ᠳᠠᠷᠬᠠᠬᠠᠭᠤᠯᠠ ᠰᠣᠮᠣ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/3
 
   
       3 ᠰᠠᠷ᠎ᠠ ᠶᠢᠨ 23 ᠤ ᠡᠳᠦᠷ᠂ ᠳᠠᠷᠬᠠᠬᠠᠭᠤᠯᠠ ᠰᠣᠮᠣ ᠨᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠡᠯ᠎ᠡ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠶᠢᠨ ᠬᠠᠷᠢᠭᠤᠴᠠᠯᠭᠠᠲᠠᠳ ᠨᠡᠶᠢᠲᠡ 40 ᠭᠠᠷᠤᠢ ᠬᠥᠮᠥᠨ ᠬᠤᠷᠠᠯ ᠳᠤ ᠣᠷᠣᠯᠴᠠᠭᠰᠠᠨ ᠪᠠᠶᠢᠨ᠎ᠠ᠃ ᠳᠡᠳ᠋ ᠰᠣᠮᠤᠨ ᠳᠠᠷᠤᠭ᠎ᠠ ᠬᠠᠰᠡᠷᠳᠡᠨᠢ ᠬᠤᠷᠠᠯ ᠢ ᠡᠷᠬᠢᠯᠡᠪᠡ        ᠬᠤᠷᠠᠯ ᠠᠴᠠ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠪᠦᠬᠦ ᠰᠣᠮᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠳ᠋ᠦᠩᠨᠡᠵᠦ᠂ 2018 ᠣᠨ ᠤ ᠠᠵᠢᠯ ᠢ  ᠲᠣᠬᠢᠷᠠᠭᠤᠯᠬᠤ ᠶᠢᠨ ᠬᠠᠮᠲᠤ᠂ ᠡᠯ᠎ᠡ ᠭᠠᠴᠠᠭ᠎ᠠ ᠪᠠ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ  ᠯᠦᠭᠡ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃        ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠪᠣᠣ ᠮᠠ ᠠᠭᠤᠷᠬᠠᠢ ᠶᠢᠨ ᠦᠢᠯᠡᠰ ᠤᠨ 12.3 ᠤ ᠠᠳᠡᠯ ᠪᠠ ᠮᠧᠩ ᠳ᠋ᠦ᠋ ᠬᠤᠨᠢᠨ ᠤ ᠦᠢᠯᠡᠰ ᠤᠨ 1.14 ᠤ ᠠᠳᠡᠯ ᠤᠨ ᠰᠡᠷᠡᠮᠵᠢᠯᠡᠭᠦᠯᠦᠨ ᠬᠥᠮᠥᠵᠢᠭᠦᠯᠬᠦ ᠹᠢᠯᠢᠮ ᠢ ᠦᠵᠡᠵᠡᠭᠡᠭᠰᠡᠨ ᠪᠠᠶᠢᠨ᠎ᠠ᠃ ︵ᠬᠠᠰ ᠮᠡᠳᠡᠭᠡᠯᠡᠪᠡ︶
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号