7 ᠰᠠᠷ᠎ᠠ ᠶᠢᠨ ᠰᠢᠨ᠎ᠠ ᠲᠤᠬᠳᠠᠭᠠᠯ ᠤᠳ᠄ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠲᠤᠬᠠᠢ ᠰᠢᠨ᠎ᠠ ᠲᠦᠷᠢᠮ ᠨᠢ ᠦᠳᠡᠯᠪᠡᠯ ᠬᠥᠷᠳᠡᠬᠦ ᠠᠰᠠᠷᠠᠮᠵᠢ ᠲᠠᠢ ᠪᠤᠯᠬᠤ ᠶᠠᠪᠤᠳᠠᠯ ᠳᠤ ᠨᠡᠩ ᠴᠢᠩᠭ᠎ᠠ ᠪᠠᠳᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2018/6/26
     ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢ  ᠲᠦᠪ  ᠎ ᠠᠴᠠ  ᠲᠤᠬᠢᠷᠠᠭᠤᠯᠬᠤ  ᠲᠦᠷᠢᠮ  ᠎ ᠢ ᠬᠡᠷᠡᠭᠵᠢᠬᠦᠯᠬᠦ᠂ ᠡᠳᠤᠷ ᠲᠤᠳᠤᠮ ᠤᠨ ᠬᠡᠷᠡᠭᠯᠡᠭᠡᠨ ᠤ ᠵᠦᠢᠯ ᠤᠨ ᠭᠠᠳᠠᠭᠠᠳᠤ ᠠᠴᠠ ᠤᠷᠤᠭᠤᠯᠬᠤ ᠪᠤᠭᠤᠮᠳᠠ  ᠎ ᠶᠢᠨ  ᠭᠠᠶᠢᠯᠢ  ᠎ ᠶᠢ ᠤᠯᠠᠮ ᠨᠢᠭᠡ ᠠᠯᠬᠤᠮ ᠪᠠᠭᠤᠷᠠᠭᠤᠯᠬᠤ᠂ ᠠᠵᠤ ᠠᠬᠤᠶᠢᠯᠠᠯ ᠤᠨ ᠠᠰᠢᠭ ᠤᠷᠤᠯᠭ᠎ᠠ ᠎ ᠶᠢᠨ ᠭᠠᠶᠢᠯᠢ ᠳᠤ ᠦᠪᠡᠷ ᠤᠨ ᠦᠷᠳᠡᠭ ᠤᠨ ᠵᠠᠷᠤᠳᠠᠯ ᠢ ᠬᠠᠰᠤᠵᠤ ᠭᠠᠷᠭᠠᠬᠤ ᠲᠤᠬᠠᠢ ᠡᠴᠤᠰ ᠲᠡᠭᠡᠨ ᠲᠤᠳᠤᠷᠬᠠᠢ ᠲᠤᠬᠳᠠᠭᠠᠯ ᠲᠠᠢ ᠪᠤᠯᠤᠭᠰᠠᠨ……  7  ᠰᠠᠷ᠎ᠠ  ᠎ ᠠᠴᠠ ᠡᠬᠢᠯᠡᠨ᠂ ᠨᠢᠭᠡ ᠪᠦᠯᠦᠭ ᠰᠢᠨ᠎ᠠ ᠬᠠᠤᠯᠢ ᠴᠠᠭᠠᠵᠠ ᠬᠠᠤᠯᠢ ᠲᠤᠬᠳᠠᠭᠠᠯ ᠨᠢ ᠲᠠ ᠪᠢᠳᠡᠨ ᠤ ᠠᠮᠢᠳᠤᠷᠠᠯ ᠳᠤ ᠨᠦᠯᠤᠭᠡ  ᠭᠠᠷᠭᠠᠬᠤ ᠪᠤᠯᠤᠨ᠎ᠠ᠃                              ᠪᠦᠬᠦ ᠤᠯᠤᠰ ᠤᠨ ᠴᠢᠨᠠᠷᠳᠠᠢ ᠬᠠᠤᠯᠢ ᠴᠠᠭᠠᠵᠠ ᠬᠠᠤᠯᠢ ᠲᠤᠬᠳᠠᠭᠠᠯ                        ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢ ᠲᠦᠪ ᠠᠴᠠ ᠲᠤᠬᠢᠷᠠᠭᠤᠯᠬᠤ  ᠲᠦᠷᠢᠮ  ᠎ ᠢ  7 ᠰᠠᠷ᠎ᠠ ᠶᠢᠨ 1᠎ ᠤ ᠡᠳᠤᠷ ᠠᠴᠠ ᠡᠬᠢᠯᠡᠵᠤ ᠬᠡᠷᠡᠭᠵᠢᠬᠦᠯᠤᠨ᠎ᠠ                      6 ᠰᠠᠷ᠎ᠠ ᠶᠢᠨ 13᠎ ᠤ ᠡᠳᠤᠷ᠂ ᠲᠦᠷᠤ  ᠎ ᠶᠢᠨ  ᠶᠠᠪᠤᠳᠠᠯ  ᠎ ᠤᠨ  ᠬᠤᠷᠢᠶ᠎ᠠ《ᠠᠵᠤ  ᠠᠬᠤᠶᠢᠯᠠᠯ  ᠎ ᠤᠨ  ᠠᠵᠢᠯᠳᠠᠨ ᠠᠵᠢᠯᠴᠢᠨ ᠤ ᠦᠨᠳᠤᠰᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢ ᠲᠦᠪ ᠎ ᠠᠴᠠ  ᠲᠤᠬᠢᠷᠠᠭᠤᠯᠬᠤ ᠲᠦᠷᠢᠮ ᠢ ᠪᠠᠶᠢᠭᠤᠯᠬᠤ  ᠲᠤᠬᠠᠢ  ᠮᠡᠳᠡᠭᠳᠡᠯ》  ︵ᠲᠤᠷᠤᠬᠰᠢ《ᠮᠡᠳᠡᠭᠳᠡᠯ》  ᠭᠡᠵᠤ  ᠲᠤᠪᠴᠢᠯᠠᠨ᠎ᠠ︶  ᠎ ᠢ  ᠵᠢᠩᠬᠢᠨᠢ  ᠎ ᠪᠠᠷ ᠨᠡᠶᠢᠳᠡᠯᠡᠪᠠ᠃《ᠮᠡᠳᠡᠭᠳᠡᠯ》᠎ ᠳᠤ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠎ ᠤᠨ ᠰᠠᠭᠤᠷᠢ  ᠮᠦᠩᠬᠦ  ᠎ ᠶᠢ  ᠲᠦᠪ  ᠎ ᠠᠴᠠ ᠲᠤᠬᠢᠷᠠᠭᠤᠯᠬᠤ ᠲᠦᠷᠢᠮ ᠢ 7 ᠰᠠᠷ᠎ᠠ ᠶᠢᠨ 1᠎ ᠤ ᠡᠳᠤᠷ ᠠᠴᠠ ᠡᠬᠢᠯᠡᠵᠤ ᠵᠢᠩᠬᠢᠨᠢ  ᠎ ᠪᠠᠷ  ᠬᠡᠷᠡᠭᠵᠢᠬᠦᠯᠤᠨ᠎ᠠ  ᠭᠡᠵᠤ  ᠲᠤᠳᠤᠷᠬᠠᠢ ᠲᠤᠬᠳᠠᠭᠠᠪᠠ᠃              ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ ᠲᠡᠳ᠋ ᠰᠠᠶᠢᠳ  ᠶᠢᠤ  ᠵᠢᠶᠦ᠋ᠨ ᠢᠯᠡᠷᠭᠡᠶᠢᠯᠡᠬᠦ ᠳᠡᠭᠡᠨ᠂ ᠲᠦᠪ ᠠᠴᠠ ᠲᠤᠬᠢᠷᠠᠭᠤᠯᠬᠤ ᠰᠠᠭᠤᠷᠢ ᠮᠦᠩᠬᠦ ᠨᠢ ᠡᠯ᠎ᠠ ᠮᠤᠵᠢ ᠶᠢᠨ  ᠨᠠᠰᠤᠵᠢᠯ  ᠎ ᠤᠨ  ᠠᠰᠠᠷᠠᠮᠵᠢ  ᠎ ᠶᠢᠨ ᠲᠠᠭᠠᠳᠬᠠᠯ ᠤᠨ ᠰᠠᠭᠤᠷᠢ ᠮᠦᠩᠬᠦ ᠶᠢᠨ ᠲᠡᠭᠡᠭᠰᠢ ᠲᠤᠰᠢᠶᠠᠭᠰᠠᠨ  ᠪᠡᠯᠡ  ᠮᠦᠩᠬᠦ  ᠎ ᠠᠴᠠ  ᠪᠦᠷᠢᠯᠳᠦᠭᠰᠡᠨ  ᠪᠠᠶᠢᠳᠠᠭ᠃  ᠠᠵᠤ ᠠᠬᠤᠶᠢᠯᠠᠯ ᠪᠠ ᠠᠵᠢᠯᠳᠠᠨ ᠠᠵᠢᠯᠴᠢᠨ ᠤ ᠬᠤᠪᠢ ᠬᠥᠮᠤᠨ ᠤ ᠲᠤᠰᠢᠶᠠᠬᠤ ᠵᠠᠷᠤᠳᠠᠯ ᠢ ᠮᠦᠨ ᠯᠡ  ᠤᠳᠤ  ᠎ ᠶᠢᠨ  ᠬᠡᠷᠡᠭᠵᠢᠬᠦᠯᠵᠤ ᠪᠠᠶᠢᠭ᠎ᠠ ᠲᠦᠷᠤ ᠶᠢᠨ ᠪᠤᠳᠤᠯᠭ᠎ᠠ ᠶᠢᠨ ᠶᠤᠰᠤᠭᠠᠷ ᠬᠡᠷᠡᠭᠵᠢᠬᠦᠯᠵᠤ᠂ ᠢᠯᠡᠬᠦᠴᠠ ᠵᠠᠷᠤᠳᠠᠯ ᠲᠤᠰᠢᠶᠠᠬᠤ ᠴᠢᠬᠤᠯᠠ ᠦᠭᠡᠢ  ᠶᠤᠮ᠃ ᠪᠦᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢᠨ ᠲᠤᠰ ᠬᠤᠭᠤᠴᠠᠭᠠᠨ  ᠎ ᠤ  ᠤᠷᠤᠯᠭ᠎ᠠ ᠵᠠᠷᠤᠯᠭ᠎ᠠ ᠶᠢᠨ ᠶᠡᠷᠤᠩᠭᠡᠢ ᠭᠡᠮᠵᠢᠶᠡᠨ ᠳᠤ ᠶᠠᠮᠠᠷ ᠴᠦ ᠬᠤᠪᠢᠷᠠᠯᠳᠠ ᠭᠠᠷᠤᠭᠰᠠᠨ ᠦᠭᠡᠢ ᠲᠤᠯᠠ ᠨᠡᠶᠢᠭᠡᠮ ᠤᠨ ᠪᠦᠬᠦ ᠴᠤᠭᠴᠠ ᠶᠢᠨ ᠡᠬᠦᠷᠭᠡᠯᠡᠯ ᠢ ᠬᠥᠨᠳᠤᠷᠡᠬᠦᠯᠬᠦ ᠦᠭᠡᠢ ᠶᠤᠮ᠂ ᠮᠦᠨ ᠴᠦ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ  ᠵᠠᠷᠤᠳᠠᠯ  ᠲᠤᠰᠢᠶᠠᠬᠤ ᠬᠠᠷᠢᠴᠠᠯ ᠢ ᠲᠡᠭᠡᠭᠰᠢᠯᠡᠬᠦᠯᠬᠦ ᠦᠭᠡᠢ ᠶᠤᠮ ᠭᠡᠵᠠᠢ᠃              ᠰᠠᠭᠤᠷᠢ ᠮᠦᠩᠬᠦ  ᠎ ᠶᠢ  ᠲᠦᠪ  ᠎ ᠠᠴᠠ  ᠲᠤᠬᠢᠷᠠᠭᠤᠯᠬᠤ  ᠲᠦᠷᠢᠮ  ᠎ ᠢ  ᠪᠠᠶᠢᠭᠤᠯᠤᠭᠰᠠᠨ  ᠎ ᠤ  ᠲᠠᠷᠠᠭ᠎ᠠ  ᠤᠳᠤ  ᠎ ᠶᠢᠨ ᠬᠡᠷᠡᠭᠵᠢᠬᠦᠯᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠬᠠᠷᠠᠭᠠᠯᠵᠠᠯ ᠤᠨ  ᠪᠤᠳᠤᠵᠤ  ᠤᠯᠭᠤᠬᠤ  ᠠᠷᠭ᠎ᠠ  ᠪᠠ ᠲᠤᠬᠢᠷᠠᠭᠤᠯᠬᠤ ᠠᠷᠭ᠎ᠠ ᠶᠢ ᠬᠤᠪᠢᠷᠠᠭᠤᠯᠬᠤ ᠦᠭᠡᠢ ᠪᠤᠯᠬᠤᠷ ᠲᠡᠷᠡ ᠨᠢ ᠠᠵᠢᠯ ᠠᠴᠠ ᠎ ᠪᠠᠨ ᠪᠠᠭᠤᠵᠤ ᠠᠮᠠᠷᠠᠭᠰᠠᠳ ᠤᠨ  ᠬᠤᠪᠢ ᠬᠥᠮᠤᠨ ᠤ ᠬᠠᠷᠠᠭᠠᠯᠵᠠᠯ ᠢ ᠨᠦᠯᠤᠭᠡᠯᠡᠬᠦ ᠦᠭᠡᠢ ᠶᠤᠮ᠂  ᠰᠠᠭᠤᠷᠢ  ᠮᠦᠩᠬᠦ  ᠎ ᠶᠢ  ᠲᠦᠪ  ᠎ ᠠᠴᠠ  ᠲᠤᠬᠢᠷᠠᠭᠤᠯᠬᠤ  ᠲᠦᠷᠢᠮ  ᠎ ᠢ ᠪᠠᠶᠢᠭᠤᠯᠬᠤ ᠪᠠᠷ ᠲᠡᠮᠵᠢᠭᠤᠯᠤᠨ ᠨᠠᠰᠤᠵᠢᠯ ᠤᠨ ᠠᠰᠠᠷᠠᠮᠵᠢ ᠶᠢᠨ  ᠲᠠᠭᠠᠳᠬᠠᠯ  ᠎ ᠤᠨ  ᠲᠦᠷᠢᠮ  ᠎ ᠤᠨ  ᠪᠦᠬᠦᠯᠢ  ᠴᠤᠭᠴᠠ  ᠎ ᠶᠢᠨ ᠲᠦᠭᠰᠢᠬᠦᠷᠢ ᠶᠢ ᠡᠰᠡᠷᠬᠦᠴᠡᠬᠦ ᠴᠢᠳᠠᠪᠤᠷᠢ ᠶᠢ ᠨᠡᠮᠡᠭᠳᠡᠬᠦᠯᠵᠤ ᠲᠠᠶᠢᠯᠬᠦ ᠤᠴᠢᠷ ᠠᠴᠠ ᠡᠯ᠎ᠠ ᠭᠠᠵᠠᠷ ᠤᠨ ᠨᠠᠰᠤᠵᠢᠯ ᠤᠨ  ᠠᠰᠠᠷᠠᠮᠵᠢ ᠶᠢᠨ ᠮᠦᠩᠬᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠦᠭᠬᠦ ᠶᠢ ᠨᠡᠩ ᠪᠠᠳᠤᠯᠠᠭ᠎ᠠ ᠲᠠᠢ ᠪᠤᠯᠭᠠᠵᠤ ᠴᠢᠳᠠᠨ᠎ᠠ᠃                        7 ᠰᠠᠷ᠎ᠠ ᠶᠢᠨ 1᠎ ᠤ ᠡᠳᠤᠷ ᠠᠴᠠ ᠡᠬᠢᠯᠡᠨ ᠡᠳᠤᠷ ᠲᠤᠳᠤᠮ ᠤᠨ ᠬᠡᠷᠡᠭᠯᠡᠭᠡᠨ  ᠎ ᠤ  ᠵᠦᠢᠯ  ᠎ ᠤᠨ  ᠭᠠᠳᠠᠭᠠᠳᠤ  ᠎ ᠠᠴᠠ ᠤᠷᠤᠭᠤᠯᠬᠤ ᠪᠤᠭᠤᠮᠳᠠ ᠶᠢᠨ ᠭᠠᠶᠢᠯᠢ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ                        5 ᠰᠠᠷ᠎ᠠ ᠶᠢᠨ 30᠎ ᠤ ᠡᠳᠤᠷ ᠬᠤᠷᠠᠯᠳᠤᠭᠤᠯᠤᠭᠰᠠᠨ ᠲᠦᠷᠤ ᠶᠢᠨ ᠶᠠᠪᠤᠳᠠᠯ  ᠎ ᠤᠨ  ᠬᠤᠷᠢᠶᠠᠨ  ᠎ ᠤ  ᠪᠠᠶᠢᠩᠭᠤ  ᠎ ᠶᠢᠨ ᠬᠤᠷᠠᠯᠳᠤᠭᠠᠨ ᠠᠴᠠ ᠡᠳᠤᠷ ᠲᠤᠳᠤᠮ ᠤᠨ ᠬᠡᠷᠡᠭᠯᠡᠭᠡᠨ ᠤ ᠵᠦᠢᠯ ᠤᠨ ᠭᠠᠳᠠᠭᠠᠳᠤ ᠠᠴᠠ ᠤᠷᠤᠭᠤᠯᠬᠤ ᠪᠤᠭᠤᠮᠳᠠ  ᠎ ᠶᠢᠨ  ᠭᠠᠶᠢᠯᠢ ᠶᠢ ᠨᠡᠯᠢᠶᠡᠳ ᠶᠡᠭᠡ ᠭᠡᠪᠴᠢᠶᠡᠨ ᠳᠤ ᠪᠠᠭᠤᠷᠠᠭᠤᠯᠵᠤ᠂ ᠤᠯᠠᠨ ᠲᠦᠮᠡᠨ ᠤ ᠤᠯᠠᠨ ᠶᠠᠩᠵᠤ ᠶᠢᠨ ᠬᠡᠷᠡᠭᠯᠡᠭᠡᠨ  ᠎ ᠤ  ᠬᠡᠷᠡᠭᠴᠡᠭᠡ  ᠎ ᠶᠢ ᠨᠡᠩ ᠰᠠᠶᠢᠳᠤᠷ ᠬᠠᠩᠭᠠᠨ᠎ᠠ ᠭᠡᠵᠤ ᠲᠤᠬᠳᠠᠭᠠᠪᠠ᠃ ᠡᠨᠡ  ᠪᠤᠯ  ᠮᠠᠨ  ᠎ ᠤ  ᠤᠯᠤᠰ  ᠮᠠᠰᠢᠨ  ᠲᠡᠷᠭᠡ  ᠎ ᠶᠢᠨ  ᠭᠠᠳᠠᠭᠠᠳᠤ  ᠎ ᠠᠴᠠ ᠤᠷᠤᠭᠤᠯᠬᠤ ᠪᠤᠭᠤᠮᠳᠠ ᠶᠢᠨ ᠭᠠᠶᠢᠯᠢ ᠶᠢ ᠨᠡᠯᠢᠶᠡᠳ ᠶᠡᠭᠡ ᠭᠡᠮᠵᠢᠶ᠎ᠡ ᠪᠠᠷ ᠪᠠᠭᠤᠷᠠᠭᠤᠯᠤᠭᠰᠠᠨ ᠤ ᠲᠠᠷᠠᠭ᠎ᠠ᠂ ᠨᠡᠭᠡᠭᠡᠯᠳᠡ ᠬᠢᠬᠦ  ᠎ ᠶᠢ ᠦᠷᠬᠦᠯᠵᠢᠯᠡᠨ ᠦᠷᠭᠡᠳᠭᠡᠬᠦ ᠎ ᠶᠢᠨ ᠬᠠᠮᠳᠤ ᠤᠯᠠᠨ ᠲᠦᠮᠡᠨ ᠤ ᠬᠡᠷᠡᠭᠴᠡᠭᠡ  ᠎ ᠶᠢ  ᠬᠠᠩᠭᠠᠬᠤ  ᠪᠠᠰᠠ  ᠨᠢᠭᠡᠨ  ᠴᠢᠬᠤᠯᠠ  ᠠᠷᠭ᠎ᠠ ᠬᠡᠮᠵᠢᠶ᠎ᠠ ᠪᠤᠯᠬᠤ ᠶᠤᠮ᠃              ᠬᠤᠷᠠᠯᠳᠤᠭᠠᠨ ᠠᠴᠠ ᠲᠤᠭᠳᠠᠭᠠᠭᠰᠠᠨ ᠨᠢ᠂ ᠡᠨᠡ ᠵᠢᠯ ᠤᠨ 7 ᠰᠠᠷ᠎ᠠ ᠶᠢᠨ 1᠎ ᠤ ᠡᠳᠤᠷ ᠠᠴᠠ ᠡᠬᠢᠯᠡᠨ᠂ ᠬᠤᠪᠴᠠᠰᠤ ᠬᠤᠨᠠᠷ ᠱᠠᠨᠬᠠᠢ ᠮᠠᠯᠠᠭᠠᠢ᠂ ᠲᠤᠭᠤᠭᠠᠨ ᠭᠡᠷ ᠪᠠ ᠪᠡᠶ᠎ᠡ ᠶᠢᠨ ᠲᠡᠮᠢᠷ ᠪᠡᠶ᠎ᠡ ᠴᠢᠬᠢᠷᠠᠭᠵᠢᠭᠤᠯᠤᠯ ᠤᠨ ᠬᠡᠷᠡᠭᠯᠡᠭᠡᠨ ᠤ ᠵᠦᠢᠯ ᠵᠡᠷᠭᠡ ᠶᠢᠨ ᠭᠠᠳᠠᠭᠠᠳᠤ ᠠᠴᠠ ᠤᠷᠤᠭᠤᠯᠬᠤ ᠪᠤᠭᠤᠮᠳᠠ ᠶᠢᠨ ᠭᠠᠶᠢᠯᠢ ᠶᠢᠨ ᠲᠤᠮᠳᠠᠴᠢ ᠭᠠᠶᠢᠯᠢ ᠎ ᠶᠢᠨ ᠨᠤᠷᠮ᠎ᠠ ᠶᠢ 15.9% ᠪᠠᠶᠢᠬᠰᠠᠨ ᠠᠴᠠ 7.1% ᠪᠤᠯᠳᠠᠯ᠎ᠠ ᠪᠠᠭᠤᠷᠠᠭᠤᠯᠤᠨ᠎ᠠ︔ ᠬᠤᠪᠴᠠᠰᠤ ᠤᠬᠢᠶᠠᠬᠤ ᠮᠠᠰᠢᠨ᠂ ᠬᠥᠯᠳᠡᠭᠡᠬᠦᠷ ᠵᠡᠷᠭᠡ ᠭᠡᠷ ᠤᠨ ᠴᠠᠬᠢᠯᠭᠠᠨ ᠡᠳ᠋ᠯᠡᠯ  ᠎ ᠤᠨ ᠭᠠᠳᠠᠭᠠᠳᠤ ᠠᠴᠠ ᠤᠷᠤᠭᠤᠯᠬᠤ ᠪᠤᠭᠤᠮᠳᠠ ᠶᠢᠨ ᠭᠠᠶᠢᠯᠢ ᠶᠢᠨ ᠲᠤᠮᠳᠠᠴᠢ ᠭᠠᠶᠢᠯᠢ ᠶᠢᠨ ᠨᠤᠷᠮ᠎ᠠ ᠶᠢ 20.5% ᠪᠠᠶᠢᠬᠰᠠᠨ ᠠᠴᠠ 