ᠳᠤᠮᠳᠠᠳᠤ ᠤᠯᠤᠰ ᠤᠨ ᠠᠵᠤ ᠠᠬᠤᠢ  ᠶᠢᠨ ᠬᠥᠭᠵᠢᠯᠲᠡ ᠶᠢᠨ ᠢᠷᠡᠭᠡᠳᠦᠢ  ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2018/6/27
     ᠰᠢᠨᠬᠤᠸᠠ ᠬᠤᠷᠢᠶᠠᠨ ᠤ ᠮᠡᠳᠡᠭᠡ᠄ ᠡᠨᠡ ᠵᠢᠯ ᠠᠴᠠ ᠨᠠᠭᠠᠰᠢ᠂ ᠤᠯᠤᠰ  ᠤᠨ ᠳᠣᠲᠣᠭᠠᠳᠤ ᠭᠠᠳᠠᠭᠠᠳᠤ ᠶᠢᠨ  ᠲᠦᠪᠡᠭ ᠪᠤᠳᠤᠯᠢᠶᠠᠨᠲᠠᠢ ᠪᠠᠶᠢᠳᠠᠯ ᠤᠨ ᠳᠣᠣᠷ᠎ᠠ᠂ ᠮᠠᠨ  ᠤ ᠤᠯᠤᠰ  ᠤᠨ ᠠᠵᠤ ᠠᠬᠤᠢ ᠦᠷᠭᠦᠯᠵᠢᠯᠡᠨ  ᠲᠣᠭᠲᠠᠭᠤᠨ ᠢᠶᠠᠷ  ᠰᠠᠶᠢᠵᠢᠷᠠᠬᠤ ᠬᠠᠨᠳᠤᠰᠢ ᠪᠠᠨ ᠪᠠᠲᠤᠯᠠᠨ᠂ ᠠᠵᠤ ᠠᠬᠤᠢ  ᠶᠢᠨ ᠪᠦᠲᠦᠴᠡ ᠰᠢᠯᠢᠳᠡᠭᠵᠢᠵᠦ᠂ ᠬᠥᠳᠡᠯᠭᠡᠭᠴᠢ ᠬᠦᠴᠦᠨ  ᠤ  ᠬᠤᠪᠢᠷᠠᠯᠲᠠ ᠰᠢᠨ᠎ᠡ ᠠᠬᠢᠴᠠ ᠲᠠᠢ ᠪᠣᠯᠵᠤ᠂ ᠴᠢᠨᠠᠷ ᠴᠢᠨᠰᠠᠭ᠎ᠠ ᠪᠣᠯᠣᠨ ᠦᠷ᠎ᠡ ᠠᠰᠢᠭ ᠎ ᠨᠢ  ᠰᠢᠨ᠎ᠡ  ᠳᠠᠪᠰᠢᠯᠲᠠ  ᠎ ᠲᠠᠢ  ᠪᠣᠯᠵᠤ᠂  ᠥᠭᠡᠷᠡᠴᠢᠯᠡᠯᠲᠡ ᠨᠡᠭᠡᠭᠡᠯᠲᠡ ᠰᠢᠨ᠎ᠡ ᠠᠭᠤᠯᠭ᠎ᠠ ᠲᠠᠢ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠠᠵᠢᠯ ᠰᠠᠶᠢᠨ ᠰᠠᠶᠢᠬᠠᠨ ᠡᠬᠢᠯᠡᠯᠲᠡ ᠲᠠᠢ ᠪᠣᠯᠵᠠᠢ᠃              ᠶᠡᠭᠡ ᠲᠠᠯ᠎ᠠ  ᠶᠢᠨ ᠠᠵᠤ ᠠᠬᠤᠢ  ᠶᠢᠨ ᠰᠠᠯᠠᠭ᠎ᠠ ᠮᠥᠴᠢᠷ  ᠤᠨ ᠬᠠᠮᠢᠶ᠎ᠠ ᠲᠠᠢ ᠬᠠᠷᠢᠭᠤᠴᠠᠯᠭᠠᠲᠠᠨ ᠦᠵᠡᠬᠦ ᠎ ᠳᠡᠭᠡᠨ᠂ ᠣᠳᠣᠬᠠᠨ  ᠳᠤ ᠴᠢᠨᠠᠷᠯᠢᠭ ᠬᠥᠭᠵᠢᠯᠲᠡ  ᠶᠢ ᠠᠬᠢᠭᠤᠯᠬᠤ ᠠᠰᠢᠭ ᠲᠠᠢ ᠨᠥᠬᠦᠴᠡᠯ ᠲᠠᠰᠤᠷᠠᠯᠲᠠ ᠦᠭᠡᠢ ᠨᠡᠮᠡᠭᠳᠡᠵᠦ᠂ ᠢᠷᠡᠭᠡᠳᠦᠢ  ᠶᠢᠨ ᠳᠤᠮᠳᠠᠳᠤ ᠤᠯᠤᠰ  ᠤᠨ ᠠᠵᠤ ᠠᠬᠤᠢ ᠰᠠᠷᠠᠭᠤᠯ ᠳᠠᠷᠳᠠᠩ ᠪᠠᠶᠢᠨ᠎ᠠ ᠭᠡᠵᠡᠢ᠃              ᠡᠨᠡ ᠵᠢᠯ  ᠤᠨ ᠨᠢᠭᠡᠳᠦᠭᠡᠷ ᠤᠯᠠᠷᠢᠯ  ᠳᠤ᠂ ᠤᠯᠤᠰ  ᠤᠨ ᠳᠣᠲᠣᠭᠠᠳᠤ  ᠶᠢᠨ ᠦᠢᠯᠡᠳᠪᠦᠷᠢᠯᠡᠯ ᠤᠨ ᠦᠢᠯᠡᠳᠬᠦᠨ ᠤ ᠶᠡᠷᠦᠩᠬᠡᠢ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ  6.8 ᠎ ᠪᠠᠷ ᠨᠡᠮᠡᠭᠳᠡᠵᠦ᠂ ᠨᠢᠳᠤᠨᠤᠨ ᠤ ᠭᠤᠷᠪᠠ᠂ ᠳᠥᠷᠪᠡᠳᠦᠭᠡᠷ ᠤᠯᠠᠷᠢᠯ ᠲᠠᠢ ᠠᠳᠠᠯᠢᠬᠠᠨ ᠪᠣᠯᠵᠤ᠂ ᠦᠷᠭᠦᠯᠵᠢᠯᠡᠨ ᠠᠷᠪᠠᠨ ᠨᠢᠭᠡᠨ ᠤᠯᠠᠷᠢᠯ ᠵᠠᠭᠤᠨ  ᠤ  6.7᠎ ᠠᠴᠠ 6.9 ᠎ ᠶᠢᠨ ᠬᠤᠭᠤᠷᠣᠨᠳᠤ ᠨᠡᠮᠡᠭᠳᠡᠯ᠎ᠡ᠃              ᠤᠯᠤᠰ  ᠤᠨ ᠬᠥᠭᠵᠢᠯᠲᠡ ᠥᠭᠡᠷᠡᠴᠢᠯᠡᠯᠲᠡ  ᠎ ᠶᠢᠨ  ᠺᠣᠮᠢᠰ  ᠎ ᠤᠨ  ᠤᠯᠤᠰ  ᠠᠷᠠᠳ ᠤᠨ ᠠᠵᠤ  ᠠᠬᠤᠢ ᠎ ᠶᠢᠨ ᠶᠡᠷᠦᠩᠬᠡᠶᠢᠯᠡᠭᠰᠡᠨ ᠵᠤᠷᠭᠠᠨ  ᠤ ᠬᠠᠮᠢᠶ᠎ᠠ ᠲᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠳᠣᠬᠠᠨ  ᠳᠤ  ᠳᠤᠮᠳᠠᠳᠤ  ᠤᠯᠤᠰ  ᠤᠨ ᠠᠵᠤ ᠠᠬᠤᠢ ᠴᠢᠨᠠᠷ ᠴᠢᠨᠰᠠᠭ᠎ᠠ ᠪᠣᠯᠣᠨ ᠦᠷ᠎ᠡ ᠠᠰᠢᠭ ᠵᠡᠷᠭᠡ  ᠪᠠᠷ  ᠳᠡᠭᠡᠭᠰᠢᠯᠡᠵᠦ᠂  ᠬᠠᠩᠭᠠᠯᠭ᠎ᠠ  ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠭᠦᠨᠵᠡᠭᠡᠶᠢᠷᠡᠵᠦ᠂ ᠳᠣᠲᠣᠭᠠᠳᠤ  ᠶᠢᠨ ᠬᠡᠷᠡᠭᠴᠡᠭᠡᠨ  ᠤ  ᠪᠦᠲᠦᠴᠡ  ᠦᠷᠭᠦᠯᠵᠢᠯᠡᠨ ᠰᠠᠶᠢᠵᠢᠷᠠᠵᠤ᠂ ᠠᠳᠠᠯ ᠦᠢᠯᠡᠰ ᠪᠦᠲᠦᠭᠡᠬᠦ᠂  ᠳᠤ ᠡᠭᠦᠳᠦᠯᠲᠡ  ᠰᠢᠨᠡᠴᠢᠯᠡᠯᠲᠡ  ᠶᠢᠨ ᠠᠮᠢᠵᠢᠷᠠᠯ  ᠎ ᠤᠨ  ᠬᠦᠴᠦᠨ ᠢᠯᠡᠷᠬᠡᠢ ᠴᠢᠩᠭᠠᠷᠠᠵᠤ᠂ ᠭᠤᠷᠪᠠᠨ ᠶᠡᠭᠡ ᠬᠦᠴᠢᠷ ᠠᠰᠠᠭᠤᠳᠠᠯ  ᠢ ᠰᠢᠢᠳᠪᠦᠷᠢᠯᠡᠬᠦ ᠠᠵᠢᠯ ᠡᠷᠴᠢᠮᠲᠡᠢ ᠶᠠᠪᠤᠭᠳᠠᠵᠤ᠂ ᠴᠢᠬᠤᠯᠠ ᠴᠢᠬᠤᠯᠠ ᠴᠠᠷ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠣᠭᠠᠨ  ᠤ ᠥᠭᠡᠷᠡᠴᠢᠯᠡᠯᠲᠡ ᠭᠦᠨᠵᠡᠭᠡᠶᠢᠷᠡᠨ ᠬᠡᠷᠡᠭᠵᠢᠵᠦ᠂ ᠪᠦᠬᠦ ᠲᠠᠯ᠎ᠠ ᠪᠠᠷ ᠨᠡᠭᠡᠭᠡᠯᠲᠡ ᠬᠢᠬᠦ ᠠᠵᠢᠯ  ᠢ ᠢᠳᠡᠪᠬᠢᠲᠡᠢ ᠲᠦᠷᠭᠡᠳᠬᠡᠵᠦ᠂ ᠠᠷᠠᠳ  ᠤᠨ ᠠᠮᠢᠳᠤᠷᠠᠯ  ᠢ ᠪᠠᠲᠤᠯᠠᠨ ᠰᠠᠶᠢᠵᠢᠷᠠᠭᠤᠯᠬᠤ ᠠᠵᠢᠯ  ᠤᠨ ᠡᠷᠴᠢᠮ ᠨᠡᠮᠡᠭᠳᠡᠨ᠂ ᠴᠢᠨᠠᠷᠯᠢᠭ ᠬᠥᠭᠵᠢᠯᠲᠡ ᠰᠠᠶᠢᠨ ᠰᠠᠶᠢᠬᠠᠨ ᠡᠬᠢᠯᠡᠯᠲᠡ ᠲᠠᠢ ᠪᠣᠯᠵᠠᠢ᠃              ᠥᠭᠡᠷᠡᠴᠢᠯᠡᠯᠲᠡ ᠬᠥᠭᠵᠢᠯᠲᠡ ᠶᠢᠨ ᠡᠴᠦᠰ ᠤᠨ ᠵᠣᠷᠢᠯᠭ᠎ᠠ ᠪᠣᠯ ᠠᠷᠠᠳ ᠲᠦᠮᠡᠨ ᠳᠤ  ᠠᠵᠠ  ᠵᠢᠷᠭᠠᠯ  ᠡᠳ᠋ᠯᠡᠭᠦᠯᠬᠦ ᠶᠠᠪᠤᠳᠠᠯ ᠮᠥᠨ᠃ ᠡᠨᠡ ᠵᠢᠯ ᠠᠴᠠ ᠨᠠᠭᠠᠰᠢ᠂ ᠰᠠᠭᠤᠭᠠᠯᠢ ᠠᠷᠠᠳ ᠤᠨ ᠣᠷᠣᠯᠭ᠎ᠠ  ᠪᠣᠯᠣᠨ ᠠᠵᠤ ᠠᠬᠤᠢ ᠶᠢᠨ ᠨᠡᠮᠡᠭᠳᠡᠯ ᠦᠨᠳᠦᠰᠦᠨ ᠳᠡᠭᠡᠨ ᠵᠡᠷᠭᠡ ᠪᠠᠷ ᠨᠡᠮᠡᠭᠳᠡᠵᠦ ᠢᠷᠠᠯ᠎ᠠ᠂ ᠠᠵᠢᠯ ᠣᠯᠭᠤᠯᠲᠠ ᠪᠣᠯᠣᠨ ᠪᠠᠷᠠᠭ᠎ᠠ ᠶᠢᠨ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ 5 ᠳ᠋ᠤᠭᠠᠷ ᠰᠠᠷ᠎ᠠ ᠪᠠᠶᠢᠴᠠᠭᠠᠨ ᠪᠦᠷᠢᠳᠬᠡᠭᠰᠡᠨ ᠠᠵᠢᠯ ᠠᠯᠳᠠᠭᠰᠠᠨ ᠨᠣᠷᠮ᠎ᠠ  ᠵᠠᠭᠤᠨ ᠤ  4.8 ᠎ ᠳᠤ ᠬᠦᠷᠴᠦ᠂ ᠳᠡᠭᠡᠷ᠎ᠡ ᠰᠠᠷ᠎ᠠ ᠠᠴᠠ ᠵᠠᠭᠤᠨ  ᠤ 0.1 ᠎ ᠪᠠᠷ ᠪᠠᠭᠤᠷᠠᠵᠠᠢ᠃ ᠣᠯᠠᠨ ᠨᠡᠶᠢᠲᠡ ᠶᠢᠨ  ᠦᠨᠳᠦᠰᠦᠨ  ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠡᠢ᠃ ᠨᠢᠭᠡᠳᠦᠭᠡᠷ ᠤᠯᠠᠷᠢᠯ  ᠤᠨ ᠪᠦᠬᠦ ᠤᠯᠤᠰ  ᠤᠨ ᠨᠠᠷᠢᠨ ᠲᠣᠭᠤᠰᠣ ᠪᠤᠷᠲᠠᠭ  PM2.5 ᠎ ᠶᠢᠨ ᠳᠤᠮᠳᠠᠴᠢ ᠥᠳᠬᠡᠴᠡ ᠵᠠᠭᠤᠨ  ᠤ  9.7  ᠎ ᠪᠠᠷ  ᠪᠠᠭᠤᠷᠠᠵᠤ᠂  ᠠᠷᠠᠳ ᠤᠨ ᠠᠮᠢᠳᠤᠷᠠᠯ  ᠢ ᠪᠠᠲᠤᠯᠠᠨ ᠰᠠᠶᠢᠵᠢᠷᠠᠭᠤᠯᠬᠤ ᠠᠵᠢᠯ  ᠤᠨ ᠡᠷᠴᠢᠮ ᠲᠠᠰᠤᠷᠠᠯᠲᠠ ᠦᠭᠡᠢ ᠴᠢᠩᠭᠠᠷᠠᠵᠤ ᠢᠷᠠᠵᠠᠢ᠃              ᠥᠭᠡᠷᠡᠴᠢᠯᠡᠯᠲᠡ ᠬᠥᠭᠵᠢᠯᠲᠡ ᠶᠢᠨ ᠰᠠᠶᠢᠨ ᠰᠠᠶᠢᠬᠠᠨ  ᠪᠠᠶᠢᠳᠠᠯ  ᠤᠨ ᠳᠣᠣᠷ᠎ᠠ᠂  ᠳᠡᠯᠡᠬᠡᠢ  ᠨᠡᠶᠢᠲᠡ ᠶᠢᠨ  ᠎ ᠬᠢᠨ ᠳᠤᠮᠳᠠᠳᠤ ᠤᠯᠤᠰ  ᠤᠨ ᠠᠵᠤ ᠠᠬᠤᠢ ᠶᠢᠨ ᠬᠥᠭᠵᠢᠯᠲᠡ  ᠳᠤ ᠤᠯᠠᠮ ᠠᠴᠠ ᠤᠯᠠᠮ ᠢᠲᠡᠭᠡᠯ ᠲᠠᠢ ᠪᠣᠯᠵᠠᠢ᠃  ᠣᠶᠢᠷ᠎ᠠ  ᠶᠢᠨ ᠬᠤᠭᠤᠴᠠᠭᠠᠨ ᠤ ᠠᠵᠤ ᠠᠬᠤᠢ  ᠶᠢᠨ ᠬᠠᠮᠲᠤ ᠶᠢᠨ ᠠᠵᠢᠯᠯᠠᠭ᠎ᠠ ᠪᠣᠯᠣᠨ ᠬᠥᠭᠵᠢᠯᠲᠡ ᠶᠢᠨ ᠪᠠᠶᠢᠭᠤᠯᠭ᠎ᠠ᠂ ᠠᠽᠢᠶ᠎ᠠ  ᠶᠢᠨ ᠨᠡᠭᠡᠭᠡᠨ ᠬᠥᠭᠵᠢᠭᠦᠯᠬᠦ ᠪᠠᠩᠬᠢ ᠳᠤᠮᠳᠠᠳᠤ ᠤᠯᠤᠰ  ᠤᠨ 2018 ᠣᠨ  ᠤ ᠠᠵᠤ ᠠᠬᠤᠢ  ᠶᠢᠨ ᠨᠡᠮᠡᠭᠳᠡᠯ  ᠤᠨ ᠵᠢᠱᠢᠯᠲᠡ ᠶᠢ ᠲᠤᠰ ᠲᠤᠰ ᠵᠠᠭᠤᠨ ᠤ 0.1 ᠪᠣᠯᠣᠨ ᠵᠠᠭᠤᠨ  ᠤ0.2᠎ ᠢᠶᠠᠷ ᠨᠡᠮᠡᠭᠰᠡᠨ ᠶᠤᠮ᠃ ᠣᠯᠠᠨ ᠤᠯᠤᠰ ᠤᠨ  ᠵᠣᠭᠤᠰᠤᠨ ᠤ  ᠰᠠᠭᠤᠷᠢ ᠮᠥᠩᠭᠦᠨ ᠤ ᠪᠠᠶᠢᠭᠤᠯᠭ᠎ᠠ᠂ ᠳᠡᠯᠡᠬᠡᠢ  ᠶᠢᠨ ᠪᠠᠩᠬᠢ ᠪᠣᠯᠣᠨ ᠣᠯᠠᠨ ᠤᠯᠤᠰ  ᠤᠨ ᠬᠤᠯᠪᠣᠭᠠᠲᠤ ᠪᠠᠶᠢᠭᠤᠯᠭ᠎ᠠ ᠠᠵᠤ ᠠᠬᠤᠢ  ᠶᠢᠨ ᠨᠡᠮᠡᠭᠳᠡᠯ ᠤᠨ ᠵᠢᠱᠢᠯᠲᠡ ᠶᠢ ᠬᠤᠪᠢᠷᠠᠭᠤᠯᠤᠭᠰᠠᠨ ᠦᠭᠡᠢ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号