ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠬᠡᠪᠴᠢᠶ᠎ᠡ ᠶᠢ ᠦᠷᠭᠡᠳᠭᠡᠪᠡ
ᠨᠡᠶᠢᠲᠡᠯᠡᠭᠰᠡᠨ ᠴᠠᠭ᠄
2018/6/29
          ᠲᠠᠷᠢᠶᠠᠴᠢᠳ ᠤᠨ ᠡᠳ᠋ ᠬᠦᠷᠦᠩᠭᠡ ᠶᠢᠨ ᠡᠷᠭᠡ ᠠᠰᠢᠭ ᠢ ᠨᠡᠩ ᠰᠠᠶᠢᠨ ᠪᠠᠲᠤᠯᠠᠨ᠎ᠠ      ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ ᠡᠷᠭᠡ   ᠶᠢᠨ  ᠲᠦᠷᠢᠮ ᠤᠨ ᠦᠭᠡᠷᠡᠴᠢᠯᠡᠯᠲᠡ ᠪᠤᠯ  ᠬᠦᠳᠡᠭᠡ ᠲᠤᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠪᠠ ᠮᠠᠨ ᠤ ᠤᠯᠤᠰ ᠤᠨ ᠦᠨᠳᠦᠰᠦᠨ ᠠᠵᠤ ᠠᠬᠤᠢ  ᠶᠢᠨ ᠲᠦᠷᠢᠮ   ᠳᠤ ᠬᠤᠯᠪᠤᠭᠳᠠᠬᠤ ᠲᠤᠮᠤ ᠤᠴᠢᠷ ᠮᠦᠨ᠃ ᠤᠢᠢᠷ᠎ᠠ ᠳᠤ ᠬᠢᠷᠢᠨ ᠵᠢᠶᠠᠩᠰᠦ ᠱᠠᠨᠳᠦ᠋ᠩ ᠵᠡᠷᠭᠡ 3 ᠮᠤᠵᠢ᠂ ᠾᠧᠪᠸᠢ ᠮᠤᠵᠢ ᠶᠢᠨ ᠱᠢ ᠵᠢᠶᠠ ᠵᠤᠸᠠᠩ ᠵᠡᠷᠭᠡ 50 ᠲᠤᠰᠬᠠᠢ ᠤᠷᠤᠨ ᠬᠤᠲᠠ᠂ ᠲᠢᠶᠠᠨᠵᠢᠨ ᠬᠤᠲᠠ ᠶᠢᠨ ᠦ᠋ ᠴᠢᠩ ᠲᠤᠭᠤᠷᠢᠭ ᠵᠡᠷᠭᠡ 150  ᠰᠢᠶᠠᠨ ︵ᠬᠤᠲᠠ᠂ ᠲᠤᠭᠤᠷᠢᠭ︶ ᠢ 2018 ᠤᠨ ᠤ ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠨᠢᠭᠡᠴᠡ ᠪᠠᠷ ᠲᠤᠭᠲᠠᠭᠠᠵᠤ᠂ ᠪᠦᠬᠦ ᠤᠯᠤᠰ ᠤᠨ  ᠦᠭᠡᠷᠡᠴᠢᠯᠡᠯᠲᠡ   ᠶᠢᠨ  ᠲᠤᠷᠰᠢᠯᠲᠠ  ᠤᠯᠠᠮ  ᠨᠢᠭᠡ ᠠᠯᠬᠤᠮ ᠦᠷᠭᠡᠳᠪᠡ᠃        