ᠬᠡᠰᠢᠭᠲᠡᠨ ᠬᠤᠰᠢᠭᠤ ᠬᠤᠶᠠᠲᠤᠭᠠᠷ ᠤᠳᠠᠭᠠᠨ ᠤ ︽ᠦᠨᠲᠦᠰᠦᠲᠡᠨ ᠤ ᠪᠦᠯᠬᠦᠮᠳᠡᠯ ᠬᠤᠨᠳᠠᠭᠠᠲᠦ︾ ᠵᠠᠯᠠᠭᠤᠴᠤᠳ ᠪᠠᠭᠠᠴᠤᠳ ᠤᠨ ᠳᠡᠯᠡᠬᠡᠢ ᠶᠢᠨ ᠰᠢᠳᠠᠷ᠎ᠠ ᠶᠢᠨ ᠤᠷᠤᠯᠲᠤᠭᠠᠨ ᠬᠢᠪᠡ
ᠨᠡᠶᠢᠲᠡᠯᠡᠭᠰᠡᠨ ᠴᠠᠭ᠄
2018/6/27
     6 ᠰᠠᠷ᠎ᠠ ᠶᠢᠨ 23᠎ ᠤ ᠡᠲᠦᠷ ᠠᠴᠠ 24᠎ ᠤ ᠡᠲᠦᠷ ᠪᠤᠯᠲᠠᠯ᠎ᠠ᠂ ᠬᠡᠰᠢᠭᠲᠡᠨ ᠬᠤᠰᠢᠭᠤᠨ ᠤ ᠦᠨᠲᠦᠰᠦᠲᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠠᠴᠠ ᠭᠤᠤᠯᠴᠢᠯᠠᠨ ᠡᠷᠬᠢᠯᠡᠵᠦ᠂ ᠬᠡᠰᠢᠭᠲᠡᠨ ᠬᠤᠰᠢᠭᠤᠨ ᠤ ᠰᠤᠶᠤᠯ ᠲᠠᠮᠢᠷ ᠤᠨ ᠲᠤᠪᠴᠢᠶ᠎ᠠ ᠶᠢᠨ ᠵᠠᠯᠠᠭᠤᠴᠤᠳ ᠪᠠᠭᠠᠴᠤᠳ ᠤᠨ ᠳᠠᠮᠢᠷ ᠤᠨ ᠺᠠᠯᠦ᠋ᠪ ᠠᠴᠠ ᠳᠠᠭᠠᠭᠠᠴᠢᠯᠠᠨ ᠡᠷᠭᠢᠯᠡᠭᠰᠡᠨ ᠬᠤᠶᠠᠲᠤᠭᠠᠷ ᠤᠳᠠᠭᠠᠨ ᠤ ︽ᠦᠨᠲᠦᠰᠦᠲᠡᠨ ᠤ ᠪᠦᠯᠬᠦᠮᠳᠡᠯ ᠬᠤᠨᠳᠠᠭᠠᠲᠦ︾ ᠵᠠᠯᠠᠭᠤᠴᠤᠳ ᠪᠠᠭᠠᠴᠤᠳ ᠤᠨ ᠳᠡᠯᠡᠬᠡᠢ ᠶᠢᠨ ᠰᠢᠲᠠᠷ᠎ᠠ ᠶᠢᠨ ᠤᠷᠤᠯᠲᠤᠭᠠᠨ ᠪᠢᠷᠠᠭᠤ ᠪᠠᠯᠭᠠᠰᠦᠨ ᠳᠤ ᠶᠠᠪᠤᠭᠳᠠᠪᠠ᠃      ᠳᠤᠰ ᠤᠳᠠᠭᠠᠨ ᠤ ᠤᠷᠤᠯᠲᠤᠭᠠᠨ ᠨᠢ ᠦᠨᠲᠦᠰᠦᠲᠡᠨ ᠤ ᠪᠦᠯᠬᠦᠮᠳᠡᠯ ᠢ ᠠᠬᠢᠭᠤᠯᠵᠦ᠂ ᠤᠯᠠᠮᠵᠢᠯᠠᠯᠲᠦ ᠰᠤᠶᠤᠯ ᠢᠶᠠᠨ ᠵᠠᠯᠠᠭᠤᠴᠤᠳ ᠪᠠᠭᠠᠴᠤᠳ ᠲᠠᠭᠠᠨ ᠤᠯᠠᠮᠵᠢᠯᠠᠨ ᠵᠠᠯᠭᠠᠮᠵᠢᠯᠠᠭᠤᠯᠬᠤ ᠪᠠᠷ ᠵᠤᠷᠢᠯᠲᠠ ᠪᠠᠨ ᠪᠤᠯᠭᠠᠵᠦ᠂ ᠪᠠᠭᠠᠴᠤᠳ ᠤᠨ ᠲᠤᠭᠤᠶᠢᠯᠠᠩ ᠪᠠ ᠵᠠᠯᠠᠭᠤᠴᠤᠳ ᠤᠨ ᠲᠤᠭᠤᠶᠢᠯᠠᠩ ᠬᠤᠪᠢᠶᠠᠨ ᠶᠠᠪᠤᠭᠳᠠᠭᠤᠯᠵᠦ᠂ ᠪᠠᠭᠠᠴᠤᠳ ᠤᠨ ᠲᠤᠭᠤᠶᠢᠯᠠᠩ ᠳᠤ ᠪᠢᠷᠠᠭᠤ ᠳᠠᠬᠢ ᠮᠤᠩᠭᠤᠯ ᠪᠠᠭ᠎ᠠ ᠰᠤᠷᠭᠠᠭᠤᠯᠢ ᠶᠢᠨ ᠪᠠᠶᠠᠰᠦᠯ ᠳᠡᠷᠢᠭᠦᠯᠡᠵᠦ᠂ ᠵᠠᠯᠠᠭᠤᠴᠤᠳ ᠤᠨ ᠲᠤᠭᠤᠶᠢᠯᠠᠩ ᠳᠤ ᠪᠢᠷᠠᠭᠤ ᠮᠤᠩᠭᠤᠯ ᠦᠨᠲᠦᠰᠦᠲᠡᠨ ᠤ ᠳᠤᠮᠳᠠᠲᠦ ᠰᠤᠷᠭᠠᠭᠤᠯᠢ ᠶᠢᠨ ᠮᠦᠩᠬᠡ ᠳᠡᠷᠢᠭᠦᠯᠡᠵᠠᠢ᠃      2018 ᠤᠨ ᠤ ᠪᠠᠶᠠᠨᠵᠢᠷᠦᠬᠡ ᠤᠪᠤᠭᠠᠨ ᠳᠠᠬᠢᠯᠭ᠎ᠠ ᠶᠢᠨ ᠮᠤᠩᠭᠤᠯ ᠰᠢᠲᠠᠷ᠎ᠠ ᠶᠢᠨ ᠤᠷᠤᠯᠲᠤᠭᠠᠨ ᠨᠢ ᠪᠠᠰᠠ ᠵᠡᠷᠭᠡᠪᠡᠷ ᠶᠠᠪᠤᠭᠳᠠᠵᠦ᠂ ᠡᠷᠡᠭᠲᠠᠢ ᠶᠢᠨ ᠲᠤᠭᠤᠶᠢᠯᠠᠩ ᠪᠠ ᠡᠮᠡᠭᠲᠠᠢ ᠶᠢᠨ ᠲᠤᠭᠤᠶᠢᠯᠠᠩ ᠬᠤᠪᠢᠶᠠᠨ ᠤᠷᠤᠯᠲᠤᠵᠦ᠂ ᠰᠢᠯᠢ ᠶᠢᠨ ᠭᠤᠤᠯ ᠠᠶᠢᠮᠠᠭ᠂ ᠬᠦᠬᠡᠬᠤᠳᠠ ᠵᠡᠷᠭᠡ ᠭᠠᠵᠠᠷ ᠤᠷᠤᠨ ᠠᠴᠠ ᠰᠢᠲᠠᠷ᠎ᠠ ᠶᠢᠨ ᠲᠤᠷ᠎ᠠ ᠪᠠᠭ᠋ᠠᠲᠠᠳ ᠬᠦᠷᠦᠯᠴᠡᠨ ᠢᠷᠡᠵᠦ ᠤᠷᠤᠯᠴᠠᠵᠦ᠂ ᠤᠷᠤᠯᠲᠤᠭᠠᠨ ᠤ ᠳ᠋ᠦᠩ ᠳᠤ ᠡᠷᠡᠭᠲᠠᠢ ᠶᠢᠨ ᠲᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠲᠤᠯᠢᠬᠤᠩᠭᠤᠷ ᠳᠡᠷᠢᠭᠦᠯᠡᠵᠦ᠂ ᠡᠮᠡᠭᠲᠠᠢ ᠶᠢᠨ ᠲᠤᠭᠤᠶᠢᠯᠠᠩ ᠳᠤ ᠰᠢᠯᠢ ᠶᠢᠨ ᠭᠤᠤᠯ ᠠᠶᠢᠮᠠᠭ ᠎ ᠤᠨ ᠴᠠᠶᠢᠯᠭᠠᠨ ᠳᠡᠷᠢᠭᠦᠨ ᠳᠤ ᠲᠤᠲᠤᠷᠠᠪᠠ᠃
 
ᠢᠷᠡᠯᠲᠡ᠄ ᠤᠯᠠᠭᠠᠨ ᠬᠠᠳᠠ ᠶᠢᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号