ᠤᠶᠢᠷ᠎ᠠ ᠶᠢᠨ ᠡᠲᠦᠷ᠂ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠤᠷᠲᠦᠨ ᠠᠴᠠ ᠭᠤᠤᠯᠯᠠᠨ | ᠡᠷᠭᠢᠯᠡᠵᠦ᠂ ︽ᠬᠤᠪᠢ ᠮᠠᠰᠢᠨ ᠢᠶᠠᠨ ᠵᠢᠯᠤᠭᠤᠳᠴᠦ᠂ ᠲᠠᠯ᠎ᠠ ᠨᠤᠲᠤᠭ ᠢᠶᠠᠷ ᠵᠤᠭᠠᠴᠠᠬᠤ︾ ᠪᠠᠷ ᠭᠤᠤᠯ ᠰᠡᠲᠦᠪ | ᠪᠤᠯᠭᠠᠭᠰᠠᠨ ᠠᠩᠬᠠᠲᠤᠭᠠᠷ ᠬᠤᠭᠤᠴᠠᠭᠠᠨ ᠤ ᠪᠡᠭᠡᠵᠢᠩ ᠦᠪᠦᠷ ᠮᠤᠩᠭᠤᠯ ᠤᠨ ᠵᠤᠨ ᠤ ᠲᠠᠯ᠎ᠠ ᠨᠤᠲᠤᠭ ᠲᠤ ᠬᠤᠪᠢ | ᠶᠢᠨ ᠮᠠᠰᠢᠨ ᠢᠶᠠᠷ ᠵᠤᠭᠠᠴᠠᠬᠤ ᠠᠵᠢᠯᠯᠠᠭᠠᠨ ᠤ ᠡᠭᠢᠯᠡᠯᠳᠡ ᠶᠢᠨ ᠶᠤᠰᠤᠯᠠᠯ ᠨᠢ ᠯᠥᠩ ᠺᠧᠦ ᠦᠵᠡᠮᠵᠢ ᠶᠢᠨ ᠤᠷᠤᠨ | ᠳᠤ ᠶᠠᠪᠤᠭᠳᠠᠵᠤ᠂ ᠬᠤᠰᠢᠭᠤᠨ ᠳᠡᠳ᠋ ᠳᠠᠷᠤᠭ᠎ᠠ ᠸᠠᠩ ᠵᠦ ᠡᠭᠢᠯᠡᠯᠳᠡ ᠶᠢᠨ ᠶᠤᠰᠤᠯᠠᠯ ᠳᠡᠭᠡᠷ᠎ᠡ ᠶᠠᠷᠢᠶ᠎ᠠ ᠳᠠᠯᠪᠢᠪᠠ᠃ | ᠲᠡᠷᠡ ᠵᠢᠭᠠᠵᠦ ᠭᠠᠷᠭᠠᠭᠰᠠᠨ ᠨᠢ ᠳᠤᠰ ᠤᠳᠠᠭᠠᠨ ᠤ ᠠᠵᠢᠯᠯᠠᠭᠠᠨ ᠨᠢ ︽ᠨᠦᠭᠦᠷᠯᠡᠯ ᠢᠶᠠᠨ ᠵᠤᠵᠠᠭᠠᠳᠬᠠᠵᠦ᠂ | ᠰᠤᠯᠢᠯᠴᠠᠭ᠎ᠠ ᠪᠠᠨ ᠠᠭᠢᠭᠤᠯᠬᠤ ᠬᠦᠭᠦᠷᠭᠡ︾ ᠪᠠᠶᠢᠵᠦ᠂ ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠲᠦᠷᠢ | ᠲᠦᠷᠬᠦ ᠪᠠ ᠰᠤᠶᠤᠯ ᠵᠢᠭᠤᠯᠴᠢᠯᠠᠯ ᠤᠨ ᠬᠢᠷᠢ ᠲᠦᠪᠰᠢᠨ ᠢ ᠳᠡᠭᠡᠭᠰᠢᠯᠡᠬᠦᠯᠬᠦ ᠳᠤ ᠠᠯᠤᠰ ᠬᠡᠲᠦ ᠶᠢᠨ ᠨᠦᠯᠦᠭᠡ | ᠦᠵᠡᠭᠦᠯᠬᠦ ᠪᠤᠯᠤᠨ᠎ᠠ ᠭᠡᠪᠡ᠃ ᠪᠡᠭᠡᠵᠢᠩ ᠠᠴᠠ ᠢᠷᠡᠭᠰᠡᠨ 120 ᠬᠤᠪᠢ ᠶᠢᠨ ᠮᠠᠰᠢᠨ ᠤ 260 ᠨᠡᠷ᠎ᠡ | ᠵᠢᠭᠤᠯᠴᠢᠯᠠᠭᠰᠠᠳ ᠡᠭᠢᠯᠡᠯᠳᠡ ᠶᠢᠨ ᠶᠤᠰᠤᠯᠠᠯ ᠳᠤ ᠤᠷᠤᠯᠴᠠᠪᠠ᠃ | ᠡᠭᠢᠯᠡᠯᠳᠡ ᠶᠢᠨ ᠶᠤᠰᠤᠯᠠᠯ ᠳᠠᠭᠤᠰᠤᠭᠰᠠᠨ ᠤ ᠳᠠᠷᠠᠭ᠎ᠠ ᠳᠡᠷᠭᠡᠨ ᠠᠩᠭᠢ ᠳᠤᠰᠪᠤᠷᠢ ᠠᠰᠠᠭᠲᠦ᠂ ᠠᠪᠳᠠᠷᠠᠲᠦ | ᠂ ᠳᠠᠯᠠᠢ ᠨᠠᠭᠤᠷ᠂ ᠪᠠᠶ᠋ᠬᠤᠪᠤᠭ᠎ᠠ᠂ ᠤᠯᠠᠭᠠᠨᠪᠤᠲᠤᠩ ᠵᠡᠷᠭᠡ ᠦᠵᠡᠮᠵᠢ ᠶᠢᠨ ᠤᠷᠤᠨ ᠢᠶᠠᠷ ᠲᠤᠭᠤᠷᠢᠨ ᠵᠤᠭᠠᠴᠠᠪᠠ᠃ | |