ᠢᠷᠡᠬᠦ ᠵᠢᠯ ᠤᠨ ᠡᠴᠦᠰ ᠪᠤᠯᠬᠤ ᠳᠤ ᠬᠦᠳᠡᠭᠡ ᠲᠤᠰᠬᠤᠨ ᠤ ᠬᠠᠮᠳᠤ ᠶᠢᠨ  ᠦᠮᠴᠢᠯᠡᠯ ᠤᠨ  ᠡᠷᠭᠡ   ᠶᠢᠨ  ᠪᠠᠶᠢᠳᠠᠯ ᠢ ᠦᠨᠳᠦᠰᠦᠨ ᠳᠡᠭᠡᠨ ᠲᠤᠳᠤᠷᠬᠠᠢ ᠪᠤᠯᠭᠠᠨ᠎ᠠ        ᠡᠳ᠋ ᠬᠦᠷᠦᠩᠭᠡ ᠪᠦᠷᠢᠳᠭᠡᠨ ᠬᠠᠷᠭᠤᠭᠤᠯᠬᠤ ᠪᠤᠯ ᠬᠦᠳᠡᠭᠡ ᠲᠤᠰᠬᠤᠨ ᠤ ᠬᠠᠮᠳᠤ ᠶᠢᠨ  ᠦᠮᠴᠢᠯᠡᠯ ᠤᠨ  ᠡᠷᠭᠡ   ᠶᠢᠨ ᠦᠭᠡᠷᠡᠴᠢᠯᠡᠯᠲᠡ ᠶᠢᠨ ᠬᠠᠮᠤᠭ ᠤᠨ ᠠᠩᠬᠠᠨ ᠤ ᠬᠠᠳᠠᠭᠤ ᠰᠢᠯᠭᠠᠯᠲᠠ ᠮᠦᠨ᠃ ᠲᠦᠪ ᠬᠤᠷᠢᠶ᠎ᠠ ᠠᠴᠠ ᠡᠯ᠎ᠡ ᠭᠠᠵᠠᠷ ᠤᠨ ᠬᠢᠨ ᠢ ᠡᠳ᠋ ᠬᠦᠷᠦᠩᠭᠡ ᠪᠦᠷᠢᠳᠭᠡᠨ ᠬᠠᠷᠭᠤᠭᠤᠯᠬᠤ ᠠᠵᠢᠯ ᠢ ᠪᠤᠲᠠᠲᠠᠢ ᠬᠢᠵᠤ᠂ ᠡᠷᠭᠡ ᠶᠢᠨ ᠬᠠᠷᠢᠶᠠᠯᠠᠯ ᠤᠨ  ᠬᠠᠷᠢᠴᠠᠭ᠎ᠠ   ᠶᠢ  ᠡᠮᠬᠢᠯᠡᠨ ᠲᠤᠳᠤᠯᠠᠵᠤ᠂ ᠬᠠᠮᠳᠤ ᠶᠢᠨ ᠡᠳ᠋ ᠬᠦᠷᠦᠩᠭᠡ ᠶᠢ ᠰᠠᠶᠢᠳᠤᠷ ᠬᠠᠮᠢᠶᠠᠷᠤᠨ᠂  2019  ᠤᠨ ᠤ  ᠡᠴᠦᠰ   ᠠᠴᠠ  ᠡᠮᠦᠨ᠎ᠡ  ᠡᠳ᠋ ᠬᠦᠷᠦᠩᠭᠡ ᠪᠦᠷᠢᠳᠭᠡᠨ ᠬᠠᠷᠭᠤᠭᠤᠯᠬᠤ ᠱᠠᠭᠠᠷᠳᠠᠯᠭ᠎ᠠ ᠶᠢ ᠦᠨᠳᠦᠰᠦᠨ   ᠳᠡᠭᠡᠨ  ᠪᠡᠶᠡᠯᠡᠬᠦᠯᠬᠦ  ᠬᠡᠷᠡᠭᠲᠠᠢ  ᠭᠡᠵᠤ  ᠱᠠᠭᠠᠷᠳᠠᠪᠠ᠃ ᠡᠬᠦᠨ ᠤ ᠲᠤᠬᠠᠢ᠂ ᠲᠠᠷᠢᠶᠠᠯᠠᠩ ᠬᠦᠳᠡᠭᠡ ᠲᠤᠰᠬᠤᠨ ᠤ  ᠶᠠᠮᠤᠨ ᠤ  ᠲᠡᠳ᠋  ᠰᠠᠶᠢᠳ᠂  ᠲᠦᠪ  ᠬᠤᠷᠢᠶᠠᠨ ᠤ  ᠲᠠᠷᠢᠶᠠᠯᠠᠩ ᠤᠨ ᠠᠵᠢᠯ ᠤᠨ ᠠᠯᠪᠠᠨ ᠭᠡᠷ ᠤᠨ ᠲᠡᠳ᠋ ᠡᠷᠬᠢᠯᠡᠭᠴᠢ ᠬᠠᠨ ᠵᠢᠶᠦ᠋ᠨ ᠢᠯᠡᠷᠭᠡᠶᠢᠯᠡᠬᠦ   