ᠳᠦᠪ ᠤᠨ ᠤᠬᠠᠭᠤᠯᠬᠤ ᠬᠡᠯᠳᠡᠰ ᠵᠡᠷᠭᠡ ᠰᠠᠯᠠᠭ᠎ᠠ ᠮᠦᠴᠢᠷ ᠮᠡᠳᠡᠭᠳᠡᠯ ᠲᠠᠷᠬᠠᠭᠠᠵᠤ᠂ ᠺᠢᠨᠤ᠋ ᠲᠧᠯᠸᠢᠰ ᠤᠨ ᠠᠵᠢᠯ ᠲᠦᠷᠦᠯ ᠳᠠᠬᠢ ᠶᠡᠭᠡ ᠦᠨ᠎ᠡ ᠶᠢᠨ ᠬᠠᠷᠡᠮᠵᠢ᠂ ︽ᠦᠨᠡᠨ ᠬᠤᠳᠠᠯ ᠭᠡᠷ᠎ᠡ︾᠂ ᠭᠠᠶᠢᠯᠢ ᠠᠴᠠ ᠵᠠᠶᠢᠯᠠᠵᠤ ᠲᠤᠳᠠᠭᠠᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/6/29
     ᠲᠦᠷᠦᠬᠦᠭᠡᠨ ᠳᠤ᠂ ᠲᠦᠪ ᠬᠤᠷᠢᠶᠠᠨ ᠤ ᠤᠬᠠᠭᠤᠯᠬᠤ ᠬᠡᠯᠳᠡᠰ᠂ ᠰᠤᠶᠤᠯ  ᠵᠢᠭᠤᠯᠴᠢᠯᠠᠯ ᠤᠨ  ᠶᠠᠮᠤᠨ᠂  ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠯᠤᠰ ᠤᠨ ᠷᠠᠳᠢᠤ᠋ ᠲᠧᠯᠸᠢᠰ ᠤᠨ ᠶᠡᠷᠦᠩᠭᠡᠢ ᠲᠤᠪᠴᠢᠶ᠎ᠠ᠂  ᠤᠯᠤᠰ ᠤᠨ  ᠺᠢᠨᠤ᠋   ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ ᠬᠠᠮᠳᠤᠷᠠᠨ ︽ᠮᠡᠳᠡᠭᠳᠡᠯ︾ ᠲᠠᠷᠬᠠᠭᠠᠵᠤ᠂ ᠺᠢᠨᠤ᠋ ᠲᠧᠯᠸᠢᠰ ᠤᠨ ᠠᠵᠢᠯ ᠲᠦᠷᠦᠯ ᠳᠠᠬᠢ  ᠶᠡᠭᠡ ᠦᠨ᠎ᠡ ᠶᠢᠨ ᠬᠠᠷᠠᠮᠵᠢ᠂ ︽ᠦᠨᠡᠨ ᠬᠤᠳᠠᠯ ᠭᠡᠷ᠎ᠡ︾᠂ ᠭᠠᠶᠢᠯᠢ ᠠᠴᠠ ᠵᠠᠶᠢᠯᠠᠵᠤ  ᠲᠤᠳᠠᠭᠠᠬᠤ  ᠵᠡᠷᠭᠡ  ᠠᠰᠠᠭᠤᠳᠠᠯ ᠢ  ᠴᠢᠩᠭ᠎ᠠ ᠴᠡᠭᠴᠡᠯᠡᠨ ᠵᠠᠰᠠᠵᠤ᠂ ᠵᠦᠢ ᠪᠤᠰᠤ ᠬᠠᠷᠠᠮᠵᠢ ᠶᠢ ᠬᠢᠵᠠᠭᠠᠷᠯᠠᠨ᠂ ᠬᠠᠤᠯᠢ ᠶᠤᠰᠤᠭᠠᠷ ᠭᠠᠶᠢᠯᠢ ᠲᠤᠰᠢᠶᠠᠬᠤ ᠶᠢ  