ᠰᠦᠯᠵᠢᠶ᠎ᠡ ᠪᠠᠷ ᠡᠷᠡᠮᠡᠯᠵᠡᠯ ᠳᠠᠭᠯᠠᠬᠤ ᠡᠬᠢᠯᠡᠬᠦ ᠪᠠᠷ ᠪᠤᠢ᠂ ᠡᠳᠡᠭᠡᠷ ᠣᠴᠢᠷ ᠢ ᠮᠡᠳᠡᠬᠦ ᠴᠢᠬᠤᠯᠠᠲᠠᠢ
ᠨᠡᠶᠢᠲᠡᠯᠡᠭᠰᠡᠨ ᠴᠠᠭ᠄
2018/6/25
ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ  ᠶᠢᠨ ᠲᠥᠪ ᠤᠨ ᠰᠠᠨᠠᠭᠤᠯᠣᠮᠵᠢ——       ᠰᠦᠯᠵᠢᠶ᠎ᠡ ᠪᠠᠷ ᠡᠷᠡᠮᠡᠯᠵᠡᠯ ᠳᠠᠭᠯᠠᠬᠤ ᠡᠬᠢᠯᠡᠬᠦ ᠪᠠᠷ ᠪᠤᠢ᠂ ᠡᠳᠡᠭᠡᠷ ᠣᠴᠢᠷ ᠢ ᠮᠡᠳᠡᠬᠦ ᠴᠢᠬᠤᠯᠠᠲᠠᠢ                ᠰᠣᠷᠣᠭᠴᠢ ᠡᠯᠰᠡᠬᠦ ᠬᠡᠰᠡᠭ ᠲᠥᠷᠦᠯ ᠬᠡᠯᠪᠡᠷᠢ ᠶᠢᠨ ᠴᠢᠬᠤᠯᠠ ᠰᠡᠨᠠᠭᠤᠯᠣᠮᠵᠢ᠄              ᠴᠡᠷᠢᠭ ᠤᠨ ᠶᠠᠪᠣᠳᠠᠯ᠂ ᠳᠣᠲᠣᠭᠠᠲᠣ ᠶᠢ ᠬᠠᠮᠠᠭᠠᠯᠠᠬᠤ ᠵᠡᠷᠭᠡ ᠳᠡᠭᠡᠳᠦ ᠰᠣᠷᠭᠠᠭᠤᠯᠢ ᠶᠢᠨ ᠰᠣᠷᠣᠭᠴᠢ ᠡᠯᠰᠡᠬᠦ᠂ ᠣᠯᠣᠰ ᠵᠢᠴᠢ ᠥᠪᠡᠷᠲᠡᠭᠡᠨ ᠵᠠᠰᠠᠬᠤ  ᠣᠷᠣᠨ   ᠤ  ᠬᠤᠯᠪᠣᠭᠳᠠᠯ  ᠪᠦᠬᠦᠢ  ᠲᠥᠷᠦ   ᠶᠢᠨ  ᠪᠣᠳᠣᠯᠭ᠎ᠠ   ᠶᠢᠨ  ᠳᠣᠭᠲᠠᠭᠠᠯ  ᠶᠣᠰᠣᠭᠠᠷ ᠬᠡᠷᠡᠭᠵᠢᠬᠦᠯᠦᠨ᠎ᠡ᠃ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸ᠋ᠩᠬᠢ ᠦᠨᠳᠦᠰᠦᠲᠡᠨ᠂ ᠣᠷᠣᠰ ᠦᠨᠳᠦᠰᠦᠲᠡᠨ ᠪᠠ ᠳᠣᠮᠳᠠᠳᠣ  ᠰᠣᠷᠭᠠᠭᠤᠯᠢ   ᠳᠤ   ᠪᠠᠨ  ᠰᠣᠯᠣᠩᠭᠤᠰ  ᠬᠡᠯᠡ   ᠪᠠᠷ  ᠬᠢᠴᠢᠶᠡᠯᠯᠡᠭᠰᠡᠨ  ᠰᠣᠯᠣᠩᠭᠤᠰ ᠦᠨᠳᠦᠰᠦᠲᠡᠨ ᠤ ᠰᠢᠯᠭᠠᠭᠤᠯᠤᠬᠰᠠᠳ ᠴᠥᠬᠡᠨ ᠲᠣᠭᠠᠲᠣ ᠦᠨᠳᠦᠰᠦᠲᠡᠨ ᠤ ᠪᠡᠯᠡᠳᠭᠡᠯ ᠠᠩᠭᠢ ᠶᠢᠨ ᠲᠥᠯᠦᠪᠯᠡᠯᠭᠡ   ᠳᠤ  ᠨᠡᠷ᠎ᠡ ᠮᠡᠳᠡᠭᠦᠯᠵᠦ ᠪᠣᠯᠣᠨ᠎ᠠ᠃ ᠬᠢᠲᠠᠳ ᠦᠨᠳᠦᠰᠦᠲᠡᠨ ᠠᠴᠠ ᠪᠣᠰᠣᠳ ᠴᠥᠬᠡᠨ ᠲᠣᠭᠠᠲᠣ ᠦᠨᠳᠦᠰᠲᠡᠨ ᠤ ᠰᠢᠯᠭᠠᠭᠤᠯᠤᠬᠰᠠᠳ ᠨᠡᠷ᠎ᠡ ᠮᠡᠳᠡᠬᠦᠯᠵᠦ ᠪᠣᠯᠣᠨ᠎ᠠ︔ ᠬᠢᠯᠢ ᠶᠢᠨ ᠬᠠᠮᠠᠭᠠᠯᠠᠯᠲᠠ ᠶᠢᠨ ᠴᠡᠷᠢᠭ ᠤᠨ ᠦᠷ᠎ᠡ ᠬᠡᠥᠬᠡᠳ ᠤᠨ ᠪᠡᠯᠡᠳᠭᠡᠯ ᠠᠩᠭᠢ ᠶᠢᠨ ᠲᠥᠯᠦᠪᠯᠡᠯᠭᠡ ᠶᠢᠨ ᠡᠯᠰᠡᠨ ᠠᠪᠬᠤ ᠣᠳᠠᠭ᠎ᠠ ᠶᠢ ᠵᠢᠩᠬᠢᠨᠢ ᠠᠩᠭᠢ ᠶᠢᠨ  ᠬᠤᠶᠠᠳᠣᠭᠠᠷ  ᠪᠦᠯᠦᠭ  B   ᠳᠤ  ᠲᠤᠬᠢᠷᠠᠭᠤᠯᠤᠨ᠎ᠠ᠂  ᠬᠢᠯᠢ   ᠶᠢᠨ ᠬᠠᠮᠠᠭᠠᠯᠠᠯᠲᠠ ᠶᠢᠨ ᠴᠡᠷᠢᠭ ᠤᠨ ᠦᠷ᠎ᠡ ᠬᠡᠥᠬᠡᠳ ᠤᠨ ᠪᠡᠯᠡᠳᠭᠡᠯ ᠠᠩᠭᠢ   ᠶᠢᠨ  ᠬᠢᠷᠢ  ᠬᠡᠮ   ᠢ  ᠪᠦᠷᠢᠯᠳᠦᠬᠦᠯᠦᠭᠰᠡᠨ  ᠦᠭᠡᠢ ᠰᠢᠯᠭᠠᠭᠤᠯᠤᠬᠰᠠᠳ ᠨᠡᠷ᠎ᠡ ᠮᠡᠳᠡᠭᠦᠯᠵᠦ ᠪᠣᠯᠬᠤ ᠦᠭᠡᠢ᠃              ᠣᠯᠣᠰ ᠤᠨ ᠲᠣᠰᠬᠠᠢ ᠲᠥᠷᠦᠯ ᠤᠨ ᠲᠥᠯᠦᠪᠯᠡᠯᠭᠡ ᠳᠤ ᠨᠡᠷ᠎ᠡ ᠮᠡᠳᠡᠭᠦᠯᠬᠦ ᠰᠢᠯᠭᠠᠭᠤᠯᠤᠬᠰᠠᠳ ᠲᠣᠣᠷᠠᠬᠢ ᠨᠥᠬᠦᠴᠡᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠡᠢ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠲᠡᠭᠡᠲᠦ  ᠰᠣᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠨ᠎ᠡ︔ ᠲᠣᠰ ᠬᠥᠮᠦᠨ ᠣᠯᠣᠰ ᠠᠴᠠ ᠪᠠᠲᠣᠯᠠᠭᠰᠠᠨ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠪᠯᠡᠷᠡᠩᠭᠦᠢ ᠵᠠᠯᠭᠠᠯᠳᠤᠬᠰᠠᠨ ᠣᠨᠴᠠᠭᠠᠢ ᠬᠦᠴᠢᠷᠲᠡᠯᠲᠡᠢ ᠬᠤᠰᠢᠭᠤ  ᠰᠢᠶᠠᠨ᠂ ᠣᠯᠣᠰ ᠤᠨ ᠶᠠᠳᠠᠭᠤ ᠶᠢ ᠳᠡᠳᠬᠦᠬᠦ ᠨᠡᠭᠡᠭᠡᠯᠲᠡ ᠶᠢᠨ ᠭᠤᠣᠯᠳᠠᠯᠭ᠎ᠠ ᠲᠠᠢ ᠬᠤᠰᠢᠭᠤ ᠰᠢᠶᠠᠨ ᠳᠤ ᠵᠠᠯᠭᠠᠭ᠎ᠠ ᠪᠠᠷ  3  ᠵᠢᠯ   ᠠᠴᠠ ᠳᠡᠭᠡᠭᠰᠢ ᠡᠷᠦᠬᠡ ᠠᠮᠠ ᠲᠠᠢ᠂ ᠲᠠᠷᠠᠭᠠᠯᠠᠪᠠᠯ ᠠᠪᠤ ᠡᠵᠢ ᠨᠢ ᠪᠣᠶᠣ ᠬᠠᠣᠯᠢ ᠠᠴᠠ  ᠳᠣᠭᠲᠠᠭᠠᠭᠰᠠᠨ  ᠬᠠᠷᠠᠭᠠᠯᠵᠠᠭᠴᠢ   ᠨᠢ  ᠲᠣᠰ ᠭᠠᠵᠠᠷ ᠤᠨ ᠡᠷᠦᠬᠡ ᠠᠮᠠ ᠲᠠᠢ ᠪᠠᠶᠢᠬᠤ ᠬᠡᠷᠡᠭᠲᠡᠢ︔ ᠲᠣᠰ ᠬᠥᠮᠦᠨ ᠡᠷᠦᠬᠡ ᠠᠮᠠ ᠪᠠᠶᠢᠭ᠎ᠠ  ᠬᠤᠰᠢᠭᠤ  ᠰᠢᠶᠠᠨ   ᠤ  ᠦᠨᠳᠦᠷ ᠳᠣᠮᠳᠠᠳᠣ ᠳᠤ ᠵᠠᠯᠭᠠᠭ᠎ᠠ ᠪᠠᠷ 3 ᠵᠢᠯ ᠤᠨ  ᠰᠣᠷᠣᠯᠭ᠎ᠠ   ᠶᠢᠨ  ᠨᠠᠮᠲᠠᠷ   ᠲᠠᠢ  ᠪᠦᠭᠡᠳ  ᠪᠣᠳᠠᠲᠠᠢ  ᠰᠣᠷᠣᠯᠴᠠᠭᠰᠠᠨ  ᠪᠠᠶᠢᠬᠤ ᠬᠡᠷᠡᠭᠲᠡᠢ᠃ ᠬᠡᠷᠡᠭᠵᠢᠬᠦᠯᠬᠦ ᠣᠷᠣᠨ ᠬᠡᠪᠴᠢᠶ᠎ᠡ ᠪᠣᠯ ︽2015 ᠣᠨ ᠤ ᠥᠪᠦᠷ ᠮᠣᠩᠭᠤᠯ  ᠤᠨ ᠥᠪᠡᠷᠲᠡᠭᠡᠨ ᠵᠠᠰᠠᠬᠤ  ᠣᠷᠣᠨ ᠤ ᠭᠤᠣᠯᠳᠠᠯᠭ᠎ᠠ ᠲᠠᠢ ᠶᠡᠭᠡ ᠳᠡᠭᠡᠳᠦ ᠰᠣᠷᠭᠠᠭᠤᠯᠢ ᠶᠢᠨ ᠰᠣᠷᠣᠭᠴᠢ ᠡᠯᠰᠡᠬᠦ ᠬᠦᠳᠡᠭᠡ ᠲᠣᠰᠬᠤᠨ ᠤ ᠰᠣᠷᠣᠭᠴᠢ   ᠶᠢᠨ  ᠲᠣᠰᠬᠠᠢ ᠲᠥᠷᠦᠯ ᠤᠨ ᠲᠥᠯᠦᠪᠯᠡᠯᠭᠡ ᠶᠢᠨ ᠭᠡᠷᠡᠭᠵᠢᠬᠦᠯᠬᠦ ᠠᠷᠭ᠎ᠠ︾ ︵ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠣᠷᠭᠠᠨ ᠬᠥᠮᠦᠵᠢᠯ ᠤᠨ ᠠᠯᠪᠠᠨ ᠭᠡᠷ ﹇2015﹈29 ᠨᠣᠮᠧᠷᠲᠣ︶ ᠳᠤ ᠳᠣᠭᠲᠠᠭᠠᠭᠰᠠᠨ80 ᠬᠤᠰᠢᠭᠤ ᠰᠢᠶᠠᠨ ᠪᠣᠯᠣᠨ᠎ᠠ᠃              ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠲᠣᠰᠬᠤᠨ ᠤ ᠡᠷᠦᠬᠡ  ᠠᠮᠠ  ᠪᠣᠶᠣ ᠡᠷᠦᠬᠡ ᠠᠮᠠ ᠨᠢ ᠮᠠᠯᠵᠢᠬᠤ ᠲᠠᠷᠢᠶᠠᠯᠠᠬᠤ ᠣᠷᠣᠨ ᠳᠤ ᠪᠠᠶᠢᠭ᠎ᠠ ᠰᠢᠯᠭᠠᠭᠤᠯᠤᠬᠰᠠᠳ ᠴᠥᠮ ᠭᠠᠵᠠᠷ ᠣᠷᠣᠨ ᠤ ᠲᠣᠰᠬᠠᠢ ᠲᠥᠷᠦᠯ ᠤᠨ ᠲᠥᠯᠦᠪᠯᠡᠯᠭᠡ ᠳᠤ ᠨᠡᠷ᠎ᠡ ᠮᠡᠳᠡᠭᠦᠯᠵᠦ ᠪᠣᠯᠣᠨ᠎ᠠ᠃2018 ᠣᠨ ᠤ ᠠᠨᠠᠭᠠᠬᠤ ᠣᠬᠠᠭᠠᠨ ᠤ ᠬᠠᠨᠳᠤᠯᠭ᠎ᠠ ᠪᠠᠷ  ᠲᠦᠯᠦᠪᠦᠷᠢ ᠬᠡᠯᠲᠦᠷᠢᠬᠦᠯᠦᠨ ᠰᠤᠷᠬᠤ  ᠰᠣᠷᠣᠭᠴᠢ   ᠶᠢ  ᠵᠦᠪᠬᠡᠨ  ᠮᠠᠯᠵᠢᠬᠤ  ᠲᠠᠷᠢᠶᠠᠯᠠᠬᠤ  ᠣᠷᠣᠨ   ᠤ  ᠰᠣᠷᠣᠭᠴᠢ   ᠠᠴᠠ  ᠡᠯᠰᠡᠨ᠎ᠡ᠂ ᠰᠢᠯᠭᠠᠭᠤᠯᠤᠬᠰᠠᠳ ᠲᠣᠣᠷᠠᠬᠢ ᠨᠥᠬᠦᠴᠡᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠡᠢ᠄  ᠥᠪᠦᠷ  ᠮᠣᠩᠭᠤᠯ   ᠤᠨ  ᠥᠪᠡᠷᠲᠡᠭᠡᠨ ᠵᠠᠰᠠᠬᠤ ᠣᠷᠣᠨ ᠤ2018 ᠣᠨ   ᠤ  ᠶᠡᠭᠡ  ᠰᠣᠷᠭᠠᠭᠤᠯᠢ  ᠡᠯᠰᠡᠬᠦ  ᠰᠢᠯᠭᠠᠯᠲᠠ   ᠶᠢᠨ  ᠨᠡᠷ᠎ᠡ  ᠮᠡᠳᠡᠭᠦᠯᠬᠦ  