ᠳᠡᠭᠡᠨ᠂  ᠡᠨᠡ  ᠬᠦ  ᠠᠵᠢᠯ ᠢ  ᠮᠠᠰᠢ  ᠴᠢᠬᠤᠯᠠ ᠪᠠᠶᠢᠷᠢᠨ ᠳᠤ ᠲᠠᠯᠪᠢᠭᠰᠠᠨ ᠨᠢ ᠭᠤᠤᠯᠳᠠᠭᠤ ᠭᠤᠷᠪᠠᠨ ᠲᠠᠯ᠎ᠠ ᠳᠤ ᠰᠠᠭᠤᠷᠢᠯᠠᠨ ᠪᠤᠳᠤᠯᠬᠢᠯᠠᠭᠰᠠᠨ ᠶᠤᠮ ᠭᠡᠵᠠᠢ᠃                ᠡᠩ ᠲᠡᠷᠢᠬᠦᠨ ᠳᠤ᠂ ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠲᠡ ᠶᠢ ᠠᠬᠢᠭᠤᠯᠬᠤ ᠳᠤ ᠴᠤᠬᠤᠮ ᠬᠡᠳᠤᠢ ᠡᠳ᠋ ᠬᠦᠷᠦᠩᠭᠡ ᠪᠠᠶᠢᠬᠤ ᠪᠤᠢ᠂ ᠡᠳᠡᠭᠡᠷ ᠡᠳ᠋  ᠬᠦᠷᠦᠩᠭᠡ   ᠨᠢ  ᠬᠡᠨ ᠤ  ᠪᠤᠢ  ᠭᠡᠳᠡᠭ ᠢ ᠤᠷᠢᠳ ᠢᠶᠠᠷ ᠲᠤᠳᠤᠷᠬᠠᠢ ᠪᠤᠯᠭᠠᠬᠤ ᠬᠡᠷᠡᠭᠲᠠᠢ᠃ ︽ᠡᠨᠡ ᠠᠰᠠᠭᠤᠳᠠᠯ ᠢ ᠲᠤᠳᠤᠷᠬᠠᠢ ᠪᠤᠯᠭᠠᠬᠤ ᠦᠭᠡᠢ ᠶᠤᠮ ᠪᠤᠯ ᠬᠠᠮᠳᠤ   ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠲᠡ ᠶᠠᠪᠤᠭᠳᠠᠵᠤ ᠲᠡᠶᠢᠯᠬᠦ ᠦᠭᠡᠢ ᠮᠦᠷᠲᠡᠭᠡᠨ ᠮᠠᠰᠢ  ᠤᠯᠠᠨ  ᠵᠦᠷᠢᠴᠡᠯ ᠡᠬᠦᠰᠭᠡᠬᠦ ᠪᠤᠯᠤᠨ᠎ᠠ᠃            ᠲᠠᠷᠠᠭᠠᠯᠠᠪᠠᠯ᠂ ᠬᠦᠳᠡᠭᠡ ᠲᠤᠰᠬᠤᠨ ᠤ ᠬᠠᠮᠳᠤ ᠶᠢᠨ ᠡᠳ᠋ ᠬᠦᠷᠦᠩᠭᠡ ᠶᠢ ᠪᠦᠷᠢᠳᠭᠡᠨ ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠡᠨᠡ  ᠬᠦ  ᠰᠠᠭᠤᠷᠢᠨ  ᠲᠡᠭᠡᠷ᠎ᠡ  ᠬᠠᠮᠳᠤ   ᠶᠢᠨ ᠡᠳ᠋  ᠬᠦᠷᠦᠩᠭᠡ   ᠶᠢ  ᠬᠤᠪᠢ   ᠪᠠᠷ  ᠨᠤᠭᠤᠯᠵᠤ ᠬᠡᠮᠵᠢᠶᠡᠵᠢᠬᠦᠯᠦᠨ᠂ ᠡᠷᠭᠡ ᠶᠢ ᠨᠢ ᠡᠷᠦᠭᠡ ᠳᠤ ᠬᠦᠷᠲᠡᠯ᠎ᠡ ᠨᠤᠲᠠᠯᠠᠬᠤ ᠨᠢ ᠲᠠᠷᠢᠶᠠᠴᠢᠳ ᠤᠨ  ᠡᠳ᠋  ᠬᠦᠷᠦᠩᠭᠡ   ᠶᠢᠨ  ᠴᠢᠨᠠᠷᠲᠠᠢ ᠤᠷᠤᠯᠭ᠎ᠠ ᠶᠢ ᠨᠡᠮᠡᠭᠳᠡᠬᠦᠯᠦᠨ᠂ ᠲᠠᠷᠢᠶᠠᠴᠢᠳ ᠤᠨ ᠡᠳ᠋ ᠬᠦᠷᠦᠩᠭᠡ ᠶᠢᠨ ᠡᠷᠭᠡ ᠠᠰᠢᠭ ᠢ ᠦᠨᠡᠨ ᠬᠦ ᠬᠠᠮᠠᠭᠠᠯᠠᠵᠤ᠂ ᠲᠠᠷᠢᠶᠠᠴᠢᠳ ᠲᠤ ᠬᠠᠮᠳᠤ ᠶᠢᠨ ᠠᠵᠤ ᠠᠬᠤᠢ ᠶᠢᠨ ᠬᠦᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦᠯᠬᠦ ᠳᠤ ᠠᠰᠢᠭᠲᠠᠢ ᠶᠤᠮ᠃                ᠡᠴᠦᠰ ᠲᠤ᠂ ᠡᠳ᠋ ᠬᠦᠷᠦᠩᠭᠡ ᠪᠦᠷᠢᠳᠭᠡᠨ ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠬᠠᠮᠳᠤ  ᠶᠢᠨ ᠡᠳ᠋ ᠬᠦᠷᠦᠩᠭᠡ ᠲᠠᠩᠰᠠᠯᠠᠬᠤ᠂  ᠬᠠᠳᠠᠭᠠᠯᠠᠵᠤ  ᠬᠠᠮᠢᠶᠠᠷᠬᠤ᠂  ᠬᠡᠷᠡᠭᠯᠡᠬᠦ  ᠪᠠ  ᠰᠢᠢᠳᠪᠤᠷᠢᠯᠡᠬᠦ  ᠡᠯ᠎ᠡ  ᠵᠦᠢᠯ ᠤᠨ  ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠬᠦᠳᠡᠭᠡ ᠲᠤᠰᠬᠤᠨ ᠤ ᠬᠠᠮᠳᠤ ᠶᠢᠨ  ᠡᠳ᠋  ᠬᠦᠷᠦᠩᠭᠡ   ᠶᠢᠨ  ᠬᠢᠨᠠᠯᠲᠠ  ᠬᠠᠮᠢᠶᠠᠷᠤᠯᠲᠠ   ᠶᠢᠨ ᠲᠠᠪᠴᠠᠩ ᠢ ᠲᠦᠷᠭᠡᠪᠴᠢᠯᠡᠨ ᠪᠠᠶᠢᠭᠤᠯᠬᠤ ᠨᠢ ᠲᠦᠷᠢᠮ ᠤᠨ ᠲᠠᠯ᠎ᠠ ᠪᠠᠷ ︽ᠪᠠᠭ᠎ᠠ ᠨᠤᠶᠠᠨ ᠶᠡᠭᠡ ᠪᠠᠷ ᠱᠠᠮᠰᠢᠬᠤ︾ ᠪᠠ  ︽ᠪᠢᠴᠢᠯ ᠢᠯᠵᠠᠷᠠᠯ︾ ᠢ ᠬᠤᠷᠢᠭᠯᠠᠵᠤ᠂ ᠬᠦᠳᠡᠭᠡ ᠲᠤᠰᠬᠤᠨ ᠤ ᠬᠠᠮᠳᠤ  ᠶᠢᠨ ᠡᠳ᠋ ᠬᠦᠷᠦᠩᠭᠡ   ᠶᠢ  ᠦᠨᠡᠨ  ᠬᠦ  ᠢᠯᠡ  ᠪᠤᠯᠭᠠᠬᠤ   ᠳᠤ ᠠᠰᠢᠭᠲᠠᠢ ᠪᠦᠭᠡᠳ ᠨᠠᠮ ᠪᠠ ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠤᠨ᠂ ᠬᠦᠳᠡᠭᠡ ᠲᠤᠰᠬᠤᠨ ᠤ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠨᠢᠬᠲᠠᠷᠠᠯ ᠤᠨ ᠬᠦᠴᠦᠨ᠂  ᠲᠠᠶᠢᠴᠢᠨ ᠬᠦᠴᠦᠨ ᠢ ᠴᠢᠩᠭᠠᠳᠬᠠᠬᠤ ᠳᠤ ᠠᠰᠢᠭᠲᠠᠢ ᠶᠤᠮ᠃ ᠤᠳᠤᠬᠠᠨ ᠳᠤ᠂ ᠵᠠᠷᠢᠮ ᠭᠠᠵᠠᠷ ᠤᠷᠤᠨ ᠳᠤ ᠬᠦᠳᠡᠭᠡ ᠲᠤᠰᠬᠤᠨ ᠤ ᠬᠠᠮᠳᠤ  ᠶᠢᠨ ᠦᠮᠴᠢᠯᠡᠯ ᠤᠨ ᠬᠤᠭᠤᠰᠤᠨ ᠡᠷᠭᠡ ᠤᠯᠭᠤᠬᠤ᠂ ᠲᠠᠩᠰᠠ ᠬᠠᠷ᠎ᠠ ᠲᠤᠳᠤᠷᠬᠠᠢ ᠦᠭᠡᠢ ᠪᠠᠶᠢᠬᠤ᠂ ᠬᠤᠪᠢᠶᠠᠷᠢᠯᠠᠯᠲᠠ  ᠶᠢ ᠢᠯᠡ ᠪᠤᠯᠭᠠᠬᠤ ᠦᠭᠡᠢ ᠪᠠᠶᠢᠬᠤ᠂ ᠬᠠᠮᠢᠶᠠᠷᠤᠯᠲᠠ ᠨᠢ ᠢᠯᠡ ᠲᠤᠳᠤ ᠪᠢᠰᠢ ᠪᠠᠶᠢᠬᠤ᠂ ᠬᠠᠮᠳᠤ ᠶᠢᠨ  ᠡᠳ᠋  ᠬᠦᠷᠦᠩᠭᠡ   ᠶᠢ  ᠨᠡᠬᠦᠯᠭᠡᠨ ᠬᠡᠷᠡᠭᠯᠡᠬᠦ᠂ ᠡᠵᠡᠯᠡᠵᠤ ᠵᠠᠯᠬᠢᠬᠤ᠂ ᠱᠠᠮᠰᠢᠵᠤ ᠠᠪᠬᠤ ᠵᠡᠷᠭᠡ ᠠᠰᠠᠭᠤᠳᠠᠯ ᠤᠷᠤᠰᠢᠵᠤ᠂ ᠡᠨᠡ ᠲᠤᠬᠠᠢ  ᠲᠠᠷᠢᠶᠠᠴᠢᠳ ᠤᠨ  ᠲᠤᠰᠬᠠᠯ ᠲᠦᠢᠯ ᠤᠨ ᠬᠤᠷᠴᠠ ᠴᠢᠩᠭ᠎ᠠ ᠪᠠᠶᠢᠬᠤ ᠲᠤᠯᠠ ᠲᠠᠷᠤᠢ ᠲᠦᠷᠭᠡᠨ ᠰᠢᠢᠳᠪᠤᠷᠢᠯᠡᠬᠦ ᠴᠢᠬᠤᠯᠠᠲᠠᠢ ᠶᠤᠮ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号