ᠬᠡᠰᠢᠭᠲᠡᠨ ᠬᠤᠰᠢᠭᠤ ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ︾ ᠤ ᠢᠷᠠᠭᠤ ᠠᠯᠳᠠᠷ ᠤᠨ | ᠴᠤᠯᠠ ᠬᠦᠷᠳᠡᠪᠡ | | ᠤᠶᠢᠷ᠎ᠠ ᠶᠢᠨ ᠡᠲᠦᠷ᠂ ᠲᠦᠷᠪᠡᠲᠦᠭᠡᠷ ᠪᠦᠯᠦᠭ ᠤᠨ ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ | ᠬᠤᠳᠠ᠂ ᠲᠤᠭᠤᠷᠢᠭ︶ ᠢ ᠡᠭᠦᠲᠦᠨ ᠪᠠᠶᠢᠭᠤᠯᠬᠤ ᠠᠵᠢᠯᠯᠠᠭᠠᠨ ᠤ ᠳᠡᠷᠢᠭᠦᠨ ᠤ ᠨᠢᠭᠡᠴᠡ︾ ᠶᠢᠨ ᠨᠡᠷᠡᠰ | ᠨᠡᠶᠢᠲᠡᠯᠡᠭᠳᠡᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ 8 ᠬᠤᠰᠢᠭᠤ ᠰᠢᠶᠠᠨ ᠲᠤᠭᠤᠷᠢᠭ | ᠰᠤᠩᠭᠤᠭᠳᠠᠨ ᠤᠷᠤᠵᠦ᠂ ᠡᠭᠦᠨ ᠳᠤ ᠬᠡᠰᠢᠭᠲᠡᠨ ᠬᠤᠰᠢᠭᠤ ᠵᠢᠭᠰᠠᠭᠠᠭᠳᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠴᠢᠩᠭ᠎ᠠ ᠨᠢᠮᠪᠠᠢ ᠬᠢᠨᠠᠨ ᠲᠤᠭᠲᠠᠭᠠᠯᠲᠠ ᠪᠠᠷ ᠳᠠᠮᠵᠢᠵᠦ᠂ ᠳᠤᠰ ᠪᠦᠯᠦᠭ ᠤᠨ ︽ | ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠳᠠ᠂ ᠲᠤᠭᠤᠷᠢᠭ︶ ᠢ ᠡᠭᠦᠲᠦᠨ ᠪᠠᠶᠢᠭᠤᠯᠬᠤ ᠠᠵᠢᠯᠯᠠᠭᠠᠨ | ᠤ ᠳᠡᠷᠢᠭᠦᠨ ᠤ ᠨᠢᠭᠡᠴᠡ︾ ᠳᠤ ᠪᠦᠬᠦ ᠤᠯᠤᠰ ᠶᠢᠨ 422 ᠰᠢᠶᠠᠨ ︵ᠬᠤᠳᠠ᠂ ᠲᠤᠭᠤᠷᠢᠭ︶ ᠰᠤᠩᠭᠤᠭᠳᠠᠨ | ᠤᠷᠤᠭᠰᠠᠨ ᠪᠠᠶᠢᠨ᠎ᠠ᠃ | ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠳᠠ᠂ ᠲᠤᠭᠤᠷᠢᠭ︶ ᠢ ᠡᠭᠦᠲᠦᠨ ᠪᠠᠶᠢᠭᠤᠯᠬᠤ | ᠠᠵᠢᠯᠯᠠᠭᠠᠨ ᠤ ᠳᠡᠷᠢᠭᠦᠨ ᠤ ᠨᠢᠭᠡᠴᠡ︾ ᠪᠤᠯ ᠪᠦᠬᠦ ᠤᠯᠤᠰ ᠤᠨ ᠬᠠᠤᠯᠢ ᠲᠦᠭᠡᠮᠡᠯᠵᠢᠭᠦᠯᠬᠦ ᠠᠯᠪᠠᠨ ᠭᠡᠷ ᠠᠴᠠ | ᠬᠠᠤᠯᠢ ᠶᠢᠨ ᠲᠦᠭᠡᠮᠡᠯᠵᠢᠯ ᠢ ᠬᠠᠤᠯᠢ ᠶᠤᠰᠤᠭᠠᠷ ᠵᠠᠰᠠᠬᠤ ᠠᠵᠢᠯ ᠳᠤ ᠮᠡᠳᠡᠭᠳᠡᠮ᠎ᠡ ᠬᠢᠷᠢ ᠪᠦᠲᠦᠮᠵᠢ ᠤᠯᠤᠭᠰᠠᠨ | ᠭᠠᠵᠠᠷ ᠤᠷᠤᠨ ᠳᠤ ᠤᠯᠭᠤᠬᠤ ᠬᠠᠮᠤᠭ ᠤᠨ ᠦᠨᠲᠦᠷ ᠢᠷᠠᠭᠤ ᠠᠯᠳᠠᠷ ᠤᠨ ᠴᠤᠯᠠ ᠪᠠᠶᠢᠵᠦ᠂ ᠨᠢᠭᠡ ᠬᠤᠳᠠ ᠶᠢᠨ | ᠪᠤᠯᠪᠠᠰᠦᠨ ᠤ ᠬᠢᠷᠢ ᠬᠡᠮᠵᠢᠶ᠎ᠡ᠂ ᠬᠠᠮᠢᠶᠠᠷᠦᠯᠳᠠ ᠶᠢᠨ ᠬᠢᠷᠢ ᠲᠦᠪᠰᠢᠨ᠂ ᠬᠠᠤᠯᠢ ᠪᠠᠷ ᠵᠠᠰᠠᠬᠤ ᠪᠦᠲᠦᠭᠡᠨ | ᠪᠠᠶᠢᠭᠤᠯᠤᠯᠲᠠ᠂ ᠨᠡᠶᠢᠭᠡᠮ ᠤᠨ ᠡᠶ᠎ᠡ ᠵᠤᠬᠢᠴᠠᠯ ᠢ ᠬᠡᠮᠵᠢᠶᠡᠯᠡᠬᠦ ᠴᠢᠬᠤᠯᠠ ᠭᠡᠮ ᠪᠠᠷᠢᠮᠵᠢᠶ᠎ᠠ ᠪᠤᠯᠵᠦ ᠪᠠᠶᠢᠨ᠎ᠠ᠃ | | |