ᠫᠠᠨ ᠼᠦᠨ ᠭᠦᠸᠧ ᠪᠢᠷᠠᠭᠤ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠶᠡᠬᠡᠪᠡᠷ ᠪᠠᠶᠢᠴᠠᠭᠠᠨ ᠴᠡᠭᠴᠡᠯᠡᠬᠦ ᠲᠤᠰᠬᠠᠢ ᠲᠥᠷᠥᠯ ᠤᠨ ᠠᠵᠢᠯᠯᠠᠭᠠᠨ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2018/4/28
        4 ᠰᠠᠷ᠎ᠠ ᠶᠢᠨ 23᠎ ᠤ ᠡᠳᠦᠷ᠂ ᠪᠢᠷᠠᠭᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠶᠡᠬᠡᠪᠡᠷ ᠪᠠᠶᠢᠴᠠᠭᠠᠨ ᠴᠡᠭᠴᠡᠯᠡᠬᠦ ᠲᠤᠰᠬᠠᠢ ᠲᠥᠷᠥᠯ ᠤᠨ ᠠᠵᠢᠯᠯᠠᠭᠠᠨ ᠢ ᠪᠠᠶᠢᠷᠢᠯᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠳᠠᠷᠤᠭ᠎ᠠ ᠫᠠᠨ ᠼᠦᠨ ᠭᠦᠸᠧ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠤᠸᠠᠨ ᠾᠦᠩ ᠲᠣᠣ ᠬᠤᠷᠠᠯ ᠳᠤ ᠣᠷᠣᠯᠴᠠᠭᠰᠠᠨ ᠪᠠᠶᠢᠨ᠎ᠠ᠃         ᠫᠠᠨ ᠼᠦᠨ ᠭᠦᠸᠧ ᠶᠠᠷᠢᠶᠠᠨ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠶᠡᠬᠡᠪᠡᠷ ᠪᠠᠶᠢᠴᠠᠭᠠᠨ ᠴᠡᠭᠴᠡᠯᠡᠬᠦ ᠠᠵᠢᠯᠯᠠᠭᠠᠨ ᠪᠣᠯ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠨ᠂ ᠣᠷᠣᠰᠢᠵᠤ ᠪᠠᠶᠢᠭ᠎ᠠ ᠠᠰᠠᠭᠤᠳᠠᠯ᠂ ᠬᠦᠷᠦᠯᠴᠡᠬᠦ ᠦᠭᠡᠢ ᠲᠠᠯ᠎ᠠ ᠪᠠ ᠵᠦᠷᠢᠶ᠎ᠡ ᠪᠠᠨ ᠡᠷᠢᠨ ᠭᠠᠷᠭᠠᠵᠤ᠂ ᠠᠷᠭ᠎ᠠ ᠪᠦᠬᠦᠨ ᠢ ᠰᠦᠪᠡᠭᠴᠢᠯᠡᠨ ᠬᠠᠯᠠᠨ ᠰᠠᠶᠢᠵᠢᠷᠠᠭᠤᠯᠬᠤ ᠶᠠᠪᠤᠴᠠ ᠪᠣᠯᠣᠨ᠎ᠠ᠂ ᠮᠥᠨ ᠴᠦ ᠶᠠᠳᠠᠭᠤ ᠠᠴᠠ ᠠᠩᠭᠢᠵᠢᠷᠠᠭᠤᠯᠬᠤ ᠠᠵᠢᠯ ᠢ ᠳᠠᠬᠢᠨᠲᠠ ᠳᠠᠶᠢᠴᠢᠯᠠᠨ᠂ ᠳᠠᠬᠢᠨᠲᠠ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠳᠠᠬᠢᠨᠲᠠ ᠲᠤᠤᠱᠯᠠᠭᠤᠯᠵᠤ ᠪᠠᠶᠢᠭ᠎ᠠ ᠶᠤᠮ᠂ ᠪᠢᠷᠠᠭᠤ ᠪᠠᠯᠭᠠᠰᠤ ᠶᠢᠨ ᠪᠦᠬᠦ ᠺᠠᠳ᠋ᠷ ᠠᠵᠢᠯᠲᠠᠳ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠳᠤᠯᠭᠠᠷᠠᠵᠤ ᠪᠠᠶᠢᠭ᠎ᠠ ᠪᠠᠶᠢᠳᠠᠯ ᠢ ᠲᠣᠳᠣᠷᠬᠠᠢ ᠲᠠᠨᠢᠵᠤ᠂ ᠡᠯ᠎ᠡ ᠴᠢᠭᠯᠡᠯ᠂ ᠡᠯ᠎ᠡ ᠲᠠᠯ᠎ᠠ ᠠᠴᠠ ᠨᠠᠷᠢᠨ ᠬᠢᠨᠠᠮᠠᠭᠠᠢ ᠪᠠᠶᠢᠴᠠᠭᠠᠨ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢᠶᠠᠨ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠡᠷᠭᠡᠪᠰᠢ ᠢᠯᠠᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号