ᠬᠡᠰᠢᠭᠲᠡᠨ ᠬᠤᠰᠢᠭᠤ ᠨᠢ ᠭᠤᠤᠯᠳᠠᠯᠭ᠎ᠠ ᠲᠠᠢ ᠠᠰᠠᠷᠠᠨ ᠳᠡᠳᠬᠦᠭᠦᠯᠵᠦ ᠪᠠᠶᠢᠭ᠎ᠠ ᠬᠦᠮᠦᠰ ᠲᠤ ᠡᠮᠴᠢᠯᠡᠭᠡᠨ ᠎ ᠤ ᠳᠠᠷᠠᠭᠠᠬᠢ ᠨᠦᠬᠦᠪᠦᠷᠢ ᠮᠦᠩᠭᠦ ᠲᠠᠷᠬᠠᠭᠠᠪᠠ
ᠨᠡᠶᠢᠲᠡᠯᠡᠭᠰᠡᠨ ᠴᠠᠭ᠄
2018/7/10
           ᠭᠤᠤᠯᠳᠠᠯᠭ᠎ᠠ ᠲᠠᠢ ᠠᠰᠠᠷᠠᠨ ᠳᠡᠳᠬᠦᠬᠦᠯᠵᠦ ᠪᠠᠶᠢᠭ᠎ᠠ ᠬᠦᠮᠦᠰ ᠤᠨ ᠡᠮᠴᠢᠯᠡᠭᠡᠨ ᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠦᠷᠦᠯ ᠤᠨ ᠠᠮᠢᠲᠦᠷᠠᠯ ᠤᠨ ᠬᠦᠷᠳᠡᠮᠵᠢ ᠶᠢ ᠦᠨᠡᠩᠬᠦ ᠨᠠᠶᠢᠳᠠᠪᠤᠷᠢᠵᠢᠭᠤᠯᠬᠤ ᠶᠢᠨ ᠲᠦᠯᠦᠭᠡ᠂ ᠤᠶᠢᠷ᠎ᠠ ᠶᠢᠨ ᠡᠲᠦᠷ᠂ ᠬᠡᠰᠢᠭᠲᠡᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠨᠢ 63 ᠨᠡᠷ᠎ᠡ ᠭᠤᠤᠯᠳᠠᠯᠭ᠎ᠠ ᠲᠠᠢ ᠠᠰᠠᠷᠠᠠ ᠳᠡᠳᠬᠦᠭᠦᠯᠵᠦ ᠪᠠᠶᠢᠭ᠎ᠠ ᠬᠦᠮᠦᠰ ᠲᠤ 2018 ᠤᠨ ᠤ ᠳᠡᠭᠡᠷ᠎ᠡ ᠬᠠᠭᠠᠰ ᠵᠢᠯ ᠎ ᠤᠨ ᠡᠮᠴᠢᠯᠡᠭᠡᠨ ᠤ ᠳᠠᠷᠠᠭᠠᠬᠢ ᠨᠦᠬᠦᠪᠦᠷᠢ ᠮᠦᠩᠭᠦ 14.1 ᠲᠦᠮᠡᠨ ᠲᠦᠭᠦᠷᠢᠭ ᠢ ᠴᠠᠭ ᠲᠤᠬᠠᠢ ᠳᠤ ᠨᠢ ᠲᠠᠷᠬᠠᠭᠠᠵᠤ᠂ ᠠᠰᠠᠷᠠᠨ ᠳᠡᠳᠬᠦᠭᠦᠯᠵᠦ ᠪᠠᠶᠢᠭ᠎ᠠ ᠬᠦᠮᠦᠰ ᠤᠨ ᠡᠮᠴᠢᠯᠡᠭᠦᠯᠬᠦ ᠳᠤ ᠬᠦᠴᠢᠷ ᠠᠰᠠᠭᠤᠳᠠᠯ ᠢ ᠨᠡᠯᠢᠶᠡᠳ ᠶᠡᠭᠡ ᠬᠡᠮᠵᠢᠶ᠎ᠡ ᠪᠠᠷ ᠨᠠᠮᠳᠠᠭᠠᠭᠰᠠᠨ ᠪᠠᠶᠢᠨ᠎ᠠ᠃      ᠤᠶᠢᠯᠠᠭᠠᠭᠰᠠᠨ ᠢᠶᠠᠷ ᠬᠡᠰᠢᠭᠲᠡᠨ ᠬᠤᠰᠢᠭᠤ ᠨᠢ ᠠᠳᠠᠯᠢ ᠪᠤᠰᠦ ᠲᠦᠷᠦᠯ ᠬᠡᠯᠪᠡᠷᠢ ᠶᠢᠨ ᠠᠰᠠᠷᠠᠠ ᠳᠡᠳᠭᠦᠬᠦᠯᠵᠦ ᠪᠠᠶᠢᠭ᠎ᠠ ᠬᠦᠮᠦᠰ ᠲᠤ ᠠᠳᠠᠯᠢ ᠪᠤᠰᠦ ᠪᠠᠷᠢᠮᠵᠢᠶ᠎ᠠ ᠶᠢᠨ ᠠᠪᠤᠷᠠᠨ ᠳᠤᠰᠠᠯᠠᠯᠲᠠ ᠦᠵᠡᠭᠦᠯᠵᠦ᠂ ᠡᠭᠦᠨ ᠎ ᠳᠤ ᠠᠬᠠᠮᠠᠳ ᠴᠡᠷᠢᠭ ᠠᠴᠠ ᠬᠠᠯᠠᠭᠳᠠᠭᠰᠠᠳ᠂ ᠨᠢᠭᠡ ᠠᠴᠠ ᠵᠢᠷᠭᠤᠭᠠᠨ ᠳᠡᠰ ᠤᠨ ᠵᠡᠮᠳᠡᠭ ᠬᠦᠮᠦᠰ ᠤᠨ ᠳᠠᠩᠰᠠᠨ ᠎ ᠠᠴᠠ ᠳᠠᠶᠢᠯᠬᠤ ᠬᠠᠷᠢᠴᠠᠯ ᠢ 100%᠎ ᠳᠤ ᠬᠦᠷᠭᠡᠵᠦ᠂ ᠪᠤᠰᠤᠳ ᠬᠠᠷᠠᠭᠠᠯᠵᠠᠨ ᠳᠡᠳᠭᠦᠬᠦᠯᠵᠦ ᠪᠠᠶᠢᠭ᠎ᠠ ᠬᠦᠮᠦᠰ ᠎ ᠤᠨ ᠳᠠᠩᠰᠠᠨ ᠠᠴᠠ ᠲᠠᠶᠢᠯᠬᠤ ᠬᠠᠷᠢᠴᠠᠯ ᠨᠢ 80% ᠪᠤᠯᠤᠨ᠎ᠠ᠃  ᠲᠦᠷᠦᠭᠦᠬᠡᠨ᠂ ᠭᠤᠤᠯᠳᠠᠯᠭ᠎ᠠ ᠲᠠᠢ ᠠᠰᠠᠷᠠᠨ ᠳᠡᠳᠬᠦᠭᠦᠯᠵᠦ ᠪᠠᠶᠢᠭ᠎ᠠ ᠬᠦᠮᠦᠰ ᠤᠨ ᠡᠮᠨᠡᠯᠭᠡ ᠳᠤ ᠰᠠᠭᠤᠵᠦ ᠡᠮᠴᠢᠯᠡᠭᠦᠯᠦᠭᠰᠡᠨ ᠤ ᠲᠠᠷᠠᠭᠠᠬᠢ ᠨᠦᠬᠦᠪᠦᠷᠢ ᠮᠦᠩᠬᠦ ᠎ ᠶᠢ ᠪᠦᠬᠦᠨ ᠢ ︽ᠨᠢᠭᠡ ᠺᠠᠷᠲ ᠢᠶᠠᠷ ᠨᠡᠪᠲᠡᠷᠡᠬᠦ︾᠎ ᠪᠠᠷ ᠲᠠᠷᠬᠠᠭᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号