8% ᠪᠤᠯᠳᠠᠯ᠎ᠠ ᠪᠠᠭᠤᠷᠠᠭᠤᠯᠤᠨ᠎ᠠ︔ ᠲᠡᠵᠢᠭᠡᠨ ᠦᠷᠡᠵᠢᠬᠦᠯᠬᠦ ᠲᠦᠷᠤᠯ ᠤᠨ ᠪᠠ  ᠠᠩᠨᠠᠵᠤ  ᠱᠦᠬᠦᠬᠦ  ᠲᠦᠷᠤᠯ  ᠎ ᠤᠨ  ᠤᠰᠤᠨ ᠭᠠᠷᠤᠯᠳᠠ ᠪᠤᠯᠤᠨ ᠴᠡᠪᠡᠷ ᠤᠰᠤ ᠵᠡᠷᠭᠡ ᠪᠤᠯᠪᠠᠰᠤᠷᠠᠭᠤᠯᠤᠭᠰᠠᠨ ᠢᠳᠡᠭᠡᠨ  ᠎ ᠤ  ᠵᠦᠢᠯ  ᠎ ᠤᠨ  ᠭᠠᠳᠠᠭᠠᠳᠤ  ᠎ ᠠᠴᠠ  ᠤᠷᠤᠭᠤᠯᠬᠤ ᠪᠤᠭᠤᠮᠳᠠ ᠶᠢᠨ ᠭᠠᠶᠢᠯᠢ ᠶᠢᠨ ᠲᠤᠮᠳᠠᠴᠢ  ᠭᠠᠶᠢᠯᠢ  ᠎ ᠶᠢᠨ  ᠨᠤᠷᠮ᠎ᠠ  ᠎ ᠶᠢ  15.2%  ᠪᠠᠶᠢᠬᠰᠠᠨ  ᠎ ᠠᠴᠠ  6.9%  ᠪᠤᠯᠳᠠᠯ᠎ᠠ ᠪᠠᠭᠤᠷᠠᠭᠤᠯᠤᠨ᠎ᠠ︔ ᠤᠬᠢᠶᠠᠯᠭ᠎ᠠ ᠶᠢᠨ ᠡᠳ᠋ ᠪᠤᠯᠤᠨ ᠠᠷᠠᠰᠤ ᠴᠢᠮᠡᠬᠦ᠂ ᠦᠰᠤ ᠭᠤᠶᠤᠯᠠᠬᠤ ᠵᠡᠷᠭᠡ ᠭᠤᠶᠤᠯᠠᠯ  ᠎ ᠤᠨ  ᠡᠳ᠋  ᠵᠢᠴᠢ ᠬᠡᠰᠡᠭ ᠡᠮ ᠡᠮᠨᠡᠯᠭᠡ ᠡᠷᠡᠬᠦᠯ ᠮᠠᠨᠳᠦ ᠶᠢᠨ ᠲᠦᠷᠤᠯ ᠤᠨ ᠦᠢᠯᠡᠳᠬᠦᠨ ᠤ  ᠭᠠᠳᠠᠭᠠᠳᠤ  ᠎ ᠠᠴᠠ  ᠤᠷᠤᠭᠤᠯᠬᠤ  ᠪᠤᠭᠤᠮᠳᠠ  ᠎ ᠶᠢᠨ ᠭᠠᠶᠢᠯᠢ ᠶᠢᠨ ᠲᠤᠮᠳᠠᠴᠢ ᠭᠠᠶᠢᠯᠢ ᠶᠢᠨ ᠨᠤᠷᠮ᠎ᠠ ᠶᠢ 8.4% ᠪᠠᠶᠢᠬᠰᠠᠨ ᠠᠴᠠ 2.9% ᠪᠤᠯᠳᠠᠯ᠎ᠠ ᠪᠠᠭᠤᠷᠠᠭᠤᠯᠤᠨ᠎ᠠ᠃                       《ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠭᠠᠶᠢᠯᠢ ᠶᠢᠨ ᠭᠠᠶᠢᠯᠢ  ᠲᠤᠰᠢᠶᠠᠬᠤ  ᠎ ᠠᠴᠠ  ᠡᠮᠤᠨ᠎ᠠ  ᠬᠠᠰᠤᠵᠤ ᠭᠠᠷᠭᠠᠭᠰᠠᠨ ᠭᠡᠷᠡᠴᠢ ᠪᠠᠷᠢᠮᠳᠠ ᠶᠢᠨ ᠬᠠᠮᠢᠶᠠᠷᠤᠯᠳᠠ ᠶᠢᠨ ᠠᠷᠭ᠎ᠠ》᠎ ᠶᠢ 7  ᠰᠠᠷ᠎ᠠ  ᠎ ᠶᠢᠨ  1  ᠎ ᠤ  ᠡᠳᠤᠷ  ᠎ ᠠᠴᠠ  ᠡᠬᠢᠯᠡᠵᠤ ᠬᠡᠷᠡᠭᠵᠢᠬᠦᠯᠤᠨ᠎ᠠ                      ᠭᠠᠶᠢᠯᠢ ᠲᠠᠳᠠᠪᠤᠷᠢ ᠶᠢᠨ ᠬᠠᠤᠯᠢ ᠬᠡᠷᠡᠭᠵᠢᠬᠦᠯᠤᠯᠳᠡ ᠶᠢ ᠵᠢᠷᠤᠮᠵᠢᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢᠨ ᠲᠦᠯᠤᠭᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠤᠩᠭᠡᠢ  ᠲᠤᠪᠴᠢᠶ᠎ᠠ  ᠲᠦᠷᠤᠬᠦᠭᠡᠨ《ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠭᠠᠶᠢᠯᠢ ᠶᠢᠨ ᠭᠠᠶᠢᠯᠢ ᠲᠤᠰᠢᠶᠠᠬᠤ  ᠎ ᠠᠴᠠ  ᠡᠮᠤᠨ᠎ᠠ  ᠬᠠᠰᠤᠵᠤ  ᠭᠠᠷᠭᠠᠭᠰᠠᠨ  ᠭᠡᠷᠡᠴᠢ ᠪᠠᠷᠢᠮᠳᠠ ᠶᠢᠨ ᠬᠠᠮᠢᠶᠠᠷᠤᠯᠳᠠ ᠶᠢᠨ ᠠᠷᠭ᠎ᠠ》᠎ ᠶᠢ ᠨᠡᠶᠢᠳᠡᠯᠡᠵᠤ᠂ ᠭᠠᠶᠢᠯᠢ ᠲᠤᠰᠢᠶᠠᠬᠤ ᠠᠴᠠ ᠡᠮᠤᠨ᠎ᠠ  ᠬᠠᠰᠤᠵᠤ  ᠭᠠᠷᠭᠠᠭᠰᠠᠨ ᠭᠡᠷᠡᠴᠢ ᠪᠠᠷᠢᠮᠳᠠ ᠶᠢᠨ ᠬᠤᠯᠪᠤᠬᠳᠠᠯ ᠪᠦᠬᠦᠢ ᠤᠬᠠᠭᠳᠠᠬᠤᠨ᠂ ᠬᠡᠷᠡᠭᠯᠡᠬᠦ ᠬᠡᠪᠴᠢᠶ᠎ᠡ᠂ ᠬᠠᠮᠢᠶᠠᠷᠤᠯᠳᠠ  ᠎ ᠶᠢᠨ  ᠵᠠᠷᠴᠢᠮ᠂  ᠲᠦᠷᠤᠯ ᠵᠦᠢᠯ  ᠵᠡᠷᠭᠡ  ᠎ ᠶᠢ  ᠲᠤᠳᠤᠷᠬᠠᠢ  ᠲᠤᠬᠳᠠᠭᠠᠪᠠ᠃《ᠠᠷᠭ᠎ᠠ》  ᠎ ᠶᠢ  7  ᠰᠠᠷ᠎ᠠ  ᠎ ᠶᠢᠨ  1  ᠎ ᠤ  ᠡᠳᠤᠷ  ᠎ ᠠᠴᠠ  ᠡᠬᠢᠯᠡᠵᠤ ᠬᠡᠷᠡᠭᠵᠢᠬᠦᠯᠤᠨ᠎ᠠ᠃             《ᠠᠷᠭ᠎ᠠ》᠎ ᠳᠤ ᠵᠤᠭᠤᠰ ᠬᠤᠷᠢᠶᠠᠭᠰᠠᠨ ᠭᠡᠷᠡᠴᠢ ᠪᠠᠷᠢᠮᠳᠠ᠂ ᠲᠤᠳᠤᠭᠠᠳᠤ ᠶᠢᠨ ᠭᠡᠷᠡᠴᠢ ᠪᠠᠷᠢᠮᠳᠠ᠂ ᠰᠠᠯᠭᠠᠭᠰᠠᠨ ᠬᠠᠭᠤᠳᠡᠰᠤ ᠵᠡᠷᠭᠡ ᠶᠢ ᠴᠦ ᠭᠠᠶᠢᠯᠢ ᠲᠤᠰᠢᠶᠠᠬᠤ ᠠᠴᠠ ᠡᠮᠤᠨ᠎ᠠ ᠬᠠᠰᠤᠵᠤ ᠭᠠᠷᠭᠠᠭᠰᠠᠨ ᠭᠡᠷᠡᠴᠢ  ᠪᠠᠷᠢᠮᠳᠠ  ᠪᠤᠯᠭᠠᠵᠤ  ᠪᠤᠯᠤᠨ᠎ᠠ ᠭᠡᠵᠤ ᠲᠤᠳᠤᠷᠬᠠᠢ ᠲᠤᠬᠳᠠᠭᠠᠭᠰᠠᠨ ᠪᠤᠯᠬᠤᠷ ᠭᠠᠶᠢᠯᠢ ᠲᠤᠰᠢᠶᠠᠭᠴᠢ  ᠎ ᠶᠢᠨ  ᠭᠠᠶᠢᠯᠢ  ᠲᠤᠰᠢᠶᠠᠬᠤ  ᠠᠵᠢᠯ  ᠎ ᠤᠨ  ᠡᠬᠦᠷᠭᠡᠯᠡᠯ  ᠎ ᠢ ᠬᠥᠩᠭᠡᠷᠡᠬᠦᠯᠵᠤ ᠪᠤᠯᠤᠨ᠎ᠠ᠃《ᠠᠷᠭ᠎ᠠ》᠎ ᠳᠤ ᠭᠠᠶᠢᠯᠢ ᠲᠤᠰᠢᠶᠠᠬᠤ ᠎ ᠠᠴᠠ ᠡᠮᠤᠨ᠎ᠠ ᠬᠠᠰᠤᠵᠤ ᠭᠠᠷᠭᠠᠭᠰᠠᠨ ᠭᠡᠷᠡᠴᠢ  ᠪᠠᠷᠢᠮᠳᠠ ᠶᠢᠨ ᠲᠦᠷᠤᠯ ᠵᠦᠢᠯ᠂  ᠲᠠᠭᠯᠠᠬᠤ  ᠠᠭᠤᠯᠭ᠎ᠠ᠂  ᠤᠯᠤᠭᠰᠠᠨ  ᠴᠠᠭ᠂  ᠨᠦᠬᠦᠵᠤ  ᠭᠠᠷᠭᠠᠭᠤᠯᠬᠤ᠂  ᠰᠤᠯᠢᠵᠤ  ᠭᠠᠷᠭᠠᠭᠤᠯᠬᠤ ᠱᠠᠭᠠᠷᠳᠠᠯᠭ᠎ᠠ ᠵᠡᠷᠭᠡ ᠲᠠᠯ᠎ᠠ ᠪᠠᠷ ᠨᠠᠷᠢᠯᠢᠭ ᠲᠤᠬᠳᠠᠭᠠᠯ ᠭᠠᠷᠭᠠᠭᠰᠠᠨ ᠪᠤᠯᠬᠤᠷ ᠠᠵᠤ ᠠᠬᠤᠶᠢᠯᠠᠯ ᠤᠨ ᠲᠤᠰ ᠪᠡᠶ᠎ᠡ ᠶᠢᠨ ᠡᠳ᠋  ᠎ ᠤᠨ ᠶᠠᠪᠤᠳᠠᠯ ᠤᠨ ᠬᠠᠮᠢᠶᠠᠷᠤᠯᠳᠠ ᠪᠤᠯᠤᠨ ᠲᠤᠳᠤᠭᠠᠳᠤ ᠬᠢᠵᠠᠭᠠᠷᠯᠠᠯ ᠤᠨ ᠬᠠᠮᠢᠶᠠᠷᠤᠯᠳᠠ ᠪᠠᠨ  ᠴᠢᠩᠭᠠᠳᠬᠠᠵᠤ᠂  ᠭᠠᠶᠢᠯᠢ  ᠲᠠᠳᠠᠪᠤᠷᠢ ᠎ ᠶᠢᠨ ᠠᠶᠤᠯ ᠲᠦᠭᠰᠢᠬᠦᠷᠢ ᠶᠢ ᠪᠠᠭᠠᠰᠬᠠᠬᠤ ᠳᠤ ᠠᠰᠢᠬᠳᠠᠢ ᠶᠤᠮ᠃              ᠡᠬᠦᠨ ᠠᠴᠠ ᠭᠠᠳᠠᠨ᠎ᠠ᠂ ᠠᠵᠤ ᠠᠬᠤᠶᠢᠯᠠᠯ ᠭᠠᠳᠠᠭᠠᠳᠤ ᠭᠡᠷᠡᠴᠢ ᠪᠠᠷᠢᠮᠳᠠ ᠤᠯᠤᠭᠰᠠᠨ ᠦᠭᠡᠢ ᠪᠤᠶᠤ ᠲᠤᠬᠳᠠᠭᠠᠯ  ᠎ ᠳᠤ ᠦᠯᠤ ᠨᠡᠶᠢᠴᠡᠬᠦ ᠭᠠᠳᠠᠭᠠᠳᠤ ᠬᠡᠷᠡᠴᠢ ᠪᠠᠷᠢᠮᠳᠠ ᠤᠯᠤᠭᠰᠠᠨ ᠪᠠᠶᠢᠳᠠᠯ ᠳᠤ ᠴᠢᠭᠯᠡᠬᠦᠯᠤᠨ᠂《ᠠᠷᠭ᠎ᠠ》᠎ ᠳᠤ ᠠᠪᠤᠷᠠᠬᠤ ᠠᠷᠭ᠎ᠠ ᠬᠡᠮᠵᠢᠶ᠎ᠠ ᠶᠢ ᠲᠤᠬᠳᠠᠭᠠᠭᠰᠠᠨ ᠪᠤᠯᠬᠤᠷ ᠭᠠᠶᠢᠯᠢ ᠲᠤᠰᠢᠶᠠᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠭᠰᠠᠨ ᠪᠠᠶᠢᠨ᠎ᠠ᠃                          ᠤᠷᠤᠨ ᠨᠤᠳᠤᠭ ᠤᠨ ᠴᠢᠨᠠᠷᠳᠠᠢ ᠬᠠᠤᠯᠢ ᠴᠠᠭᠠᠵᠠ ᠬᠠᠤᠯᠢ ᠲᠤᠬᠳᠠᠭᠠᠯ                      ᠦᠪᠤᠷ  ᠮᠤᠩᠭᠤᠯ᠄  ᠬᠠᠷᠰᠢ  ᠰᠠᠭᠠᠳ  ᠦᠭᠡᠢ  ᠤᠷᠴᠢᠨ  ᠨᠦᠬᠦᠴᠡᠯ  ᠎ ᠤᠨ  ᠪᠦᠳᠤᠭᠡᠨ  ᠪᠠᠶᠢᠭᠤᠯᠤᠯᠳᠡ  ᠎ ᠶᠢᠨ ᠬᠠᠮᠢᠶᠠᠷᠤᠯᠳᠠ ᠶᠢᠨ ᠠᠷᠭ᠎ᠠ ᠶᠢ 7 ᠰᠠᠷ᠎ᠠ ᠠᠴᠠ ᠡᠬᠢᠯᠡᠵᠤ ᠬᠡᠷᠡᠭᠵᠢᠬᠦᠯᠤᠨ᠎ᠠ                        2018 ᠤᠨ ᠤ 5 ᠰᠠᠷ᠎ᠠ ᠶᠢᠨ 11᠎ ᠤ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠠᠪᠤᠳᠤᠭᠠᠷ ᠤᠳᠠᠭᠠᠨ ᠤ  ᠪᠠᠶᠢᠩᠭᠤ  ᠎ ᠶᠢᠨ  ᠬᠤᠷᠠᠯᠳᠤᠭᠠᠨ  ᠎ ᠠᠴᠠ《ᠦᠪᠤᠷ  ᠮᠤᠩᠭᠤᠯ  ᠎ ᠤᠨ ᠦᠪᠡᠷᠳᠡᠭᠡᠨ ᠵᠠᠰᠠᠬᠤ ᠤᠷᠤᠨ ᠤ ᠬᠠᠷᠰᠢ  ᠰᠠᠭᠠᠳ  ᠦᠭᠡᠢ  ᠤᠷᠴᠢᠨ  ᠨᠦᠬᠦᠴᠡᠯ  ᠎ ᠤᠨ  ᠪᠦᠳᠤᠭᠡᠨ  ᠪᠠᠶᠢᠭᠤᠯᠤᠯᠳᠡ  ᠎ ᠶᠢᠨ ᠠᠷᠭ᠎ᠠ》 ︵ᠲᠤᠷᠤᠬᠰᠢ《ᠠᠷᠭ᠎ᠠ》 ᠭᠡᠵᠤ ᠲᠤᠪᠴᠢᠯᠠᠨ᠎ᠠ︶᠎ ᠶᠢ ᠬᠢᠨᠠᠨ ᠶᠠᠷᠢᠯᠴᠠᠵᠤ ᠪᠠᠳᠤᠯᠠᠭᠠᠳ᠂ 2018 ᠤᠨ ᠤ  5 ᠰᠠᠷ᠎ᠠ ᠶᠢᠨ 31᠎ ᠤ ᠡᠳᠤᠷ ᠨᠡᠶᠢᠳᠡᠯᠡᠪᠡ᠂ 2018 ᠤᠨ ᠤ 7 ᠰᠠᠷ᠎ᠠ ᠶᠢᠨ 1᠎ ᠤ ᠡᠳᠤᠷ ᠠᠴᠠ ᠡᠬᠢᠯᠡᠵᠤ ᠬᠡᠷᠡᠭᠵᠢᠬᠦᠯᠤᠨ᠎ᠠ᠃              ᠰᠢᠨ᠎ᠠ ᠪᠠᠷ ᠵᠠᠰᠠᠵᠤ ᠲᠤᠬᠳᠠᠭᠠᠭᠰᠠᠨ《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠷᠰᠢ  ᠰᠠᠭᠠᠳ ᠦᠭᠡᠢ ᠤᠷᠴᠢᠨ ᠨᠦᠬᠦᠴᠡᠯ ᠤᠨ ᠪᠦᠳᠤᠭᠡᠨ ᠪᠠᠶᠢᠭᠤᠯᠤᠯᠳᠡ ᠶᠢᠨ ᠠᠷᠭ᠎ᠠ》᠎ ᠨᠢ ᠨᠡᠶᠢᠳᠡ ᠵᠢᠷᠭᠤᠭᠠᠨ ᠪᠦᠯᠦᠭ  36  ᠵᠦᠢᠯ ᠢᠶᠠᠷ ᠪᠦᠷᠢᠯᠳᠤᠵᠠᠢ᠂ ᠲᠡᠬᠦᠨ ᠤ ᠭᠤᠤᠯ ᠠᠭᠤᠯᠭ᠎ᠠ ᠨᠢ ᠲᠤᠤᠷᠡᠬᠢ ᠮᠡᠳᠤ ᠵᠢᠷᠭᠤᠭᠠᠨ ᠲᠠᠯ᠎ᠠ ᠎ ᠪᠠᠷ ᠢᠯᠡᠷᠡᠵᠤ ᠪᠠᠶᠢᠨ᠎ᠠ᠄ ᠨᠢᠭᠡ  ᠎ ᠳᠤ ᠬᠠᠷᠰᠢ ᠰᠠᠭᠠᠳ ᠦᠭᠡᠢ ᠤᠷᠴᠢᠨ ᠨᠦᠬᠦᠴᠡᠯ ᠤᠨ ᠪᠦᠳᠤᠭᠡᠨ ᠪᠠᠶᠢᠭᠤᠯᠤᠯᠳᠡ ᠎ ᠶᠢᠨ ᠠᠭᠤᠯᠭ᠎ᠠ ᠶᠢ ᠲᠤᠳᠤᠷᠬᠠᠢ  ᠲᠤᠬᠳᠠᠭᠠᠪᠠ︔ ᠬᠤᠶᠠᠷ ᠲᠤ ᠡᠯ᠎ᠠ ᠱᠠᠳᠤᠨ ᠤ ᠵᠠᠰᠠᠭ ᠤᠨ ᠤᠷᠳᠤᠨ ᠵᠢᠴᠢ ᠲᠡᠬᠦᠨ ᠎ ᠤ ᠰᠠᠯᠠᠭ᠎ᠠ ᠮᠦᠴᠢᠷ ᠤᠨ ᠬᠠᠷᠰᠢ ᠰᠠᠭᠠᠳ ᠦᠭᠡᠢ ᠤᠷᠴᠢᠨ ᠨᠦᠬᠦᠴᠡᠯ ᠤᠨ ᠪᠦᠳᠤᠭᠡᠨ ᠪᠠᠶᠢᠭᠤᠯᠤᠯᠳᠡ ᠶᠢᠨ ᠠᠵᠢᠯ ᠎ ᠳᠠᠬᠢ ᠲᠤᠰᠢᠶᠠᠯ ᠬᠠᠷᠢᠭᠤᠴᠠᠯᠭ᠎ᠠ ᠶᠢᠨ  ᠠᠵᠢᠯ  ᠎ ᠤᠨ  ᠬᠤᠪᠢᠶᠠᠷᠢᠯᠠᠯ  ᠎ ᠢ ᠲᠤᠳᠤᠷᠬᠠᠢ ᠲᠤᠬᠳᠠᠭᠠᠪᠠ︔ ᠭᠤᠷᠪᠠ ᠳᠤ ᠬᠠᠷᠰᠢ ᠰᠠᠭᠠᠳ ᠦᠭᠡᠢ  ᠲᠦᠬᠦᠭᠡᠷᠤᠮᠵᠢ  ᠎ ᠶᠢᠨ  ᠪᠦᠳᠤᠭᠡᠨ  ᠪᠠᠶᠢᠭᠤᠯᠤᠯᠳᠡ  ᠎ ᠶᠢᠨ ᠱᠠᠭᠠᠷᠳᠠᠯᠭ᠎ᠠ ᠪᠠ ᠪᠠᠷᠢᠮᠵᠢᠶ᠎ᠠ ᠎ ᠶᠢ ᠲᠤᠳᠤᠷᠬᠠᠢ ᠲᠤᠬᠳᠠᠭᠠᠪᠠ︔ ᠲᠦᠷᠪᠡ ᠳᠤ ᠬᠠᠷᠰᠢ  ᠰᠠᠭᠠᠳ  ᠦᠭᠡᠢ  ᠲᠦᠬᠦᠭᠡᠷᠤᠮᠵᠢ  ᠎ ᠶᠢᠨ ᠬᠠᠮᠢᠶᠠᠷᠴᠤ ᠬᠠᠮᠠᠭᠠᠯᠠᠬᠤ ᠪᠠ ᠲᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ  ᠬᠤᠪᠢᠷᠠᠭᠤᠯᠵᠤ  ᠪᠤᠯᠬᠤ  ᠦᠭᠡᠢ ᠲᠤᠬᠠᠢ ᠲᠤᠳᠤᠷᠬᠠᠢ ᠲᠤᠬᠳᠠᠭᠠᠪᠠ︔ ᠲᠠᠪᠤ ᠳᠤ ᠬᠠᠷᠰᠢ ᠰᠠᠭᠠᠳ ᠦᠭᠡᠢ ᠲᠡᠷᠭᠡ ᠵᠤᠬᠰᠤᠬᠤ ᠪᠠᠶᠢᠷᠢ ᠶᠢᠨ  ᠲᠤᠬᠢᠷᠠᠭᠤᠯᠭ᠎ᠠ  ᠎ ᠶᠢ ᠲᠤᠳᠤᠷᠬᠠᠢ ᠲᠤᠬᠳᠠᠭᠠᠪᠠ︔ ᠵᠢᠷᠭᠤᠭ᠎ᠠ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠡᠬᠦᠯᠳᠡᠷᠵᠢᠬᠦᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号