ᠰᠢᠪᠠᠳᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠬᠠᠷ᠎ᠠ ᠬᠠᠷᠬᠢᠰ  ᠬᠦᠴᠦᠨ ᠢ ᠤᠰᠠᠳᠬᠠᠬᠤ ᠲᠤᠰᠬᠠᠢ ᠲᠡᠮᠡᠴᠡᠯ ᠢ ᠬᠦᠨᠵᠡᠭᠡᠶᠢᠷᠡᠬᠦᠯᠦᠨ᠎ᠡ
ᠨᠡᠶᠢᠲᠡᠯᠡᠭᠰᠡᠨ ᠴᠠᠭ᠄
2018/6/28
ᠲᠦᠪ ᠬᠤᠷᠢᠶ᠎ᠠ ᠰᠢᠪᠠᠳᠠᠨ ᠵᠢᠯᠤᠭᠤᠳᠬᠤ ᠲᠤᠭᠤᠢᠢᠯᠠᠩ ᠪᠠᠶᠢᠭᠤᠯᠵᠤ᠂ ᠠᠷᠪᠠᠨ ᠮᠤᠵᠢ ᠬᠤᠲᠠ ᠳᠤ ᠤᠴᠢᠭᠤᠯᠤᠨ ᠰᠢᠪᠠᠳᠠᠨ ᠵᠢᠯᠤᠭᠤᠳᠬᠤ ᠠᠵᠢᠯ ᠦᠷᠨᠢᠬᠦᠯᠬᠦ ᠪᠠᠷ ᠪᠠᠶᠢᠨ᠎ᠠ      ᠬᠠᠷ᠎ᠠ ᠬᠠᠷᠬᠢᠰ ᠬᠦᠴᠦᠨ ᠢ ᠤᠰᠠᠳᠬᠠᠬᠤ ᠲᠤᠰᠬᠠᠢ  ᠲᠡᠮᠡᠴᠡᠯ ᠢ  ᠴᠢᠨᠠᠭᠰᠢᠲᠠ  ᠬᠦᠨᠵᠡᠭᠡᠶᠢᠷᠡᠬᠦᠯᠬᠦ   ᠶᠢᠨ  ᠲᠦᠯᠦᠭᠡ ᠤᠢᠢᠷ᠎ᠠ ᠳᠤ ᠲᠦᠪ ᠬᠤᠷᠢᠶ᠎ᠠ ᠠᠴᠠ 10 ᠰᠢᠪᠠᠳᠠᠨ  ᠵᠢᠯᠤᠭᠤᠳᠬᠤ  ᠲᠤᠭᠤᠢᠢᠯᠠᠩ  ᠪᠠᠶᠢᠭᠤᠯᠵᠤ᠂  ᠾᠧᠪᠸᠢ᠂  ᠱᠠᠨ  ᠰᠢ᠂ ᠯᠢᠶᠤᠤᠨᠢᠩ᠂ ᠹᠦᠵᠢᠶᠠᠨ᠂ ᠱᠠᠨᠳᠦ᠋ᠩ᠂ ᠾᠧᠨᠠᠨ᠂ ᠬᠤᠪᠸᠢ᠂ ᠭᠤᠸᠠᠩᠳᠦ᠋ᠩ᠂ ᠴᠦᠡᠭᠴᠢᠩ᠂ ᠰᠧᠴᠤᠸᠠᠨ  ᠵᠡᠷᠭᠡ  10  ᠮᠤᠵᠢ ᠬᠤᠲᠠ ᠳᠤ ᠰᠢᠪᠠᠳᠠᠨ ᠵᠢᠯᠤᠭᠤᠳᠬᠤ ᠠᠵᠢᠯ ᠦᠷᠨᠢᠬᠦᠯᠬᠦ ᠪᠠᠷ ᠪᠠᠶᠢᠨ᠎ᠠ᠃ 6 ᠰᠠᠷ᠎ᠠ ᠶᠢᠨ 24 ᠤ ᠡᠳᠤᠷ᠂ ᠪᠦᠬᠦ  ᠤᠯᠤᠰ ᠤᠨ ᠬᠠᠷ᠎ᠠ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯ ᠤᠨ ᠰᠢᠪᠠᠳᠠᠨ ᠵᠢᠯᠤᠭᠤᠳᠬᠤ ᠠᠵᠢᠯ ᠤᠨ ᠪᠤᠯᠪᠠᠰᠤᠷᠠᠯ ᠤᠨ ᠠᠩᠬᠢ ᠪᠡᠭᠡᠵᠢᠩ ᠳᠤ ᠶᠠᠪᠤᠭᠳᠠᠵᠤ᠂ 335 ᠬᠦᠮᠦᠨ ᠪᠤᠯᠪᠠᠰᠤᠷᠠᠯ ᠳᠤ ᠤᠷᠤᠯᠴᠠᠵᠠᠢ᠃              ᠠᠰᠠᠭᠤᠳᠠᠯ ᠤᠨ ᠤᠳᠤᠷᠢᠳᠤᠮᠵᠢ ᠶᠢ  ᠪᠠᠷᠢᠮᠲᠠᠯᠠᠵᠤ᠂  ᠰᠢᠪᠠᠳᠠᠨ  ᠵᠢᠯᠤᠭᠤᠳᠬᠤ  ᠭᠤᠤᠯᠳᠠᠯᠭ᠎ᠠ   ᠶᠢ  ᠤᠨᠤᠪᠴᠢᠲᠠᠢ ᠡᠵᠡᠮᠳᠡᠬᠦ ᠬᠡᠷᠡᠭᠲᠠᠢ            ᠠᠰᠠᠭᠤᠳᠠᠯ ᠤᠨ ᠤᠳᠤᠷᠢᠳᠤᠮᠵᠢ ᠶᠢ ᠢᠮᠠᠭᠲᠠ  ᠪᠠᠷᠢᠮᠲᠠᠯᠠᠵᠤ᠂  ᠭᠤᠤᠯᠳᠠᠯᠭ᠎ᠠ   ᠲᠠᠢ  ᠠᠰᠠᠭᠤᠳᠠᠯ ᠢ  ᠤᠨᠤᠪᠴᠢᠲᠠᠢ ᠡᠵᠡᠮᠳᠡᠬᠦ ᠨᠢ ᠰᠢᠪᠠᠳᠠᠨ ᠵᠢᠯᠤᠭᠤᠳᠬᠤ ᠠᠵᠢᠯ ᠤᠨ ᠠᠩᠬᠠᠨ ᠤ ᠵᠤᠷᠢᠯᠲᠠ ᠪᠠ ᠡᠴᠦᠰ ᠤᠨ ᠬᠠᠷᠠᠯᠲᠠ ᠪᠤᠯᠬᠤ ᠪᠠᠷ ᠪᠠᠷᠠᠬᠤ ᠦᠭᠡᠢ ᠪᠠᠰᠠ ᠴᠦ ᠰᠢᠪᠠᠳᠠᠨ ᠵᠢᠯᠤᠭᠤᠳᠬᠤ ᠠᠵᠢᠯ ᠤᠨ ᠪᠠᠭ᠎ᠠ ᠬᠦᠴᠦ ᠪᠠᠷ  ᠶᠡᠭᠡ  ᠠᠮᠵᠢᠯᠲᠠ  ᠤᠯᠬᠤ   ᠶᠢ  ᠠᠬᠢᠭᠤᠯᠬᠤ  ᠴᠢᠬᠤᠯᠠ ᠭᠠᠷᠳᠠᠴᠠ ᠮᠦᠨ᠃ ᠡᠬᠦᠨ ᠤ ᠲᠤᠯᠠ᠂ ᠪᠤᠯᠪᠠᠰᠤᠷᠠᠯ ᠤᠨ ᠠᠩᠬᠢ ᠨᠢ ︽ᠭᠤᠷᠪᠠᠨ ᠲᠠᠯ᠎ᠠ ᠳᠤ ᠬᠦᠴᠦᠨ ᠢᠶᠠᠨ  ᠲᠦᠪᠯᠡᠷᠡᠬᠦᠯᠬᠦ︾ ᠱᠠᠭᠠᠷᠳᠠᠯᠭ᠎ᠠ ᠲᠤᠷᠠᠳᠴᠦ᠂ ᠰᠢᠪᠠᠳᠠᠨ ᠵᠢᠯᠤᠭᠤᠳᠬᠤ ᠲᠤᠭᠤᠢᠢᠯᠠᠩ ᠤᠨ ᠰᠢᠪᠠᠳᠠᠨ ᠵᠢᠯᠤᠭᠤᠳᠬᠤ ᠭᠤᠤᠯᠳᠠᠯᠭ᠎ᠠ ᠶᠢ ᠤᠨᠤᠪᠴᠢᠲᠠᠢ ᠡᠵᠡᠮᠳᠡᠬᠦ ᠳᠤ ᠴᠢᠭᠯᠡᠯ ᠪᠠ ᠵᠢᠯᠤᠭᠤᠳᠤᠯᠭ᠎ᠠ ᠬᠠᠨᠭ᠍ᠭᠠᠭᠰᠠᠨ ᠪᠠᠶᠢᠨ᠎ᠠ᠄              — ᠵᠤᠬᠢᠶᠠᠨ ᠪᠠᠶᠢᠭᠤᠯᠵᠤ ᠪᠠᠶᠢᠷᠢᠯᠠᠭᠤᠯᠬᠤ ᠪᠠᠶᠢᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠤᠯᠤᠰ ᠲᠦᠷᠦ   ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠠᠢ᠃ ᠰᠢᠪᠠᠳᠠᠨ ᠵᠢᠯᠤᠭᠤᠳᠬᠤ ᠪᠠᠷ ᠲᠠᠮᠵᠢᠭᠤᠯᠤᠨ᠂ ᠡᠯ᠎ᠡ ᠭᠠᠵᠠᠷ ᠤᠨ ᠲᠤᠰᠬᠠᠢ ᠲᠡᠮᠡᠴᠡᠯ ᠤᠨ ᠴᠢᠬᠤᠯᠠ ᠴᠢᠨᠠᠷ᠂ ᠬᠠᠷ᠎ᠠ ᠬᠠᠷᠬᠢᠰ ᠬᠦᠴᠦᠨ ᠤ ᠬᠤᠤᠷ  ᠬᠦᠨᠦᠭᠡᠯᠳᠤ ᠴᠢᠨᠠᠷ᠂ ︽ᠶᠡᠭᠡ ᠱᠦᠬᠦᠷᠳᠡᠯᠲᠡ︾ ᠶᠢ ᠲᠠᠰᠤᠯᠳᠠᠭᠤᠯᠤᠯ ᠦᠭᠡᠢ ᠦᠷᠨᠢᠬᠦᠯᠬᠦ ᠶᠢᠨ ᠴᠢᠬᠤᠯᠠ  ᠴᠢᠨᠠᠷ ᠤᠨ  ᠲᠤᠬᠠᠢ  ᠬᠦᠢᠴᠡᠳ ᠲᠠᠨᠢᠵᠤ᠂ ᠤᠯᠤᠰ ᠲᠦᠷᠦ ᠶᠢᠨ ᠵᠤᠭᠰᠤᠯᠲᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠬᠦ ᠶᠢ  ᠠᠬᠢᠭᠤᠯᠬᠤ  ᠬᠡᠷᠡᠭᠲᠠᠢ᠃  ᠡᠯ᠎ᠡ ᠱᠠᠳᠤᠨ ᠤ ᠬᠠᠷ᠎ᠠ ᠬᠠᠷᠬᠢᠰ ᠬᠦᠴᠦᠨ ᠢ ᠤᠰᠠᠳᠬᠠᠬᠤ ᠲᠤᠰᠬᠠᠢ  ᠲᠡᠮᠡᠴᠡᠯ ᠤᠨ  ᠤᠳᠤᠷᠢᠳᠬᠤ  ᠲᠤᠭᠤᠢᠢᠯᠠᠩ  ᠵᠢᠴᠢ  ᠠᠯᠪᠠᠨ ᠭᠡᠷ ᠤᠨ  ᠡᠬᠦᠷᠭᠡ  ᠴᠢᠳᠠᠪᠤᠷᠢ   ᠶᠢᠨ  ᠦᠢᠯᠡᠳᠦᠯ   ᠢᠶᠠᠨ  ᠬᠦᠢᠴᠡᠳ  ᠪᠠᠳᠠᠷᠠᠭᠤᠯᠬᠤ   ᠶᠢ  ᠠᠬᠢᠭᠤᠯᠵᠤ᠂   ᠤᠳᠤᠷᠢᠳᠬᠤ᠂ ᠪᠠᠶᠢᠷᠢᠯᠠᠭᠤᠯᠬᠤ  ᠪᠠ  ᠨᠢᠭᠡᠲᠦᠯᠲᠠᠢ  ᠲᠦᠯᠦᠪᠯᠡᠬᠦ   ᠪᠠᠨ   ᠴᠢᠩᠭᠠᠳᠬᠠᠨ᠂   ᠬᠠᠷᠢᠭᠤᠴᠠᠯᠭ᠎ᠠ   ᠪᠠᠨ   ᠲᠡᠰ   ᠲᠡᠰ   ᠪᠠᠷ ᠨᠠᠶᠢᠳᠠᠪᠤᠷᠢᠵᠢᠭᠤᠯᠵᠤ᠂ ᠬᠦᠴᠦᠷᠭᠡᠭ ᠶᠡᠭᠡ ᠠᠵᠢᠯ ᠤᠨ ᠨᠡᠶᠢᠯᠡᠯ ᠬᠦᠴᠦᠨ ᠢ ᠪᠤᠢ ᠪᠤᠯᠭᠠᠬᠤ ᠶᠢ ᠠᠬᠢᠭᠤᠯᠬᠤ ᠬᠡᠷᠡᠭᠲᠠᠢ᠃                — ᠬᠦᠨ ᠮᠠᠯᠳᠠᠵᠤ ᠲᠤᠤᠱᠲᠠᠢ ᠪᠠᠶᠢᠴᠠᠭᠠᠬᠤ ᠪᠠᠶᠢᠳᠠᠯ ᠳᠤ ᠠᠩᠬᠠᠷᠤᠯ   ᠢᠶᠠᠨ  ᠲᠦᠪᠯᠡᠷᠡᠬᠦᠯᠦᠨ᠂  ᠬᠠᠷ᠎ᠠ  ᠬᠠᠷᠬᠢᠰ ᠬᠦᠴᠦᠨ ᠢ ᠦᠨᠳᠦᠰᠦ ᠪᠠᠷ ᠨᠢ ᠤᠰᠠᠳᠬᠠᠬᠤ ᠶᠢ ᠠᠬᠢᠭᠤᠯᠬᠤ ᠬᠡᠷᠡᠭᠲᠠᠢ᠃ ᠰᠢᠪᠠᠳᠠᠨ ᠵᠢᠯᠤᠭᠤᠳᠬᠤ ᠪᠠᠷ ᠲᠠᠮᠵᠢᠭᠤᠯᠤᠨ᠂ ᠬᠠᠷ᠎ᠠ ᠬᠠᠷᠬᠢᠰ ᠬᠦᠴᠦᠨ ᠢ ᠤᠰᠠᠳᠬᠠᠬᠤ ᠶᠢ ᠢᠯᠵᠠᠷᠠᠯ ᠢ ᠡᠰᠡᠷᠬᠦᠴᠡᠬᠦ ᠲᠠᠢ ᠤᠶᠠᠯᠳᠤᠭᠤᠯᠵᠤ᠂  ᠦᠨᠳᠦᠰᠦᠨ  ᠱᠠᠳᠤᠨ ᠤ  ︽ᠢᠯᠠᠭ᠎ᠠ ᠠᠯᠠᠬᠤ︾ ᠠᠵᠢᠯᠯᠠᠭ᠎ᠠ ᠲᠠᠢ ᠤᠶᠠᠯᠳᠤᠭᠤᠯᠬᠤ ᠬᠡᠷᠡᠭᠲᠠᠢ᠃ ᠡᠯ᠎ᠡ ᠭᠠᠵᠠᠷ ᠤᠨ  ᠬᠢᠨ ᠢ ᠰᠢᠪᠠᠳᠠᠵᠤ᠂ ᠬᠠᠤᠯᠢ   ᠪᠠᠷ  ᠵᠠᠰᠠᠬᠤ  ᠵᠠᠮ ᠲᠡᠭᠡᠷ᠎ᠡ ᠬᠠᠷ᠎ᠠ ᠬᠠᠷᠬᠢᠰ ᠬᠦᠴᠦᠨ ᠤ ᠬᠠᠤᠯᠢ ᠵᠦᠷᠢᠴᠡᠭᠰᠡᠨ  ᠶᠠᠯᠠᠳᠤ  ᠠᠵᠢᠯᠯᠠᠭ᠎ᠠ   ᠳᠤ  ᠬᠦᠴᠦᠲᠠᠢ  ᠪᠦᠭᠡᠳ  ᠪᠦᠲᠦᠮᠵᠢᠲᠠᠢ ᠴᠤᠬᠢᠯᠲᠠ ᠦᠭᠴᠦ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠰᠦᠪᠡᠭᠴᠢ ᠰᠢᠯᠵᠢᠬᠦᠯᠦᠨ ᠬᠦᠷᠭᠡᠬᠦ᠂ ᠬᠠᠷᠢᠭᠤ ᠲᠤᠰᠬᠠᠯ ᠦᠭᠬᠦ ᠲᠤᠭᠲᠠᠴᠠ ᠶᠢ ᠲᠡᠬᠦᠯᠳᠡᠷᠵᠢᠬᠦᠯᠦᠨ᠂ ᠲᠦᠷᠢᠮ ᠤᠨ ᠲᠠᠯ᠎ᠠ ᠪᠠᠷ ᠬᠠᠷ᠎ᠠ ᠬᠠᠷᠬᠢᠰ ᠬᠦᠴᠦᠨ ᠤ ᠬᠡᠷᠡᠭ ᠢ ᠲᠠᠩᠨᠠᠨ ᠰᠢᠢᠳᠪᠤᠷᠢᠯᠡᠬᠦ  ᠬᠢᠭᠡᠳ  ︽ᠠᠷᠤ  ᠲᠦᠰᠢᠭ︾ ᠢ   ᠨᠢ ᠪᠠᠶᠢᠴᠠᠭᠠᠨ ᠰᠢᠢᠳᠪᠤᠷᠢᠯᠡᠬᠦ ᠶᠢ ᠵᠡᠷᠭᠡ ᠪᠠᠷ ᠶᠠᠪᠤᠭᠳᠠᠭᠤᠯᠬᠤ ᠬᠡᠷᠡᠭᠲᠠᠢ᠃                — ᠦᠡᠭᠭᠡᠨ ᠲᠠᠯ᠎ᠠ ᠪᠡ ᠦᠨᠳᠦᠰᠦ  ᠰᠤᠷᠪᠤᠯᠵᠢ   ᠶᠢ  ᠵᠡᠷᠭᠡ   ᠪᠠᠷ  ᠵᠠᠰᠠᠬᠤ  ᠪᠠᠶᠢᠳᠠᠯ   ᠳᠤ  ᠠᠩᠬᠠᠷᠤᠯ   ᠢᠶᠠᠨ ᠲᠦᠪᠯᠡᠷᠡᠬᠦᠯᠦᠨ᠂ ᠶᠡᠷᠦᠩᠭᠡᠶᠢᠯᠡᠭᠰᠡᠨ ᠵᠠᠰᠠᠯᠲᠠ ᠶᠢ ᠤᠯᠠᠮ ᠨᠢᠭᠡ ᠠᠯᠬᠤᠮ ᠠᠬᠢᠭᠤᠯᠬᠤ  ᠬᠡᠷᠡᠭᠲᠠᠢ᠃  ᠦᠨᠳᠦᠰᠦᠨ  ᠱᠠᠳᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ  ᠪᠤᠯ  ᠬᠠᠷ᠎ᠠ  ᠬᠠᠷᠬᠢᠰ  ᠬᠦᠴᠦᠨ ᠤ  ᠡᠬᠦᠰᠴᠦ  ᠲᠦᠯᠵᠢᠬᠦ ᠬᠦᠷᠦᠰᠦ ᠶᠢ ᠠᠷᠢᠯᠭᠠᠬᠤ ᠦᠨᠳᠦᠰᠦᠨ ᠪᠤᠳᠤᠯᠭ᠎ᠠ᠂ ᠵᠠᠩᠬᠢᠯᠠᠭ᠎ᠠ ᠶᠢᠨ ᠠᠷᠭ᠎ᠠ ᠬᠡᠮᠵᠢᠶ᠎ᠡ ᠮᠦᠨ᠃ ᠰᠢᠪᠠᠳᠠᠨ ᠵᠢᠯᠤᠭᠤᠳᠬᠤ   ᠪᠠᠷ ᠲᠠᠮᠵᠢᠭᠤᠯᠤᠨ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠪᠠᠭᠤᠷᠠᠢ ᠪᠦᠭᠡᠳ ᠲᠠᠷᠠᠬᠠᠢ ᠦᠨᠳᠦᠰᠦᠨ  ᠱᠠᠳᠤᠨ ᠤ  ᠨᠠᠮ ᠤᠨ ᠵᠤᠬᠢᠶᠠᠨ ᠪᠠᠶᠢᠭᠤᠯᠤᠯᠲᠠ ᠶᠢ ᠴᠡᠭᠴᠡᠯᠡᠨ ᠦᠨᠳᠦᠰᠦᠨ ᠱᠠᠳᠤᠨ ᠤ ᠲᠦᠷᠦ ᠶᠢᠨ ᠡᠷᠭᠡ ᠶᠢᠨ ᠪᠠᠶᠢᠭᠤᠯᠤᠯᠲᠠ ᠶᠢ  ᠴᠢᠩᠭᠠᠳᠬᠠᠵᠤ᠂ ᠦᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠤᠳᠤ ᠦᠶ᠎ᠡ ᠶᠢᠨ ᠦᠨᠳᠦᠰᠦᠨ ᠱᠠᠳᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠢᠳᠡᠪᠬᠢᠲᠠᠢ ᠪᠠᠶᠢᠭᠤᠯᠬᠤ ᠶᠢ ᠠᠬᠢᠭᠤᠯᠬᠤ ᠬᠡᠷᠡᠭᠲᠠᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号