ᠡᠨᠡ ᠵᠢᠯ ᠤᠨ 7 ᠰᠠᠷ᠎ᠠ ᠶᠢᠨ 1᠎ ᠤ ᠡᠳᠤᠷ ᠠᠴᠠ ᠡᠬᠢᠯᠡᠨ ᠤᠯᠤᠰ ᠤᠨ ᠲᠤᠳᠤᠭᠠᠳᠤ ᠶᠢᠨ ᠲᠡᠭᠡᠳᠤ ᠵᠡᠷᠭᠡ ᠎ ᠶᠢᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠭᠡᠷᠡᠴᠢᠯᠡᠬᠦ ᠰᠦᠢᠳᠭᠡᠯ ᠢ ᠪᠦᠬᠦ ᠲᠠᠯ᠎ᠠ ᠪᠠᠷ ᠦᠭᠡᠶᠢᠰᠭᠡᠨ᠎ᠡ
ᠨᠡᠶᠢᠲᠡᠯᠡᠭᠰᠡᠨ ᠴᠠᠭ᠄
2018/6/28
     ᠰᠤᠷᠭᠠᠨ ᠬᠦᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠦᠴᠢᠷ ᠮᠡᠳᠡᠭᠳᠡᠯ ᠲᠠᠷᠬᠠᠭᠠᠵᠤ᠂ ᠡᠨᠡ ᠵᠢᠯ ᠤᠨ 7 ᠰᠠᠷ᠎ᠠ ᠶᠢᠨ 1᠎ ᠤ ᠡᠳᠤᠷ ᠠᠴᠠ ᠡᠬᠢᠯᠡᠨ ᠤᠯᠤᠰ ᠤᠨ ᠲᠤᠳᠤᠭᠠᠳᠤ ᠶᠢᠨ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠭᠡᠷᠡᠴᠢᠯᠡᠬᠦ ᠰᠦᠢᠳᠭᠡᠯ ᠢ ᠪᠦᠬᠦ ᠲᠠᠯ᠎ᠠ ᠪᠠᠷ ᠦᠭᠡᠶᠢᠰᠭᠡᠬᠦ ᠪᠠᠷ ᠪᠤᠯᠪᠠ                        ᠲᠦᠷᠦ ᠶᠢᠨ ᠶᠠᠪᠤᠳᠠᠯ ᠤᠨ  ᠬᠤᠷᠢᠶᠠᠨ ᠤ  ᠪᠠᠶᠢᠡᠭᠭᠤ  ᠎ ᠶᠢᠨ  ᠬᠤᠷᠠᠯ ᠤᠨ  ᠵᠤᠷᠢᠭ  ᠰᠠᠨᠠᠭ᠎ᠠ  ᠎ ᠶᠢ  ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠤᠢᠢᠷ᠎ᠠ  ᠎ ᠳᠤ  ᠰᠤᠷᠭᠠᠨ  ᠬᠦᠮᠦᠵᠢᠯ ᠤᠨ  ᠶᠠᠮᠤᠨ᠂  ᠡᠳ᠋ ᠤᠨ  ᠵᠠᠰᠠᠭ ᠤᠨ  ᠶᠠᠮᠤᠨ᠂ ᠤᠯᠤᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠮᠳᠤᠷᠠᠨ ᠮᠡᠳᠡᠭᠳᠡᠯ ᠲᠠᠷᠬᠠᠭᠠᠵᠤ᠂ 2018 ᠤᠨ ᠤ 7 ᠰᠠᠷ᠎ᠠ ᠶᠢᠨ 1᠎ ᠤ ᠡᠳᠤᠷ ᠠᠴᠠ ᠡᠬᠢᠯᠡᠨ ᠤᠯᠤᠰ ᠤᠨ ᠲᠤᠳᠤᠭᠠᠳᠤ ᠶᠢᠨ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠭᠡᠷᠡᠴᠢᠯᠡᠬᠦ  ᠰᠦᠢᠳᠭᠡᠯ ᠢ  ᠪᠦᠬᠦ  ᠲᠠᠯ᠎ᠠ  ᠎ ᠪᠠᠷ  ᠦᠭᠡᠶᠢᠰᠭᠡᠬᠦ  ᠎ ᠪᠠᠷ  ᠲᠤᠭᠲᠠᠪᠠ᠃  ᠤᠯᠤᠰ‌‍ᠤᠨ ᠲᠤᠳᠤᠭᠠᠳᠤ ᠶᠢᠨ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ  ᠰᠤᠷᠤᠯᠭ᠎ᠠ  ᠎ ᠶᠢᠨ  ᠨᠠᠮᠳᠠᠷ  ᠡᠷᠳᠡᠮ ᠤᠨ  ᠴᠤᠯᠠ  ᠭᠡᠷᠡᠴᠢᠯᠡᠬᠦ ᠰᠦᠢᠳᠭᠡᠯ ᠢ ᠦᠭᠡᠶᠢᠰᠭᠡᠭᠰᠡᠨ ᠤ ᠲᠠᠷᠠᠭ᠎ᠠ᠂ ᠲᠡᠭᠡᠳᠤ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠬᠠᠷᠢᠶ᠎ᠠ  ᠰᠤᠷᠤᠯᠭ᠎ᠠ ᠶᠢᠨ ᠨᠠᠮᠳᠠᠷ ᠤᠨ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠰᠢᠰᠲ᠋ᠧᠮ ᠪᠠ  ᠡᠷᠳᠡᠮ ᠤᠨ  ᠴᠤᠯᠠ  ᠎ ᠶᠢᠨ  ᠮᠡᠳᠡᠭᠡ  ᠵᠠᠩᠬᠢ  ᠎ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠬᠦᠮᠦᠷᠭᠡ ᠳᠤ ᠨᠢᠭᠡᠨᠲᠡ ᠲᠠᠩᠰᠠᠯᠠᠭᠰᠠᠨ  ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ ᠳᠤ ᠵᠠᠷᠴᠢᠮ ᠲᠡᠭᠡᠷ᠎ᠡ ᠪᠠᠨ ᠰᠦᠯᠵᠢᠶᠡᠨ ᠲᠡᠭᠡᠷ᠎ᠡ ᠡᠷᠢᠵᠤ ᠯᠠᠪᠯᠠᠬᠤ ᠪᠠ ᠡᠯᠧᠺᠲᠷᠤᠨ ᠭᠡᠷᠡᠴᠢᠯᠡᠭᠡ ᠬᠢᠬᠦ ᠶᠢ ᠬᠡᠷᠡᠭᠵᠢᠬᠦᠯᠦᠨ᠎ᠡ᠃                ᠡᠬᠦᠨ ᠠᠴᠠ ᠡᠮᠦᠨ᠎ᠡ᠂ ᠰᠤᠷᠭᠠᠨ ᠬᠦᠮᠦᠵᠢᠯ ᠤᠨ ᠶᠠᠮᠤᠨ ᠨᠢᠭᠡᠨᠲᠡ ᠰᠤᠷᠤᠯᠭ᠎ᠠ ᠶᠢᠨ ᠨᠠᠮᠳᠠᠷ ᠡᠷᠳᠡᠮ ᠤᠨ ᠴᠤᠯᠠ  ᠎ ᠶᠢᠨ ᠮᠡᠳᠡᠭᠡ ᠵᠠᠩᠬᠢ ᠶᠢᠨ ᠲᠤᠭ᠎ᠠ ᠪᠠᠷᠢᠮᠲᠠ ᠶᠢᠨ ᠬᠦᠮᠦᠷᠭᠡ ᠶᠢ ᠤᠯᠤᠰ ᠤᠨ ᠲᠤᠭ᠎ᠠ ᠪᠠᠷᠢᠮᠲᠠ ᠬᠠᠮᠳᠤ ᠪᠠᠷ ᠡᠳ᠋ᠯᠡᠬᠦ  ᠰᠤᠯᠢᠯᠴᠠᠭᠠᠨ ᠤ ᠲᠠᠪᠴᠠᠩ ᠳᠤ ᠵᠠᠯᠭᠠᠵᠤ ᠤᠷᠤᠭᠤᠯᠤᠭᠰᠠᠨ ᠪᠠᠶᠢᠨ᠎ᠠ᠃ ᠲᠠᠷᠠᠭᠠᠴᠢ ᠶᠢᠨ  ᠠᠯᠬᠤᠮ  ᠎ ᠳᠤ᠂  ᠡᠯᠧᠺᠲᠷᠤᠨ  ᠡᠷᠢᠵᠤ  ᠯᠠᠪᠯᠠᠬᠤ  ᠪᠠ ᠭᠡᠷᠡᠴᠢᠯᠡᠬᠦ ᠦᠢᠯᠡᠴᠢᠯᠡᠭᠡ ᠶᠢ ᠶᠡᠭᠡ ᠪᠠᠷ ᠲᠡᠯᠭᠡᠷᠡᠬᠦᠯᠵᠤ᠂ ᠦᠢᠯᠡᠴᠢᠯᠡᠭᠡᠨ ᠤ ᠠᠯᠬᠤᠮ  ᠲᠠᠷᠠᠭ᠎ᠠ  ᠎ ᠶᠢ  ᠤᠯᠠᠮ  ᠨᠢᠭᠡ  ᠠᠯᠬᠤᠮ ᠲᠦᠬᠦᠮᠴᠢᠯᠡᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠂ ᠤᠯᠤᠰ ᠤᠨ ᠲᠤᠳᠤᠭᠠᠳᠤ  ᠎ ᠶᠢᠨ  ᠲᠡᠭᠡᠳᠤ  ᠵᠡᠷᠭᠡ ᠶᠢᠨ ᠰᠤᠷᠭᠠᠨ ᠬᠦᠮᠦᠵᠢᠯ ᠤᠨ ᠰᠤᠷᠤᠯᠭ᠎ᠠ ᠎ ᠶᠢᠨ ᠨᠠᠮᠳᠠᠷ ᠡᠷᠳᠡᠮ ᠤᠨ  ᠴᠤᠯᠠ  ᠭᠡᠷᠡᠴᠢᠯᠡᠬᠦ  ᠲᠤᠬᠠᠢ  ᠲᠤᠭ᠎ᠠ  ᠪᠠᠷᠢᠮᠲᠠ  ᠡᠷᠢᠵᠤ ᠯᠠᠪᠯᠠᠬᠤ ᠵᠡᠷᠭᠡ ᠨᠡᠶᠢᠭᠡᠮ ᠤᠨ ᠬᠡᠷᠡᠭᠴᠡᠭᠡ ᠶᠢ ᠨᠡᠩ ᠰᠠᠶᠢᠨ ᠬᠠᠨᠭ᠍ᠭᠠᠬᠤ ᠪᠤᠯᠤᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号