ᠠᠬᠢᠭᠤᠯᠵᠤ᠂  ᠺᠢᠨᠤ᠋ ᠲᠧᠯᠸᠢᠰ ᠤᠨ ᠦᠢᠯᠡᠰ ᠤᠨ ᠡᠷᠡᠬᠦᠯ ᠬᠦᠭᠵᠢᠯᠲᠡ ᠶᠢ ᠠᠬᠢᠭᠤᠯᠬᠤ ᠬᠡᠷᠡᠭᠲᠠᠢ ᠭᠡᠵᠤ ᠱᠠᠭᠠᠷᠳᠠᠵᠠᠢ᠃                ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠳᠤ  ᠮᠠᠨ ᠤ  ᠤᠯᠤᠰ ᠤᠨ  ᠺᠢᠨᠤ᠋  ᠲᠧᠯᠸᠢᠰ ᠤᠨ ᠦᠢᠯᠡᠰ ᠲᠦᠷᠭᠡᠨ ᠬᠦᠭᠵᠢᠵᠤ᠂ ᠶᠡᠷᠦᠩᠭᠡᠢ ᠳᠡᠭᠡᠨ ᠰᠠᠶᠢᠨ ᠬᠠᠨᠳᠤᠰᠢ ᠲᠠᠢ ᠪᠠᠶᠢᠨ᠎ᠠ᠃ ᠡᠬᠦᠨ ᠤ ᠬᠠᠮᠳᠤ ᠪᠠᠰᠠ  ᠶᠡᠭᠡ  ᠦᠨ᠎ᠡ ᠶᠢᠨ ᠬᠠᠷᠠᠮᠵᠢ᠂ ︽ᠦᠨᠡᠨ ᠬᠤᠳᠠᠯ ᠭᠡᠷ᠎ᠡ︾᠂ ᠭᠠᠶᠢᠯᠢ ᠠᠴᠠ ᠵᠠᠶᠢᠯᠠᠵᠤ ᠲᠤᠳᠠᠭᠠᠬᠤ ᠵᠡᠷᠭᠡ  ᠠᠰᠠᠭᠤᠳᠠᠯ  ᠢᠯᠡᠷᠡᠪᠡ᠃  ᠡᠳᠡᠭᠡᠷ ᠠᠰᠠᠭᠤᠳᠠᠯ ᠨᠢ ᠺᠢᠨᠤ᠋ ᠲᠧᠯᠸᠢᠰ ᠤᠨ ᠫᠷᠦᠭᠷᠠᠮ ᠦᠢᠯᠡᠳᠬᠦ ᠦᠪᠡᠷ ᠤᠨ ᠦᠷᠲᠡᠭ ᠢ ᠦᠰᠭᠡᠵᠤ᠂ ᠺᠢᠨᠤ᠋ ᠲᠧᠯᠸᠢᠰ ᠤᠨ  ᠵᠤᠬᠢᠶᠠᠨ ᠪᠦᠲᠦᠭᠡᠯᠭᠡ ᠶᠢᠨ ᠶᠡᠷᠦᠩᠭᠡᠢ ᠴᠢᠨᠠᠷ ᠴᠢᠨᠰᠠᠭ᠎ᠠ ᠶᠢ ᠨᠦᠯᠦᠭᠡᠯᠡᠨ᠂ ᠺᠢᠨᠤ᠋ ᠲᠧᠯᠸᠢᠰ ᠤᠨ ᠠᠵᠢᠯ  ᠲᠦᠷᠦᠯ ᠤᠨ  ᠡᠷᠡᠬᠦᠯ  ᠰᠠᠶᠢᠬᠠᠨ ᠠᠮᠢ ᠠᠬᠤᠢ ᠶᠢ ᠡᠪᠳᠡᠬᠦ ᠪᠠᠷ ᠪᠠᠷᠠᠬᠤ ᠦᠭᠡᠢ ᠪᠠᠰᠠ ᠮᠦᠡᠭᠬᠦ ᠰᠢᠳᠦᠬᠦ ᠦᠵᠡᠯ ᠤᠨ ᠬᠡᠯᠪᠡᠷᠢᠯ ᠢ ᠪᠤᠢ ᠪᠤᠯᠭᠠᠵᠤ᠂  ᠵᠠᠯᠠᠭᠤᠴᠤᠳ ᠪᠠᠭᠠᠴᠤᠳ ᠲᠤ ᠪᠤᠷᠤᠭᠤ ᠲᠠᠨᠢᠯᠲᠠ ᠦᠭᠴᠦ ᠰᠤᠬᠤᠷ ᠪᠠᠯᠠᠢ ᠪᠠᠷ ᠺᠢᠨᠤ᠋ ᠲᠧᠯᠸᠢᠰ ᠤᠨ ᠨᠡᠷᠡᠳᠤ ᠬᠦᠮᠦᠰ ᠢ ᠰᠢᠳᠦᠬᠦ  ᠪᠤᠯᠭᠠᠵᠤ᠂ ᠨᠡᠶᠢᠭᠡᠮ ᠤᠨ ᠦᠷᠲᠡᠭ ᠤᠨ ᠦᠵᠡᠯᠲᠡ ᠶᠢ ᠭᠠᠵᠢᠭᠤᠳᠠᠭᠤᠯᠬᠤ ᠤᠴᠢᠷ ᠠᠴᠠ ᠡᠷᠬᠡᠪᠰᠢ ᠪᠦᠲᠦᠮᠵᠢᠲᠠᠢ ᠠᠷᠭ᠎ᠠ ᠬᠡᠮᠵᠢᠶ᠎ᠡ  ᠠᠪᠴᠦ ᠦᠨᠡᠨ ᠬᠦ ᠴᠢᠩᠭ᠎ᠠ ᠴᠡᠭᠴᠡᠯᠡᠨ ᠵᠠᠰᠠᠬᠤ ᠬᠡᠷᠡᠭᠲᠠᠢ᠃                ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠺᠢᠨᠤ᠋  ᠲᠧᠯᠸᠢᠰ ᠤᠨ  ᠫᠷᠦᠭᠷᠠᠮ ᠤᠨ  ᠬᠠᠷᠠᠮᠵᠢ   ᠶᠢᠨ  ᠪᠠᠷᠢᠮᠵᠢᠶ᠎ᠠ   ᠶᠢ ᠲᠤᠭᠲᠠᠭᠠᠵᠤ᠂ ᠲᠤᠭᠯᠠᠭᠴᠢ ᠪᠠ ᠫᠷᠦᠭᠷᠠᠮ ᠤᠨ ᠵᠤᠴᠢᠨ ᠤ  ᠬᠠᠮᠤᠭ ᠤᠨ  ᠦᠨᠳᠤᠷ  ᠬᠠᠷᠠᠮᠵᠢ   ᠶᠢᠨ  ᠬᠢᠵᠠᠭᠠᠷ ᠢ  ᠲᠤᠳᠤᠷᠬᠠᠢ ᠲᠤᠭᠲᠠᠭᠠᠬᠤ ᠬᠡᠷᠡᠭᠲᠠᠢ᠂ ᠤᠳᠤᠬᠢ ᠱᠠᠳᠤᠨ ᠳᠤ  ᠨᠢᠭᠡᠨᠲᠡ  ᠲᠤᠭᠲᠠᠭᠠᠭᠰᠠᠨ  ᠲᠤᠭᠲᠠᠭᠠᠯ ᠢ  ᠴᠢᠩᠭ᠎ᠠ  ᠨᠠᠶᠢᠳᠠᠪᠤᠷᠢᠵᠢᠭᠤᠯᠵᠤ᠂ ᠺᠢᠨᠤ᠋᠂ ᠲᠧᠯᠸᠢᠰ ᠵᠦᠴᠦᠭᠡ᠂ ᠰᠦᠯᠵᠢᠶᠡᠨ ᠤ ᠦᠵᠡᠵᠤ ᠰᠤᠨᠤᠰᠬᠤ ᠫᠷᠦᠭᠷᠠᠮ ᠤᠨ ᠪᠦᠬᠦ  ᠲᠤᠭᠯᠠᠭᠴᠢ᠂  ᠵᠤᠴᠢᠨ ᠤ  ᠶᠡᠷᠦᠩᠭᠡᠢ ᠬᠠᠷᠠᠮᠵᠢ ᠶᠢ ᠦᠢᠯᠡᠳᠬᠦ ᠪᠦᠬᠦ ᠦᠪᠡᠷ ᠤᠨ ᠦᠷᠲᠡᠭ ᠤᠨ 40% ᠠᠴᠠ ᠲᠠᠪᠠᠭᠤᠯᠵᠤ ᠪᠤᠯᠬᠤ ᠦᠭᠡᠢ᠂  ᠭᠤᠤᠯ  ᠲᠤᠭᠯᠠᠭᠴᠢ ᠶᠢᠨ ᠬᠠᠷᠠᠮᠵᠢ ᠶᠢ ᠪᠦᠬᠦ ᠬᠠᠷᠠᠮᠵᠢ   ᠶᠢᠨ  70%   ᠠᠴᠠ  ᠬᠡᠲᠦᠷᠡᠬᠦᠯᠵᠤ  ᠪᠤᠯᠬᠤ  ᠦᠭᠡᠢ᠃  ᠺᠢᠨᠤ᠋  ᠲᠧᠯᠸᠢᠰ ᠤᠨ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠯᠲᠠ  ᠬᠠᠮᠢᠶᠠᠷᠤᠯᠲᠠ   ᠪᠠᠨ  ᠴᠢᠩᠭᠠᠳᠬᠠᠵᠤ᠂  ᠺᠢᠨᠤ᠋  ᠲᠧᠯᠸᠢᠰ ᠤᠨ ᠨᠡᠷᠡᠳᠤ ᠬᠦᠮᠦᠰ ᠤᠨ ᠤᠳᠬ᠎ᠠ ᠤᠷᠠᠯᠢᠭ ᠵᠤᠭ᠎ᠠ ᠴᠡᠩᠭᠡᠯ ᠤᠨ ᠫᠷᠦᠭᠷᠠᠮ᠂ ᠭᠡᠷ ᠪᠦᠯᠢ ᠶᠢᠨ  ᠲᠦᠷᠦᠯ ᠤᠨ  ᠫᠷᠦᠭᠷᠠᠮ᠂  ᠦᠨᠡᠨ ᠬᠦᠮᠦᠨ ᠤ ᠲᠤᠭᠯᠠᠯᠲᠠ ᠶᠢᠨ ᠫᠷᠦᠭᠷᠠᠮ ᠵᠡᠷᠭᠡ ᠳᠤ  ᠤᠷᠤᠯᠴᠠᠬᠤ   ᠶᠢ  ᠬᠢᠵᠠᠭᠠᠷᠯᠠᠵᠤ᠂  ᠰᠦᠯᠵᠢᠶᠡᠨ ᠤ  ᠦᠵᠡᠵᠤ  ᠰᠤᠨᠤᠰᠬᠤ ᠫᠷᠦᠭᠷᠠᠮ ᠤᠨ ᠬᠢᠨᠠᠨ ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠬᠦᠯᠵᠤ᠂ ᠺᠢᠨᠤ᠋ ᠲᠧᠯᠸᠢᠰ ᠵᠦᠴᠦᠭᠡ᠂ ᠰᠦᠯᠵᠢᠶᠡᠨ ᠤ  ᠦᠵᠡᠵᠤ ᠰᠤᠨᠤᠰᠬᠤ ᠫᠷᠦᠭᠷᠠᠮ ᠤᠨ ᠬᠠᠷᠠᠮᠵᠢ ᠶᠢᠨ ᠭᠡᠷ᠎ᠡ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂  ᠭᠠᠶᠢᠯᠢ   ᠠᠴᠠ  ᠵᠠᠶᠢᠯᠠᠵᠤ ᠲᠤᠳᠠᠭᠠᠬᠤ ᠦᠢᠯᠡ ᠠᠵᠢᠯᠯᠠᠭ᠎ᠠ ᠶᠢ ᠵᠠᠯᠬᠠᠭᠠᠨ ᠰᠢᠳᠭᠡᠬᠦ ᠡᠷᠴᠢᠮ  ᠢᠶᠠᠨ ᠴᠢᠩᠭᠠᠷᠠᠭᠤᠯᠬᠤ ᠬᠡᠷᠡᠭᠲᠠᠢ᠃ ᠲᠧᠯᠸᠢᠰ ᠬᠤᠷᠢᠶ᠎ᠠ᠂ ᠺᠢᠨᠤ᠋ ᠲᠧᠯᠸᠢᠰ ᠦᠢᠯᠡᠳᠬᠦ ᠪᠠᠶᠢᠭᠤᠯᠤᠮᠵᠢ᠂ ᠲᠢᠶᠠᠲᠷ ᠤᠨ ᠬᠡᠯᠬᠢᠶ᠎ᠡ᠂ ᠢᠨᠲ᠋ᠧᠷ  ᠰᠦᠯᠵᠢᠶᠡᠨ ᠤ  ᠦᠵᠡᠵᠤ  ᠰᠤᠨᠤᠰᠬᠤ  ᠰᠦᠯᠵᠢᠶ᠎ᠡ᠂ ᠠᠷᠠᠳ ᠤᠨ ᠡᠵᠡᠩᠨᠡᠭᠰᠡᠨ ᠺᠢᠨᠤ᠋ ᠲᠧᠯᠸᠢᠰ ᠤᠨ ᠲᠠᠷᠬᠠᠭᠠᠵᠤ ᠨᠡᠪᠲᠡᠷᠡᠬᠦᠯᠬᠦ ᠺᠤᠮᠫᠠᠨᠢ ᠬᠠᠷ᠎ᠠ ᠪᠠᠯᠠᠢ ᠪᠠᠷ ᠦᠷᠢᠰᠦᠯᠳᠦᠵᠤ᠂ ᠦᠨ᠎ᠡ ᠬᠠᠨᠭ᠍ᠰᠢ ᠶᠢ ᠡᠷᠤᠢ ᠬᠤᠷᠤᠢ ᠦᠭᠡᠢ ᠦᠰᠭᠡᠨ ᠺᠢᠨᠤ᠋ ᠲᠧᠯᠸᠢᠰ ᠤᠨ ᠫᠷᠦᠭᠷᠠᠮ ᠢ  ᠬᠤᠳᠠᠯᠳᠤᠨ  ᠠᠪᠴᠦ  ᠨᠡᠪᠲᠡᠷᠡᠬᠦᠯᠵᠤ  ᠪᠤᠯᠬᠤ ᠦᠭᠡᠢ᠂ ᠦᠨᠳᠤᠷ ᠦᠨ᠎ᠡ ᠪᠠᠷ ᠺᠢᠨᠤ᠋ ᠲᠧᠯᠸᠢᠰ ᠤᠨ ᠨᠡᠷᠡᠳᠤ ᠬᠦᠮᠦᠰ ᠢ  ᠤᠷᠢᠬᠤ᠂  ᠦᠷᠢᠰᠦᠯᠳᠦᠨ  ᠨᠡᠭᠡᠬᠦ  ᠡᠷᠡᠬᠦᠯ  ᠪᠤᠰᠤ ᠦᠵᠡᠭᠳᠡᠯ ᠢ ᠡᠷᠡᠰ ᠵᠠᠯᠠᠷᠠᠭᠤᠯᠬᠤ ᠬᠡᠷᠡᠭᠲᠠᠢ᠃ ᠵᠠᠰᠠᠭ ᠤᠨ ᠤᠷᠳᠤᠨ ᠤ ᠪᠡᠯᠡ ᠮᠦᠡᠭᠬᠦ᠂  ᠭᠠᠶᠢᠯᠢ  ᠬᠡᠯᠲᠦᠷᠢᠬᠦᠯᠦᠭᠰᠡᠨ  ᠨᠡᠶᠢᠲᠡ ᠶᠢᠨ ᠠᠰᠠᠷᠠᠮᠵᠢ ᠶᠢᠨ ᠰᠠᠭᠤᠷᠢ ᠮᠦᠡᠭᠬᠦ ᠵᠡᠷᠭᠡ ᠪᠠᠷ ᠵᠤᠬ᠎ᠠ ᠴᠡᠩᠭᠡᠯ ᠤᠨ ᠴᠢᠨᠠᠷ᠂ ᠬᠤᠳᠠᠯᠳᠤᠭᠠᠨ ᠤ ᠴᠢᠨᠠᠷ  ᠢᠶᠠᠷ  ᠴᠢᠩᠭ᠎ᠠ  ᠺᠢᠨᠤ᠋ ᠲᠧᠯᠸᠢᠰ ᠵᠦᠴᠦᠭᠡ ᠪᠠ ᠰᠦᠯᠵᠢᠶᠡᠨ ᠤ ᠦᠵᠡᠵᠤ ᠰᠤᠨᠤᠰᠬᠤ ᠫᠷᠦᠭᠷᠠᠮ ᠳᠤ ᠪᠡᠯᠡ ᠤᠷᠤᠭᠤᠯᠵᠤ᠂ ᠲᠤᠭᠯᠠᠭᠴᠢ ᠶᠢᠨ  ᠬᠠᠷᠠᠮᠵᠢ ᠶᠢ ᠬᠡᠳᠤ ᠦᠰᠭᠡᠵᠤ ᠪᠤᠯᠬᠤ ᠦᠭᠡᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号