ᠨᠥᠬᠦᠴᠡᠯ   ᠳᠤ ᠨᠡᠶᠢᠴᠡᠨ᠎ᠡ︔ ᠲᠣᠰ ᠬᠥᠮᠦᠨ ᠵᠢᠴᠢ ᠠᠪᠤ ᠡᠵᠢ ᠪᠣᠶᠣ ᠬᠠᠣᠯᠢ   ᠠᠴᠠ  ᠳᠣᠭᠲᠠᠭᠠᠭᠰᠠᠨ  ᠬᠠᠷᠠᠭᠠᠯᠵᠠᠭᠴᠢ   ᠶᠢᠨ  ᠡᠷᠦᠬᠡ  ᠠᠮᠠ ᠡᠷᠬᠡᠪᠰᠢ ᠮᠠᠯᠵᠢᠬᠤ ᠲᠠᠷᠢᠶᠠᠯᠠᠬᠤ ᠣᠷᠣᠨ ᠳᠤ ᠪᠠᠶᠢᠵᠣ ᠲᠣᠰ ᠬᠥᠮᠦᠨ ᠲᠣᠰ ᠭᠠᠵᠠᠷ ᠲᠤ ᠵᠠᠯᠭᠠᠭ᠎ᠠ ᠪᠠᠷ 3 ᠵᠢᠯ  ᠠᠴᠠ  ᠳᠡᠭᠡᠭᠰᠢ ︵3 ᠵᠢᠯ ᠢ ᠪᠠᠭᠲᠠᠭᠠᠨ᠎ᠠ︶ ᠡᠷᠦᠬᠡ ᠠᠮᠠ ᠲᠠᠢ ᠪᠠᠶᠢᠬᠤ ᠬᠡᠷᠡᠭᠲᠡᠢ᠃ᠥᠪᠡᠷᠲᠡᠭᠡᠨ ᠰᠣᠷᠣᠭᠴᠢ ᠡᠯᠰᠡᠬᠦ᠂ ᠦᠨᠳᠣᠷ  ᠲᠦᠪᠰᠢᠨ   ᠤ ᠣᠷᠠᠯᠢᠭ ᠤᠨ ᠪᠦᠯᠬᠦᠮ᠂ ᠦᠨᠳᠦᠷ ᠲᠦᠪᠰᠢᠨ ᠤ ᠲᠠᠮᠢᠷ ᠤᠨ ᠠᠩᠭᠢ᠂ ᠶᠡᠭᠡ ᠳᠡᠭᠡᠳᠦ ᠰᠣᠷᠭᠠᠭᠤᠯᠢ ᠶᠢᠨ ᠲᠣᠰᠬᠠᠢ ᠲᠥᠷᠦᠯ ᠤᠨ ᠲᠥᠯᠦᠪᠯᠡᠯᠭᠡ ᠵᠡᠷᠭᠡ ᠣᠨᠴᠠᠭᠠᠢ ᠲᠦᠷᠦᠯ ᠤᠨ ᠰᠣᠷᠣᠭᠴᠢ ᠡᠯᠰᠡᠬᠦ ᠳᠤ ᠬᠢᠷᠢ ᠲᠡᠩᠴᠡᠭᠰᠡᠨ ᠰᠣᠷᠣᠭᠴᠢ ᠰᠣᠷᠭᠠᠨ ᠬᠥᠮᠦᠵᠢᠯ ᠤᠨ ᠶᠠᠮᠣᠨ ᠤ ︽ᠶᠠᠩ ᠭᠤᠸᠠᠩ ᠶᠡᠭᠡ ᠰᠣᠷᠭᠠᠭᠤᠯᠢ ᠳᠤ ᠡᠯᠰᠡᠬᠦ︾ ᠮᠡᠳᠡᠭᠡ ᠵᠠᠩᠭᠢ ᠶᠢᠨ ᠵᠠᠷᠯᠠᠯ   ᠤᠨ  ᠲᠠᠪᠴᠠᠩ   ᠳᠤ  ᠵᠠᠷᠯᠠᠭᠰᠠᠨ ᠨᠡᠷᠡᠰ ᠢ ᠦᠵᠡᠵᠦ᠂ ᠨᠥᠬᠦᠴᠡᠯ ᠳᠤ ᠨᠡᠶᠢᠴᠡᠭᠰᠡᠨ ᠰᠢᠯᠭᠠᠭᠤᠯᠤᠬᠰᠠᠳ‌ᠨᠡᠷ᠎ᠡ ᠮᠡᠳᠡᠬᠦᠯᠵᠦ ᠪᠣᠯᠣᠨ᠎ᠠ᠂ ᠣᠷᠠᠯᠢᠭ ᠤᠨ ᠲᠥᠷᠦᠯ   ᠤᠨ ᠰᠣᠷᠣᠭᠴᠢ ᠡᠯᠰᠡᠬᠦ ᠲᠥᠯᠦᠪᠯᠡᠯᠭᠡ ᠶᠢ ᠬᠤᠶᠠᠷ ᠲᠦᠷᠦᠯ ᠳᠤ ᠬᠤᠪᠢᠶᠠᠨ᠎ᠠ᠄ ᠰᠣᠷᠣᠭᠴᠢ  ᠡᠯᠰᠡᠬᠦ  