᠩ ᠵᠤ᠋ ᠬᠤᠷᠠᠯ ᠳᠤ ᠣᠷᠣᠯᠴᠠᠪᠠ᠃        ᠬᠤᠷᠠᠯ ᠠᠴᠠ 2018 ᠣᠨ ᠤ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠂ ᠬᠤᠷᠠᠯ ᠠᠴᠠ 2018 ᠣᠨ ᠤ ᠪᠦᠬᠦ ᠬᠤᠰᠢᠭᠤᠨ ᠎ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠨᠢᠭᠡ ᠰᠢᠷᠢᠰ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠤᠨ ᠲᠣᠬᠠᠶᠢᠯᠠᠭᠰᠠᠨ ᠠᠵᠢᠯ ᠎ ᠳᠠᠭᠠᠨ ᠰᠠᠭᠤᠷᠢᠯᠠᠨ᠂ ᠮᠠᠨ ᠤ ᠬᠤᠰᠢᠭᠤᠨ ᠤ ᠠᠵᠤ ᠠᠬᠤᠢ ᠶᠢᠨ ᠡᠷᠡᠭᠦᠯ ᠲᠣᠭᠲᠠᠭᠤᠨ ᠬᠥᠭᠵᠢᠯᠲᠡ ᠪᠠ ᠨᠡᠶᠢᠭᠡᠮ ᠎ ᠤᠨ ᠡᠶ᠎ᠡ ᠵᠣᠬᠢᠴᠠᠯ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ ᠭᠡᠵᠦ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号