ᠤᠯᠤᠰ ᠠᠴᠠ ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠡᠮ ᠲᠠᠩ ᠤᠨ ᠦᠨ᠎ᠡ  ᠬᠠᠩᠰᠢ ᠶᠢ ᠲᠦᠷᠭᠡᠨ ᠪᠠᠭᠤᠷᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/6/25

     ᠰᠢᠨᠬᠤᠸᠠ ᠬᠤᠷᠢᠶᠠᠨ ᠤ ᠮᠡᠳᠡᠭᠡ᠄ 20᠎ ᠤ ᠡᠳᠦᠷ ᠬᠤᠷᠠᠯᠳᠤᠭᠰᠠᠨ  ᠲᠥᠷᠥ  ᠎ ᠶᠢᠨ  ᠶᠠᠪᠤᠳᠠᠯ  ᠎ ᠤᠨ  

ᠬᠤᠷᠢᠶᠠᠨ  ᠎ ᠤ ᠪᠠᠶᠢᠩᠭᠤ ᠶᠢᠨ ᠠᠵᠢᠯ ᠤᠨ ᠬᠤᠷᠠᠯ ᠠᠴᠠ ᠲᠣᠭᠲᠠᠭᠠᠬᠤ ᠳᠠᠭᠠᠨ᠂ ᠦᠮᠡᠨ ᠡᠪᠡᠳᠴᠢᠨ ᠢ ᠰᠡᠷᠭᠡᠶᠢᠯᠡᠨ

ᠵᠠᠰᠠᠬᠤ  ᠡᠮ  ᠲᠠᠩ  ᠎ ᠤᠨ ᠦᠨ᠎ᠡ ᠬᠠᠩᠰᠢ ᠶᠢ ᠲᠦᠷᠭᠡᠨ ᠪᠠᠭᠤᠷᠠᠭᠤᠯᠵᠤ᠂ ᠣᠯᠠᠨ ᠲᠦᠮᠡᠨ ᠤ ᠳᠠᠷᠤᠭᠠᠰᠤ ᠶᠢ

ᠬᠥᠩᠭᠡᠯᠡᠬᠦ ᠠᠵᠢᠯ ᠢ ᠱᠠᠯᠠᠪᠳᠠᠨ ᠠᠬᠢᠭᠤᠯᠬᠤ ᠬᠡᠷᠡᠭᠲᠡᠢ ᠭᠡᠵᠡᠢ᠃

     ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠡᠮ ᠲᠠᠩ ᠤᠨ ᠦᠨ᠎ᠡ  ᠬᠠᠩᠰᠢ  ᠎ ᠶᠢ  ᠲᠦᠷᠭᠡᠨ  

ᠪᠠᠭᠤᠷᠠᠭᠤᠯᠬᠤ  ᠎ ᠶᠢᠨ ᠲᠥᠯᠥᠭᠡ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠠᠵᠢᠯ  ᠎ ᠤᠨ  ᠬᠤᠷᠠᠯ  

᠎ ᠠᠴᠠ  ᠳᠤᠷᠠᠳᠬᠤ  ᠎ ᠳᠠᠭᠠᠨ᠂  ᠡᠯ᠎ᠡ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠬᠢᠨ

ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠪᠠᠶᠢᠭ᠎ᠠ ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠡᠩ ᠲᠠᠩ

᠎ ᠢ ᠲᠤᠰᠬᠠᠶᠢᠯᠠᠨ  ᠬᠤᠳᠠᠯᠳᠤᠨ  ᠠᠪᠬᠤ  ᠬᠡᠷᠡᠭᠲᠡᠢ᠂  ᠡᠮ ᠡᠮᠨᠡᠯᠭᠡ ᠶᠢᠨ ᠳᠠᠭᠠᠳᠬᠠᠯ ᠳᠤ ᠪᠠᠶᠢᠬᠤ ᠦᠭᠡᠢ ᠦᠮᠡᠨ

ᠡᠪᠡᠳᠴᠢᠨ ᠢ ᠰᠡᠷᠭᠡᠶᠢᠯᠡᠨ ᠵᠠᠰᠠᠬᠤ ᠡᠮ ᠲᠠᠩ  ᠎ ᠢ  ᠡᠮ  ᠡᠮᠨᠡᠯᠭᠡ  ᠎ ᠶᠢᠨ ᠳᠠᠭᠠᠳᠬᠠᠯ ᠳᠤ ᠣᠷᠣᠭᠤᠯᠬᠤ ᠬᠡᠯᠡᠯᠴᠡᠭᠡ

᠎ ᠶᠢ ᠱᠠᠯᠠᠪᠳᠠᠨ ᠠᠬᠢᠭᠤᠯᠬᠤ ᠬᠡᠷᠡᠭᠲᠡᠢ᠃ ᠤᠯᠤᠰ  ᠎ ᠤᠨ  ᠡᠮ  ᠲᠠᠩ  ᠲᠥᠪᠯᠡᠷᠡᠭᠦᠯᠦᠨ ᠬᠤᠳᠠᠯᠳᠤᠨ ᠠᠪᠬᠤ

ᠲᠤᠷᠰᠢᠯᠲᠠ ᠶᠢᠨ ᠠᠵᠢᠯ ᠥᠷᠨᠢᠭᠦᠯᠵᠦ᠂ ᠡᠮ ᠲᠠᠩ ᠤᠨ ᠦᠨ᠎ᠡ ᠬᠠᠩᠰᠢ ᠶᠢ  ᠮᠡᠳᠡᠭᠳᠡᠮ᠎ᠡ  ᠪᠠᠭᠤᠷᠠᠭᠤᠯᠬᠤ ᠬᠡᠷᠡᠭᠲᠡᠢ

ᠭᠡᠵᠡᠢ᠃

     ᠣᠶᠢᠯᠠᠭᠠᠭᠰᠠᠨ ᠢᠶᠠᠷ᠂ ᠬᠠᠮᠢᠶᠠᠲᠠᠢ ᠰᠠᠯᠠᠭ᠎ᠠ ᠮᠥᠴᠢᠷ ᠤᠨ ᠬᠢᠨ ᠡᠮ ᠡᠮᠨᠡᠯᠭᠡ ᠶᠢᠨ ᠳᠠᠭᠠᠳᠬᠠᠯ  ᠎ ᠳᠤ  

ᠣᠷᠣᠭᠤᠯᠤᠭ᠎ᠠ ᠦᠭᠡᠢ ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠡᠮ ᠲᠠᠩ  ᠎ ᠢ  ᠳᠠᠭᠠᠳᠬᠠᠯ  ᠎ ᠳᠤ  ᠣᠷᠣᠭᠤᠯᠬᠤ

 ᠲᠤᠬᠠᠢ  ᠬᠡᠯᠡᠯᠴᠡᠭᠡ  ᠎ ᠶᠢ ᠡᠬᠢᠯᠡᠭᠦᠯᠦᠭᠰᠡᠨ ᠤ ᠬᠠᠮᠲᠤ ᠤᠯᠤᠰ ᠤᠨ ᠡᠮ  ᠲᠠᠩ  ᠲᠥᠪᠯᠡᠷᠡᠭᠦᠯᠦᠨ  ᠬᠤᠳᠠᠯᠳᠤᠨ  

ᠠᠪᠬᠤ  ᠲᠤᠷᠰᠢᠯᠲᠠ  ᠎ ᠶᠢᠨ  ᠠᠵᠢᠯ  ᠎ ᠢ ᠥᠷᠨᠢᠭᠦᠯᠬᠦ ᠲᠤᠬᠠᠢ ᠰᠤᠳᠤᠯᠵᠤ ᠪᠠᠶᠢᠨ᠎ᠠ᠃ ᠵᠢᠱᠢᠵᠦ  ᠪᠠᠶᠢᠬᠤ  ᠎ ᠪᠠᠷ᠂  

ᠶᠡᠷᠦᠩᠬᠡᠶᠢᠯᠡᠭᠰᠡᠨ  ᠠᠷᠭ᠎ᠠ  ᠪᠣᠳᠣᠯᠭ᠎ᠠ  ᠠᠪᠬᠤ  ᠎ ᠪᠠᠷ ᠳᠠᠮᠵᠢᠵᠤ᠂ ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠡᠮ

ᠲᠠᠩ ᠤᠨ ᠦᠨ᠎ᠡ ᠬᠠᠩᠰᠢ  ᠎ ᠶᠢ  ᠠᠳᠠᠯᠢ  ᠪᠤᠰᠤ  ᠬᠡᠮᠵᠢᠶ᠎ᠡ  ᠎ ᠪᠠᠷ ᠪᠠᠭᠤᠷᠠᠭᠤᠯᠬᠤ ᠪᠣᠯᠣᠨ᠎ᠠ᠃

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号