| ᠭᠤᠤᠯᠳᠠᠯᠭ᠎ᠠ ᠲᠠᠢ ᠠᠰᠠᠷᠠᠨ ᠳᠡᠳᠬᠦᠬᠦᠯᠵᠦ ᠪᠠᠶᠢᠭ᠎ᠠ ᠬᠦᠮᠦᠰ ᠤᠨ ᠡᠮᠴᠢᠯᠡᠭᠡᠨ ᠤ ᠠᠰᠠᠭᠤᠳᠠᠯ ᠢ | ᠰᠢᠢᠳᠪᠦᠷᠢᠯᠡᠵᠦ᠂ ᠡᠯ᠎ᠡ ᠲᠦᠷᠦᠯ ᠤᠨ ᠠᠮᠢᠲᠦᠷᠠᠯ ᠤᠨ ᠬᠦᠷᠳᠡᠮᠵᠢ ᠶᠢ ᠦᠨᠡᠩᠬᠦ ᠨᠠᠶᠢᠳᠠᠪᠤᠷᠢᠵᠢᠭᠤᠯᠬᠤ ᠶᠢᠨ | ᠲᠦᠯᠦᠭᠡ᠂ ᠤᠶᠢᠷ᠎ᠠ ᠶᠢᠨ ᠡᠲᠦᠷ᠂ ᠬᠡᠰᠢᠭᠲᠡᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠨᠢ 63 | ᠨᠡᠷ᠎ᠡ ᠭᠤᠤᠯᠳᠠᠯᠭ᠎ᠠ ᠲᠠᠢ ᠠᠰᠠᠷᠠᠠ ᠳᠡᠳᠬᠦᠭᠦᠯᠵᠦ ᠪᠠᠶᠢᠭ᠎ᠠ ᠬᠦᠮᠦᠰ ᠲᠤ 2018 ᠤᠨ ᠤ ᠳᠡᠭᠡᠷ᠎ᠡ ᠬᠠᠭᠠᠰ ᠵᠢᠯ | ᠤᠨ ᠡᠮᠴᠢᠯᠡᠭᠡᠨ ᠤ ᠳᠠᠷᠠᠭᠠᠬᠢ ᠨᠦᠬᠦᠪᠦᠷᠢ ᠮᠦᠩᠭᠦ 14.1 ᠲᠦᠮᠡᠨ ᠲᠦᠭᠦᠷᠢᠭ ᠢ ᠴᠠᠭ ᠲᠤᠬᠠᠢ ᠳᠤ ᠨᠢ | ᠲᠠᠷᠬᠠᠭᠠᠵᠤ᠂ ᠠᠰᠠᠷᠠᠨ ᠳᠡᠳᠬᠦᠭᠦᠯᠵᠦ ᠪᠠᠶᠢᠭ᠎ᠠ ᠬᠦᠮᠦᠰ ᠤᠨ ᠡᠮᠴᠢᠯᠡᠭᠦᠯᠬᠦ ᠳᠤ ᠬᠦᠴᠢᠷ ᠠᠰᠠᠭᠤᠳᠠᠯ ᠢ ᠨᠡᠯᠢᠶᠡᠳ | ᠶᠡᠭᠡ ᠬᠡᠮᠵᠢᠶ᠎ᠡ ᠪᠠᠷ ᠨᠠᠮᠳᠠᠭᠠᠭᠰᠠᠨ ᠪᠠᠶᠢᠨ᠎ᠠ᠃ | ᠤᠶᠢᠯᠠᠭᠠᠭᠰᠠᠨ ᠢᠶᠠᠷ ᠬᠡᠰᠢᠭᠲᠡᠨ ᠬᠤᠰᠢᠭᠤ ᠨᠢ ᠠᠳᠠᠯᠢ ᠪᠤᠰᠦ ᠲᠦᠷᠦᠯ ᠬᠡᠯᠪᠡᠷᠢ ᠶᠢᠨ ᠠᠰᠠᠷᠠᠠ | ᠳᠡᠳᠭᠦᠬᠦᠯᠵᠦ ᠪᠠᠶᠢᠭ᠎ᠠ ᠬᠦᠮᠦᠰ ᠲᠤ ᠠᠳᠠᠯᠢ ᠪᠤᠰᠦ ᠪᠠᠷᠢᠮᠵᠢᠶ᠎ᠠ ᠶᠢᠨ ᠠᠪᠤᠷᠠᠨ ᠳᠤᠰᠠᠯᠠᠯᠲᠠ ᠦᠵᠡᠭᠦᠯᠵᠦ᠂ ᠡᠭᠦᠨ | ᠳᠤ ᠠᠬᠠᠮᠠᠳ ᠴᠡᠷᠢᠭ ᠠᠴᠠ ᠬᠠᠯᠠᠭᠳᠠᠭᠰᠠᠳ᠂ ᠨᠢᠭᠡ ᠠᠴᠠ ᠵᠢᠷᠭᠤᠭᠠᠨ ᠳᠡᠰ ᠤᠨ ᠵᠡᠮᠳᠡᠭ ᠬᠦᠮᠦᠰ ᠤᠨ ᠳᠠᠩᠰᠠᠨ | ᠠᠴᠠ ᠳᠠᠶᠢᠯᠬᠤ ᠬᠠᠷᠢᠴᠠᠯ ᠢ 100% ᠳᠤ ᠬᠦᠷᠭᠡᠵᠦ᠂ ᠪᠤᠰᠤᠳ ᠬᠠᠷᠠᠭᠠᠯᠵᠠᠨ ᠳᠡᠳᠭᠦᠬᠦᠯᠵᠦ ᠪᠠᠶᠢᠭ᠎ᠠ ᠬᠦᠮᠦᠰ | ᠤᠨ ᠳᠠᠩᠰᠠᠨ ᠠᠴᠠ ᠲᠠᠶᠢᠯᠬᠤ ᠬᠠᠷᠢᠴᠠᠯ ᠨᠢ 80% ᠪᠤᠯᠤᠨ᠎ᠠ᠃ ᠲᠦᠷᠦᠭᠦᠬᠡᠨ᠂ ᠭᠤᠤᠯᠳᠠᠯᠭ᠎ᠠ ᠲᠠᠢ ᠠᠰᠠᠷᠠᠨ | ᠳᠡᠳᠬᠦᠭᠦᠯᠵᠦ ᠪᠠᠶᠢᠭ᠎ᠠ ᠬᠦᠮᠦᠰ ᠤᠨ ᠡᠮᠨᠡᠯᠭᠡ ᠳᠤ ᠰᠠᠭᠤᠵᠦ ᠡᠮᠴᠢᠯᠡᠭᠦᠯᠦᠭᠰᠡᠨ ᠤ ᠲᠠᠷᠠᠭᠠᠬᠢ ᠨᠦᠬᠦᠪᠦᠷᠢ ᠮᠦᠩᠬᠦ | ᠶᠢ ᠪᠦᠬᠦᠨ ᠢ ︽ᠨᠢᠭᠡ ᠺᠠᠷᠲ ᠢᠶᠠᠷ ᠨᠡᠪᠲᠡᠷᠡᠬᠦ︾ ᠪᠠᠷ ᠲᠠᠷᠬᠠᠭᠠᠭᠰᠠᠨ ᠪᠠᠶᠢᠨ᠎ᠠ᠃ | | | | |