ᠬᠡᠰᠢᠭᠲᠡᠨ ᠬᠤᠰᠢᠭᠤ ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ︾ ᠤ ᠢᠷᠠᠭᠤ ᠠᠯᠳᠠᠷ ᠤᠨ ᠴᠤᠯᠠ ᠬᠦᠷᠳᠡᠪᠡ
ᠨᠡᠶᠢᠲᠡᠯᠡᠭᠰᠡᠨ ᠴᠠᠭ᠄
2018/6/26
      ᠬᠡᠰᠢᠭᠲᠡᠨ ᠬᠤᠰᠢᠭᠤ ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ︾ ᠤ ᠢᠷᠠᠭᠤ ᠠᠯᠳᠠᠷ ᠤᠨ ᠴᠤᠯᠠ ᠬᠦᠷᠳᠡᠪᠡ      ᠤᠶᠢᠷ᠎ᠠ ᠶᠢᠨ ᠡᠲᠦᠷ᠂ ᠲᠦᠷᠪᠡᠲᠦᠭᠡᠷ ᠪᠦᠯᠦᠭ ᠤᠨ ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠳᠠ᠂ ᠲᠤᠭᠤᠷᠢᠭ︶ ᠢ ᠡᠭᠦᠲᠦᠨ ᠪᠠᠶᠢᠭᠤᠯᠬᠤ ᠠᠵᠢᠯᠯᠠᠭᠠᠨ ᠤ ᠳᠡᠷᠢᠭᠦᠨ ᠤ ᠨᠢᠭᠡᠴᠡ︾ ᠶᠢᠨ ᠨᠡᠷᠡᠰ ᠨᠡᠶᠢᠲᠡᠯᠡᠭᠳᠡᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ 8 ᠬᠤᠰᠢᠭᠤ ᠰᠢᠶᠠᠨ ᠲᠤᠭᠤᠷᠢᠭ ᠰᠤᠩᠭᠤᠭᠳᠠᠨ ᠤᠷᠤᠵᠦ᠂ ᠡᠭᠦᠨ ᠳᠤ ᠬᠡᠰᠢᠭᠲᠡᠨ ᠬᠤᠰᠢᠭᠤ ᠵᠢᠭᠰᠠᠭᠠᠭᠳᠠᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠴᠢᠩᠭ᠎ᠠ ᠨᠢᠮᠪᠠᠢ ᠬᠢᠨᠠᠨ ᠲᠤᠭᠲᠠᠭᠠᠯᠲᠠ ᠪᠠᠷ ᠳᠠᠮᠵᠢᠵᠦ᠂ ᠳᠤᠰ ᠪᠦᠯᠦᠭ ᠤᠨ ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠳᠠ᠂ ᠲᠤᠭᠤᠷᠢᠭ︶ ᠢ ᠡᠭᠦᠲᠦᠨ ᠪᠠᠶᠢᠭᠤᠯᠬᠤ ᠠᠵᠢᠯᠯᠠᠭᠠᠨ  ᠤ ᠳᠡᠷᠢᠭᠦᠨ ᠤ ᠨᠢᠭᠡᠴᠡ︾ ᠳᠤ ᠪᠦᠬᠦ ᠤᠯᠤᠰ ᠶᠢᠨ 422 ᠰᠢᠶᠠᠨ ︵ᠬᠤᠳᠠ᠂ ᠲᠤᠭᠤᠷᠢᠭ︶ ᠰᠤᠩᠭᠤᠭᠳᠠᠨ ᠤᠷᠤᠭᠰᠠᠨ ᠪᠠᠶᠢᠨ᠎ᠠ᠃      ︽ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠳᠠ᠂ ᠲᠤᠭᠤᠷᠢᠭ︶ ᠢ ᠡᠭᠦᠲᠦᠨ ᠪᠠᠶᠢᠭᠤᠯᠬᠤ ᠠᠵᠢᠯᠯᠠᠭᠠᠨ ᠤ ᠳᠡᠷᠢᠭᠦᠨ ᠤ ᠨᠢᠭᠡᠴᠡ︾ ᠪᠤᠯ ᠪᠦᠬᠦ ᠤᠯᠤᠰ ᠤᠨ ᠬᠠᠤᠯᠢ ᠲᠦᠭᠡᠮᠡᠯᠵᠢᠭᠦᠯᠬᠦ ᠠᠯᠪᠠᠨ ᠭᠡᠷ ᠠᠴᠠ ᠬᠠᠤᠯᠢ ᠶᠢᠨ ᠲᠦᠭᠡᠮᠡᠯᠵᠢᠯ ᠢ ᠬᠠᠤᠯᠢ ᠶᠤᠰᠤᠭᠠᠷ ᠵᠠᠰᠠᠬᠤ ᠠᠵᠢᠯ ᠳᠤ ᠮᠡᠳᠡᠭᠳᠡᠮ᠎ᠡ ᠬᠢᠷᠢ ᠪᠦᠲᠦᠮᠵᠢ ᠤᠯᠤᠭᠰᠠᠨ ᠭᠠᠵᠠᠷ ᠤᠷᠤᠨ ᠳᠤ ᠤᠯᠭᠤᠬᠤ ᠬᠠᠮᠤᠭ ᠤᠨ ᠦᠨᠲᠦᠷ ᠢᠷᠠᠭᠤ ᠠᠯᠳᠠᠷ ᠤᠨ ᠴᠤᠯᠠ ᠪᠠᠶᠢᠵᠦ᠂ ᠨᠢᠭᠡ ᠬᠤᠳᠠ ᠶᠢᠨ ᠪᠤᠯᠪᠠᠰᠦᠨ ᠤ ᠬᠢᠷᠢ ᠬᠡᠮᠵᠢᠶ᠎ᠡ᠂ ᠬᠠᠮᠢᠶᠠᠷᠦᠯᠳᠠ ᠶᠢᠨ ᠬᠢᠷᠢ ᠲᠦᠪᠰᠢᠨ᠂ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠡᠶ᠎ᠡ ᠵᠤᠬᠢᠴᠠᠯ ᠢ ᠬᠡᠮᠵᠢᠶᠡᠯᠡᠬᠦ ᠴᠢᠬᠤᠯᠠ ᠭᠡᠮ ᠪᠠᠷᠢᠮᠵᠢᠶ᠎ᠠ ᠪᠤᠯᠵᠦ ᠪᠠᠶᠢᠨ᠎ᠠ᠃
 
ᠢᠷᠡᠯᠲᠡ᠄ ᠤᠯᠠᠭᠠᠨᠬᠠᠳᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号