ᠳᠡᠭᠡᠳᠦ  ᠰᠣᠷᠭᠠᠭᠤᠯᠢ  ᠪᠣᠶᠣ ᠰᠣᠷᠣᠭᠴᠢ ᠡᠯᠰᠡᠬᠦ ᠮᠡᠷᠭᠡᠵᠢᠯ ᠤᠨ ᠠᠷᠣ ᠳᠤ ᠨᠢ ᠲᠥᠯᠦᠪᠯᠡᠭᠡ ᠶᠢᠨ ᠲᠤᠭ᠎ᠠ ᠦᠭᠡᠢ ᠨᠢ ᠪᠦᠬᠦ  ᠣᠯᠣᠰ   ᠲᠤ  ᠬᠠᠨᠳᠣᠭᠤᠯᠵᠣ᠂ ᠮᠣᠵᠢ ᠣᠷᠣᠨ ᠬᠤᠪᠢᠶᠠᠬᠤ ᠦᠭᠡᠢ ᠪᠠᠷ ᠰᠣᠷᠣᠭᠴᠢ ᠡᠯᠰᠡᠬᠦ ᠲᠥᠯᠦᠪᠯᠡᠯᠭᠡ ᠶᠢ ᠬᠠᠷᠠᠭᠤᠯᠵᠣ  ᠪᠠᠶᠢᠨ᠎ᠠ︔  ᠰᠣᠷᠣᠭᠴᠢ  ᠡᠯᠰᠡᠬᠦ ᠳᠡᠭᠡᠳᠦ ᠰᠣᠷᠭᠠᠭᠤᠯᠢ ᠪᠠ ᠰᠣᠷᠣᠭᠴᠢ ᠡᠯᠰᠡᠬᠦ ᠲᠣᠰᠬᠠᠢ ᠮᠡᠷᠭᠡᠵᠢᠯ ᠲᠥᠯᠦᠪᠯᠡᠭᠡ  ᠶᠢᠨ ᠲᠤᠭ᠎ᠠ ᠲᠠᠢ ᠨᠢ ᠪᠤᠯ  ᠥᠪᠦᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠭᠤᠯᠭᠠᠭᠰᠠᠨ ᠲᠥᠯᠦᠪᠯᠡᠭᠡ ᠪᠤᠯᠤᠨ᠎ᠠ᠃ ᠰᠢᠯᠭᠠᠭᠤᠯᠤᠬᠰᠠᠳ ᠣᠷᠠᠯᠢᠭ   ᠤᠨ  ᠲᠥᠷᠦᠯ ᠤᠨ ᠲᠣᠰᠬᠠᠢ ᠮᠡᠷᠭᠡᠵᠢᠯ ᠳᠤ ᠡᠷᠡᠮᠡᠯᠵᠡᠯ‌‍ᠲ᠋ᠠᠭᠯᠠᠬᠤ ᠳᠤ ᠪᠠᠨ ᠰᠣᠷᠣᠭᠴᠢ ᠡᠯᠰᠡᠬᠦ  ᠶᠡᠭᠡ  ᠳᠡᠭᠡᠳᠦ  ᠰᠣᠷᠭᠠᠭᠤᠯᠢ   ᠶᠢᠨ  ᠲᠣᠰᠬᠠᠢ ᠮᠡᠷᠭᠡᠵᠢᠯ ᠤᠨ ᠬᠢᠴᠢᠶᠡᠯ ᠤᠨ  ᠬᠢᠷᠢ  ᠪᠦᠲᠦᠮᠵᠢ   ᠶᠢᠨ  ᠬᠤᠯᠪᠣᠭᠳᠠᠯ  ᠪᠦᠬᠦᠢ  ᠱᠠᠭᠠᠷᠳᠠᠯᠭ᠎ᠠ᠂  ᠵᠢᠱᠢᠶᠡᠯᠡᠪᠡᠯ  ︽ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠬᠡᠷᠡᠭᠯᠡᠬᠦ︾ ︽ᠰᠣᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠬᠡᠷᠡᠭᠯᠡᠬᠦ︾ ᠪᠣᠶᠣ ︽×× ᠬᠤᠯᠪᠣᠭᠠᠲᠣ ᠰᠢᠯᠭᠠᠯᠲᠠ ᠶᠢᠨ ᠬᠢᠷᠢ ᠪᠦᠲᠦᠮᠵᠢ ᠶᠢ ᠬᠡᠷᠡᠭᠯᠡᠬᠦ︾ ᠵᠡᠷᠭᠡ ᠶᠢ  ᠠᠩᠬᠠᠷᠴᠤ᠂ ᠪᠣᠷᠣᠭᠤ ᠮᠡᠳᠡᠭᠦᠯᠬᠦ   ᠠᠴᠠ ᠵᠠᠶᠢᠯᠠᠰᠬᠢᠭᠠᠷᠠᠢ᠃              ᠰᠢᠯᠭᠠᠭᠤᠯᠤᠬᠰᠠᠳ ᠭᠠᠳᠠᠭᠠᠲᠣ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ ᠶᠢ ᠱᠠᠭᠠᠷᠳᠠᠭᠰᠠᠨ  ᠲᠣᠰᠬᠠᠢ  ᠮᠡᠷᠭᠡᠵᠢᠯ ᠳᠤ ᠨᠡᠷ᠎ᠡ ᠮᠡᠳᠡᠭᠦᠯᠪᠡᠯ᠂  ᠡᠷᠬᠡᠪᠰᠢ  ᠥᠪᠦᠷ  ᠮᠣᠩᠭᠤᠯ   ᠤᠨ  ᠥᠪᠡᠷᠲᠡᠭᠡᠨ  ᠵᠠᠰᠠᠬᠤ  ᠣᠷᠣᠨ   ᠤ  ᠨᠢᠭᠡᠳᠦᠯᠲᠡᠢ  ᠵᠣᠬᠢᠶᠠᠨ ᠪᠠᠶᠢᠭᠤᠯᠣᠭᠰᠠᠨ ᠠᠩᠭ᠍ᠯᠢ ᠬᠡᠯᠡ ᠪᠣᠶᠣ ᠣᠷᠣᠰ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ   ᠳᠤ  ᠤᠷᠤᠯᠴᠠᠨ᠎ᠠ᠂  ᠶᠠᠷᠢᠶᠠᠨ   ᠤ ᠬᠡᠯᠡᠨ ᠤ ᠰᠢᠯᠭᠠᠯᠲᠠ ᠳᠤ ᠬᠢᠷᠢ ᠲᠡᠩᠴᠡᠭᠰᠡᠨ ᠦᠭᠡᠢ ᠰᠢᠯᠭᠠᠭᠤᠯᠤᠬᠰᠠᠳ ᠤᠨ ᠨᠡᠷ᠎ᠡ ᠮᠡᠳᠡᠭᠦᠯᠬᠦ ᠶᠢ ᠵᠦᠪᠰᠢᠶᠡᠷᠡᠬᠦ ᠦᠭᠡᠢ᠃              ᠲᠥᠯᠦᠪᠦᠷᠢ ᠬᠤᠷᠢᠶᠠᠬᠤ ᠪᠠᠷᠢᠮᠵᠢᠶ᠎ᠠ ᠶᠢ ᠰᠣᠷᠣᠭᠴᠢ ᠡᠯᠰᠡᠬᠦ ᠶᠡᠭᠡ  ᠳᠡᠭᠡᠳᠦ  ᠰᠣᠷᠭᠠᠭᠤᠯᠢ   ᠶᠢᠨ  ᠰᠠᠨᠠᠯ  ᠶᠣᠰᠣᠭᠠᠷ ᠨᠡᠶᠢᠲᠡᠯᠡᠵᠦ᠂ ᠪᠣᠲᠠᠲᠠᠢ ᠬᠤᠷᠢᠶᠠᠬᠤ ᠲᠥᠯᠦᠪᠦᠷᠢ ᠶᠢ  ᠬᠠᠮᠤᠭ  ᠡᠴᠦᠰ   ᠲᠤ  ᠬᠤᠯᠪᠣᠭᠳᠠᠯ  ᠪᠦᠬᠦᠢ  ᠰᠠᠯᠠᠭ᠎ᠠ  ᠮᠦᠴᠢᠷ   ᠤᠨ ᠵᠦᠪᠰᠢᠶᠡᠷᠡᠯ ᠢᠶᠠᠷ ᠬᠡᠷᠡᠭᠵᠢᠬᠦᠯᠦᠨ᠎ᠡ᠃ ᠵᠠᠷᠢᠮ ᠶᠡᠭᠡ ᠳᠡᠭᠡᠳᠦ ᠰᠣᠷᠭᠠᠭᠤᠯᠢ ᠲᠥᠯᠦᠪᠦᠷᠢ ᠬᠤᠷᠢᠶᠠᠬᠤ  ᠪᠠᠷᠢᠮᠵᠢᠶ᠎ᠠ  ᠨᠡᠶᠢᠲᠡᠯᠡᠭᠰᠡᠨ ᠦᠭᠡᠢ᠂ ᠨᠢᠭᠡ ᠨᠢ ᠪᠤᠯ ᠲᠥᠯᠦᠪᠦᠷᠢ ᠬᠤᠷᠢᠶᠠᠬᠤ ᠪᠠᠷᠢᠮᠵᠢᠶ᠎ᠠ ᠪᠠᠨ ᠳᠣᠭᠲᠠᠭᠠᠭ᠎ᠠ ᠦᠭᠡᠢ᠂ ᠬᠤᠶᠠᠷ ᠨᠢ  ᠪᠤᠯ  ᠰᠣᠷᠣᠯᠭ᠎ᠠ   ᠶᠢᠨ ᠲᠥᠯᠦᠪᠦᠷᠢ ᠬᠡᠯᠲᠦᠷᠢᠬᠦᠯᠦᠭᠰᠡᠨ ᠪᠠᠶᠢᠲᠠᠭ᠂ ᠪᠣᠲᠠᠲᠠᠢ ᠪᠠᠶᠢᠳᠠᠯ ᠢ ᠰᠢᠯᠭᠠᠭᠤᠯᠤᠬᠰᠠᠳ ᠶᠡᠭᠡ ᠳᠡᠭᠡᠳᠦ ᠰᠣᠷᠭᠠᠭᠤᠯᠢ ᠠᠴᠠ ᠯᠠᠪᠯᠠᠬᠤ ᠴᠢᠬᠤᠯᠠ ᠲᠠᠢ᠃              ᠲᠣᠰᠭᠠᠷ ᠳᠡᠭᠡᠳᠦ ᠰᠣᠷᠭᠠᠭᠤᠯᠢ᠂ ᠠᠷᠠᠳ ᠠᠴᠠ ᠡᠷᠬᠢᠯᠡᠭᠰᠡᠨ ᠳᠡᠭᠡᠳᠦ ᠰᠣᠷᠭᠠᠭᠤᠯᠢ ᠵᠢᠴᠢ ᠳᠡᠭᠡᠳᠦ ᠵᠡᠷᠭᠡ  ᠶᠢᠨ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠠᠷᠣ ᠳᠤ ᠨᠢ ︽ᠠᠷᠠᠳ ᠠᠴᠠ ᠡᠷᠬᠢᠯᠡᠭᠰᠡᠨ︾ ᠬᠡᠬᠦ  ᠢᠯᠡᠷᠭᠡᠶᠢᠯᠡᠯ   ᠲᠠᠢ   ᠨᠢ᠂  ᠵᠦᠪᠬᠡᠨ ᠰᠢᠯᠭᠠᠭᠤᠯᠤᠬᠰᠠᠳ` ᠤᠨ ᠡᠷᠡᠮᠡᠯᠵᠡᠯ ᠲᠠᠭᠯᠠᠬᠤ ᠳᠤ ᠳᠥᠭᠦᠮ ᠦᠵᠡᠬᠦᠯᠬᠦ ᠶᠢᠨ ᠲᠥᠯᠦᠭᠡ ᠪᠠᠶᠢᠭ᠎ᠠ᠂ ᠶᠠᠮᠠᠷᠴᠤ ᠪᠠᠶᠢᠭᠤᠯᠣᠮᠵᠢ ᠪᠠ ᠬᠤᠪᠢ ᠬᠥᠮᠦᠨ ᠤ ᠣᠪᠣᠷ ᠪᠠ ᠵᠣᠭᠰᠣᠯᠲᠠ ᠶᠢ ᠲᠥᠯᠦᠭᠡᠯᠡᠬᠦ ᠦᠭᠡᠢ᠃
 
ᠢᠷᠡᠯᠲᠡ᠄ ᠠᠷᠠᠳ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号